ᠣᠶᠢᠷ᠎ᠠ ᠳᠤ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠬᠤᠪᠢ ᠬᠤᠷᠠᠮᠳᠤᠭᠤᠯᠬᠤ ᠳᠦᠷᠢᠮ︾ ᠤᠨ ᠲᠠᠪᠴᠠᠩ ᠵᠢᠩᠬᠢᠨᠢ ᠪᠠᠷ | ᠠᠰᠢᠭᠯᠠᠯᠲᠠ ᠳᠤ ᠣᠷᠣᠵᠤ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠣᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠤᠪᠢ ᠬᠤᠷᠠᠮᠳᠤᠭᠤᠯᠬᠤ ᠳᠦᠷᠢᠮ ᠤᠨ | ᠠᠵᠢᠯ ᠥᠷᠨᠢᠭᠦᠯᠦᠭᠰᠡᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠣᠯᠣᠨ᠎ᠠ᠂ ᠲᠣᠰ ᠲᠠᠪᠴᠠᠩ ᠪᠣᠯ ᠥᠪᠡᠷᠲᠡᠭᠡᠨ | ᠵᠠᠰᠠᠬᠤ ᠣᠷᠣᠨ ᠤ ᠠᠩᠬᠠᠳᠠᠭᠴᠢ ︽ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠪᠢ ᠬᠤᠷᠠᠮᠳᠤᠭᠤᠯᠬᠤ ᠳᠦᠷᠢᠮ | ︾ ᠤᠨ ᠲᠠᠪᠴᠠᠩ ᠪᠣᠯᠣᠨ᠎ᠠ᠃ | ᠣᠳᠣᠬᠠᠨ ᠳᠤ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠬᠤᠪᠢ ᠬᠤᠷᠠᠮᠳᠤᠭᠤᠯᠬᠤ ᠮᠡᠳᠡᠭᠡ ᠵᠠᠩᠭᠢ ᠶᠢᠨ ᠲᠠᠪᠴᠠᠩ ᠢ ᠨᠢᠭᠡᠨᠲᠡ ᠪᠦᠬᠦᠨ ᠢ | ᠪᠠᠶᠢᠭᠤᠯᠵᠤ ᠳᠠᠭᠤᠰᠬᠠᠭᠠᠳ᠂ ᠲᠦᠷᠦᠭᠦᠸ ᠪᠦᠯᠦᠭ ᠤᠨ 493 ᠠᠵᠤ ᠠᠬᠤᠶᠢᠯᠠᠯ ᠢ ᠨᠢᠭᠡᠨᠲᠡ ᠬᠥᠮᠥᠷᠭᠡ ᠳᠤ | ᠣᠷᠣᠭᠤᠯᠤᠭᠰᠠᠨ ᠪᠥᠭᠡᠳ ᠡᠴᠦᠰ ᠤᠨ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠪᠥᠭᠡᠳ ᠪᠤᠭᠤᠲᠤ | ᠬᠤᠲᠠ ᠶᠢᠨ ᠶᠢᠩᠰᠧ ᠣᠨᠴᠠ ᠬᠤᠪᠣᠷ ᠰᠣᠷᠢᠨᠵᠢᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠵᠡᠷᠭᠡ 6 ᠠᠵᠤ ᠠᠬᠤᠶᠢᠯᠠᠯ ᠳᠤ 4800 ᠲᠦᠮᠡᠨ ᠲᠥᠭᠦᠷᠢᠭ ᠤᠨ ᠤᠷᠢᠳᠴᠢᠯᠠᠨ ᠣᠯᠭᠤᠬᠤ | ᠢᠲᠡᠭᠡᠮᠵᠢ ᠶᠢᠨ ᠲᠤᠭ᠎ᠠ ᠬᠡᠮᠵᠢᠶ᠎ᠡ ᠶᠢ ᠬᠠᠩᠭᠠᠭᠰᠠᠨ ᠪᠠᠶᠢᠨ᠎ᠠ᠃ | ᠬᠡᠷᠬᠢᠨ ᠣᠷᠣᠨ ᠪᠦᠰᠡ ᠶᠢᠨ ᠳᠡᠭᠡᠭᠰᠢᠯᠡᠯᠲᠡ ᠶᠢᠨ ᠬᠥᠭᠵᠢᠯᠲᠡ ᠶᠢᠨ ︽ᠮᠥᠩᠭᠦᠨ ᠭᠦᠢᠯᠭᠡᠭᠡᠨ ᠤ ᠠᠮᠢᠨ | ᠰᠤᠳᠠᠰᠤ︾ ᠶᠢ ᠨᠠᠪᠲᠠᠷᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ ︽ᠠᠯᠳᠠ︾ ᠶᠢᠨ ᠠᠭᠤᠯᠤᠭᠳᠠᠴᠠ ᠶᠢ ᠨᠡᠩ | ᠭᠦᠢᠴᠡᠳ ᠪᠣᠯᠭᠠᠬᠤ ᠪᠤᠢ︖ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠠᠯᠢ ᠤᠯᠠᠨ | ᠠᠷᠭ᠎ᠠ ᠬᠡᠮᠵᠢᠶ᠎ᠡ ᠪᠠᠷ ᠳᠠᠮᠵᠢᠭᠤᠯᠵᠤ᠂ ︽ᠬᠤᠪᠣᠷ ᠰᠢᠷᠣᠢ ᠶᠢᠨ ᠬᠤᠶᠠᠷ ᠰᠠᠭᠤᠷᠢᠨ︾ ᠢ ᠢᠳᠡᠪᠬᠢᠲᠡᠢ ᠪᠠᠶᠢᠭᠤᠯᠵᠤ᠂ | ᠮᠥᠩᠭᠦᠨ ᠭᠦᠢᠯᠭᠡᠭᠡᠨ ᠤ ᠬᠥᠳᠡᠯᠭᠡᠬᠦ ᠬᠦᠴᠦᠨ ᠢ ᠤᠨᠢᠨ ᠳᠡᠭᠡᠷ᠎ᠡ ᠨᠢ ᠣᠯᠭᠤᠨ ᠳᠥᠷᠪᠡᠳᠦᠭᠡᠷ ᠤᠯᠠᠷᠢᠯ ᠳᠤ | ᠰᠢᠪᠲᠤᠯᠤᠯᠲᠠ ᠬᠢᠵᠦ᠂ ︽ᠡᠴᠦᠰ ᠤᠨ ᠳᠠᠶᠢᠯᠠᠯᠳᠤᠭᠠᠨ︾ ᠤ ᠢᠯᠠᠯᠲᠠ ᠶᠢ ᠣᠯᠬᠤ ᠪᠠᠷ ᠴᠢᠷᠮᠠᠶᠢᠪᠠ᠃ | ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠣᠨᠴᠠᠯᠢᠭ ᠤᠨ ᠠᠳᠠᠯᠢ | ᠪᠤᠰᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠦᠢᠯᠡᠳᠬᠦᠨ ᠨᠢ ᠲᠣᠰ ᠲᠣᠰ ᠤᠨ | ᠣᠨᠴᠠᠯᠢᠭ ᠲᠠᠢ ᠪᠠᠶᠢᠬᠤ ᠳᠤ ᠴᠢᠭᠯᠡᠭᠦᠯᠦᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠠᠵᠤ | ᠠᠬᠤᠶᠢᠯᠠᠯ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠣᠳᠠᠲᠠᠢ ᠪᠠᠶᠢᠳᠠᠯ ᠢ ᠦᠨᠳᠦᠰᠦᠯᠡᠨ᠂ ᠬᠤᠶᠠᠷ | ᠲᠠᠯ᠎ᠠ ᠶᠢᠨ ᠡᠬᠢ ᠪᠠᠶᠠᠯᠢᠭ ᠤᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠢ ᠪᠠᠷ ᠲᠣᠬᠢᠷᠠᠭᠤᠯᠵᠤ᠂ ᠲᠤᠰᠬᠠᠢ | ᠬᠠᠷᠢᠶᠠᠯᠠᠭᠳᠠᠬᠤ ᠪᠡᠯᠡ ᠲᠣᠬᠢᠷᠠᠭᠤᠯᠭ᠎ᠠ ᠶᠢᠨ ᠲᠥᠰᠥᠯ ᠢ ᠲᠣᠭᠲᠠᠭᠠᠵᠤ᠂ ᠦᠢᠯᠡᠴᠢᠯᠡᠭᠡᠨ ᠤ ︽ᠲᠣᠬᠢᠷᠠᠯᠴᠠᠬᠤ ᠴᠢᠨᠠᠷ | ︾ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢᠨ ᠴᠡᠪᠡᠷ ᠠᠰᠢᠭ ᠢ ᠭᠦᠢᠴᠡᠳ | ᠪᠠᠳᠠᠷᠠᠭᠤᠯᠤᠨ᠎ᠠ᠃ | ︽ᠪᠢᠳᠡ ︿ᠬᠤᠪᠢ ᠬᠤᠷᠠᠮᠳᠤᠭᠤᠯᠵᠤ ᠵᠢᠭᠡᠯᠡᠯᠭᠡ ᠲᠠᠯᠪᠢᠬᠤ﹀ ᠬᠡᠯᠪᠡᠷᠢ ᠪᠠᠷ ᠪᠠᠷᠢᠴᠠᠭᠠᠯᠠᠬᠤ ᠬᠡᠷᠡᠭ ᠦᠭᠡᠢ᠂ | ᠭᠤᠷᠪᠠᠭ᠋ᠠᠨ ᠡᠳᠦᠷ ᠤᠨ ᠳᠣᠲᠣᠷ᠎ᠠ 300 ᠲᠦᠮᠡᠨ ᠲᠥᠭᠦᠷᠢᠭ ᠤᠨ ᠵᠢᠭᠡᠯᠡᠯᠭᠡ ᠣᠯᠵᠤ᠂ ᠵᠠᠩᠭᠢᠯᠠᠭ᠎ᠠ ᠶᠢᠨ | ᠦᠶ᠎ᠡ ᠳᠤ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠬᠦᠴᠢᠷ ᠠᠰᠠᠭᠤᠳᠠᠯ ᠢ ᠰᠢᠢᠳᠪᠦᠷᠢᠯᠡᠨ᠎ᠡ ᠭᠡᠵᠦ ᠪᠣᠳᠣᠵᠤ | ᠣᠯᠣᠭᠰᠠᠨ ᠦᠭᠡᠢ︾᠃ ᠣᠶᠢᠷ᠎ᠠ ᠳᠤ᠂ ᠥᠪᠥᠷ ᠮᠣᠩᠭᠤᠯ ᠤᠨ ᠪᠧᠢ ᠺᠧ ᠵᠠᠮ ᠬᠠᠷᠢᠯᠴᠠᠭᠠᠨ ᠤ ᠶᠡᠭᠡ | ᠰᠤᠷᠭᠠᠭᠤᠯᠢ ᠶᠢᠨ ᠮᠠᠰᠢᠨ ᠬᠥᠮᠥᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠢᠨᠵᠧᠨᠧᠷ ᠢᠦᠢ ᠵᠢᠶᠦ᠋ᠨ | ᠢᠯᠡᠷᠬᠡᠶᠢᠯᠡᠬᠦ ᠳᠡᠭᠡᠨ᠂ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠪᠤᠭᠤᠲᠤ ᠶᠢᠨ | ᠬᠤᠪᠢᠶᠠᠷᠢ ᠪᠠᠩᠬᠢ ᠶᠢᠨ ᠰᠢᠨ᠎ᠡ ᠶᠢ ᠡᠭᠦᠳᠦᠨ ᠭᠠᠷᠭᠠᠭᠰᠠᠨ ︽ᠬᠤᠪᠢ ᠬᠤᠷᠠᠮᠳᠤᠭᠤᠯᠬᠤ ᠵᠢᠭᠡᠯᠡᠯᠭᠡ︾ ᠨᠢ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠳᠤ ᠨᠠᠩ ᠳᠥᠭᠦᠮ ᠳᠥᠲᠡ ᠪᠡᠯᠡ | ᠲᠣᠬᠢᠷᠠᠭᠤᠯᠭ᠎ᠠ ᠶᠢᠨ ᠠᠷᠭ᠎ᠠ ᠵᠠᠮ ᠬᠠᠩᠭᠠᠭᠰᠠᠨ ᠪᠠᠶᠢᠨ᠎ᠠ ᠭᠡᠵᠡᠢ᠃ | 9 ᠰᠠᠷ᠎ᠠ ᠶᠢᠨ ᠡᠬᠢ ᠪᠠᠷ᠂ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ | ᠪᠤᠭᠤᠲᠤ ᠶᠢᠨ ᠬᠤᠪᠢᠶᠠᠷᠢ ᠪᠠᠩᠬᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠰᠢᠨ᠎ᠡ ᠶᠢ ᠡᠭᠦᠳᠦᠭᠰᠡᠨ ᠬᠤᠪᠢ | ᠬᠤᠷᠠᠮᠳᠤᠭᠤᠯᠬᠤ ᠵᠢᠭᠡᠯᠡᠯᠭᠡ ᠶᠢᠨ ᠦᠢᠯᠡᠳᠬᠦᠨ ᠢ ᠰᠢᠨ᠎ᠡ ᠪᠠᠷ ᠡᠭᠦᠳᠴᠡᠢ᠃ ᠲᠣᠰ ᠦᠢᠯᠡᠳᠬᠦᠨ ᠢ | ᠭᠠᠷᠭᠠᠭᠰᠠᠨ ᠠᠴᠠ ᠨᠠᠰᠢ᠂ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠪᠤᠭᠤᠲᠤ ᠶᠢᠨ | ᠬᠤᠪᠢᠶᠠᠷᠢ ᠪᠠᠩᠬᠢ ᠨᠢᠭᠡᠨᠲᠡ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 400 ᠭᠠᠷᠤᠢ ᠠᠵᠤ | ᠠᠬᠤᠶᠢᠯᠠᠯ ᠳᠤ 20 ᠳ᠋ᠦᠩᠰᠢᠭᠤᠷ ᠲᠥᠭᠦᠷᠢᠭ ᠤᠨ ᠤᠷᠢᠳᠴᠢᠯᠠᠨ ᠣᠯᠭᠤᠬᠤ ᠢᠲᠡᠭᠡᠮᠵᠢ ᠬᠠᠩᠭᠠᠭᠰᠠᠨ ᠪᠠᠶᠢᠨ᠎ᠠ᠃ | ᠣᠳᠣᠬᠠᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠷᠠᠳ ᠠᠴᠠ ᠡᠵᠡᠩᠨᠡᠭᠰᠡᠨ | ᠬᠡᠳᠦᠨ ᠠᠷᠪᠠᠨ ᠠᠵᠤ ᠠᠬᠤᠶᠢᠯᠠᠯ ᠢᠳᠡᠪᠬᠢᠲᠡᠢ ᠴᠤᠤᠷᠢᠶᠠᠲᠤᠨ᠂ ᠨᠢᠭᠡᠨᠲᠡ 10 ᠠᠵᠤ ᠠᠬᠤᠶᠢᠯᠠᠯ ᠰᠢᠰᠲ᠋ᠧᠮ ᠤᠨ | ᠣᠷᠣᠭᠤᠯᠤᠯᠲᠠ ᠶᠢ ᠪᠡᠶᠡᠯᠡᠭᠦᠯᠵᠦ᠂ 3000 ᠲᠦᠮᠡᠨ ᠲᠥᠭᠦᠷᠢᠭ ᠤᠨ ᠵᠢᠭᠡᠯᠡᠯᠭᠡ ᠶᠢ ᠭᠠᠷᠭᠠᠨ ᠠᠪᠴᠠᠢ᠃ | ᠬᠡᠷᠬᠢᠨ ᠣᠷᠣᠨ ᠪᠦᠰᠡ ᠳᠤ ᠬᠠᠮᠤᠭ ᠤᠨ ᠪᠦᠷᠢᠨ ᠲᠡᠭᠦᠯᠳᠡᠷ ︽ᠵᠠᠬ᠎ᠠ ᠳᠡᠯᠭᠡᠭᠦᠷ ᠲᠤ ᠭᠠᠷᠬᠤ ᠥᠯᠥᠭᠡᠢ︾ | ᠶᠢ ᠪᠣᠶ ᠪᠣᠯᠭᠠᠬᠤ ᠪᠣᠶ︖ ᠬᠡᠷᠬᠢᠨ ᠡᠯᠪᠡᠭ ᠳᠡᠯᠪᠡᠭ ᠪᠥᠭᠡᠳ ᠴᠢᠨᠠᠷ ᠰᠠᠶᠢᠲᠠᠢ ︽ᠮᠥᠩᠭᠦᠨ ᠭᠦᠢᠯᠭᠡᠭᠡᠨ ᠤ | ᠠᠮᠢᠳᠤ ᠤᠰᠤ︾ ᠶᠢ ᠠᠵᠤ ᠠᠬᠤᠶᠢᠯᠠᠯ ᠳᠤ ᠣᠷᠣᠭᠤᠯᠤᠨ ᠠᠪᠴᠢᠷᠠᠵᠤ᠂ ︽ᠵᠠᠬ᠎ᠠ ᠳᠡᠯᠭᠡᠭᠦᠷ ᠲᠤ ᠭᠠᠷᠤᠭᠰᠠᠨ | ᠵᠤᠯᠵᠠᠭ᠎ᠠ ᠮᠣᠳᠣᠨ ᠤ ᠬᠦᠷᠢᠶᠡᠯᠡᠩ︾ ᠢ ᠤᠰᠤᠯᠠᠬᠤ ᠪᠣᠶ︖ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠬᠢᠨ ᠮᠥᠩᠭᠦᠨ ᠭᠦᠢᠯᠭᠡᠭᠡᠨ ᠤ ᠴᠢᠳᠠᠪᠬᠢ ᠣᠯᠭᠤᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ | ᠭᠠᠵᠠᠷ ᠣᠷᠣᠨ ᠤ ᠠᠵᠤ ᠠᠬᠤᠢ ᠶᠢ ᠬᠥᠭᠵᠢᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠵᠠᠯᠭᠠᠭ᠎ᠠ ᠪᠠᠷ | ᠳᠤᠷᠠᠳᠤᠭᠰᠠᠨ ᠪᠠᠶᠢᠨ᠎ᠠ᠃ ᠣᠶᠢᠷ᠎ᠠ ᠶᠢᠨ ᠵᠢᠯ ᠠᠴᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ | ︽ᠮᠥᠩᠭᠦᠨ ᠭᠦᠢᠯᠭᠡᠭᠡᠨ ᠤ ᠡᠨᠧᠷᠭᠢ ᠶᠢ ᠲᠥᠪᠯᠡᠷᠡᠭᠦᠯᠬᠦ + ᠮᠥᠩᠭᠦᠨ ᠭᠦᠢᠯᠭᠡᠭᠡᠨ ᠤ ᠡᠨᠧᠷᠭᠢ ᠶᠢ ᠣᠯᠭᠤᠬᠤ︾ | ᠬᠤᠣᠰ ᠭᠤᠣᠯ ᠱᠤᠭᠤᠮ ᠤᠨ ᠲᠣᠭᠤᠷᠢᠨ ᠳᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠭᠤᠷᠪᠠᠨ | ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠵᠦ᠂ ︽ᠨᠢᠭᠡ ᠢᠵᠢ ᠲᠣᠭᠲᠠᠴᠠ᠂ ᠪᠦᠬᠦᠨ ᠢ | ᠬᠠᠮᠤᠷᠤᠭᠰᠠᠨ ᠲᠦᠷᠦ ᠶᠢᠨ ᠪᠣᠳᠣᠯᠭ᠎ᠠ᠂ ᠨᠢᠭᠡ ᠠᠵᠤ ᠠᠬᠤᠶᠢᠯᠠᠯ ᠳᠤ ᠨᠢᠭᠡ ᠲᠦᠷᠦ ᠶᠢᠨ ᠪᠣᠳᠣᠯᠭ᠎ᠠ ᠠᠰᠠᠷᠠᠭᠴᠢ | ᠮᠠᠶ᠋ᠢᠭ ᠤᠨ ᠦᠢᠯᠡᠴᠢᠯᠡᠭᠡ︾ ᠶᠢᠨ ︽ᠭᠤᠷᠪᠠᠨ ᠨᠢᠭᠡ︾ ᠶᠢᠨ ᠠᠵᠢᠯ ᠤᠨ ᠠᠷᠭ᠎ᠠ ᠶᠢ ᠰᠦᠪᠡᠭᠴᠢᠯᠡᠨ | ᠪᠦᠷᠢᠯᠳᠦᠭᠦᠯᠵᠦ᠂ ᠠᠵᠤ ᠠᠬᠤᠶᠢᠯᠠᠯ ᠤᠨ ᠬᠥᠷᠥᠩᠭᠡ ᠶᠢᠨ ᠵᠠᠬ᠎ᠠ ᠳᠡᠯᠭᠡᠭᠦᠷ ᠲᠠᠢ ᠵᠣᠯᠭᠠᠭᠤᠯᠬᠤ᠂ ᠤᠨᠢᠨ ᠳᠡᠭᠡᠷ᠎ᠡ | ᠨᠢ ᠰᠢᠯᠢᠨ ᠰᠣᠩᠭᠤᠬᠤ ᠤᠨᠢᠨ ᠳᠡᠭᠡᠷ᠎ᠡ ᠨᠢ ᠪᠣᠶᠢᠵᠢᠭᠤᠯᠬᠤ᠂ ᠤᠨᠢᠨ ᠳᠡᠭᠡᠷ᠎ᠡ ᠨᠢ ᠦᠢᠯᠡᠴᠢᠯᠡᠬᠦ᠂ ᠤᠨᠢᠨ ᠳᠡᠭᠡᠷ᠎ᠡ | ᠨᠢ ᠠᠶᠠᠯᠠᠯ ᠬᠠᠮᠠᠭᠠᠯᠠᠬᠤ ᠶᠢ ᠲᠠᠰᠤᠷᠠᠯᠲᠠ ᠦᠭᠡᠢ ᠠᠬᠢᠭᠤᠯᠪᠠ᠃ ᠱᠧᠨᠵᠧᠨ ᠤ ᠦᠨᠡᠲᠦ ᠲᠡᠮᠳᠡᠭᠲᠦ ᠶᠢᠨ | ᠠᠷᠠᠯᠵᠢᠶᠠᠨ ᠤ ᠭᠠᠵᠠᠷ ᠤᠨ 8 ᠰᠠᠷ᠎ᠠ ᠶᠢᠨ 17 ᠤ ᠡᠳᠦᠷ ᠨᠡᠶᠢᠲᠡᠯᠡᠭᠰᠡᠨ ᠢᠶᠠᠷ᠂ ᠪᠤᠭᠤᠲᠤ ᠬᠤᠲᠠ ᠶᠢᠨ | ᠶᠢᠩᠰᠧ ᠶᠢᠨ ᠣᠨᠴᠠ ᠬᠤᠪᠣᠷ ᠰᠣᠷᠢᠨᠵᠢᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ | ᠵᠠᠬ᠎ᠠ ᠳᠡᠯᠭᠡᠭᠦᠷ ᠲᠤ ᠭᠠᠷᠴᠤ ᠪᠠᠲᠤᠯᠠᠭᠳᠠᠪᠠ᠃ | ᠳᠥᠷᠪᠡᠳᠦᠭᠡᠷ ᠤᠯᠠᠷᠢᠯ ᠳᠤ ᠰᠢᠪᠲᠤᠯᠤᠯᠲᠠ ᠬᠢᠵᠦ᠂ ︽ᠰᠡᠭᠦᠯ ᠬᠤᠷᠢᠶᠠᠬᠤ ᠪᠠᠶᠢᠯᠳᠤᠭᠠᠨ︾ ᠤ ᠢᠯᠠᠯᠲᠠ ᠶᠢ | ᠣᠯᠣᠨ᠎ᠠ᠃ ᠮᠥᠩᠭᠦᠨ ᠭᠦᠢᠯᠭᠡᠭᠡᠨ ᠤ ᠬᠦᠴᠦᠨ ᠢᠶᠠᠷ ᠣᠷᠣᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠦᠵᠡᠮᠵᠢ ᠶᠢ ᠵᠢᠷᠤᠭᠯᠠᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠳᠠᠨᠵᠢᠯᠠᠵᠤ ᠪᠡᠯᠡ ᠮᠥᠩᠭᠦ ᠴᠤᠭᠯᠠᠭᠤᠯᠬᠤ ᠠᠵᠢᠯ ᠢ | ᠦᠷᠭᠦᠯᠵᠢᠯᠡᠨ ᠭᠦᠨᠵᠡᠭᠡᠢ ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ᠂ | ᠬᠡᠷᠡᠭᠯᠡᠯᠲᠡ᠂ ᠬᠠᠮᠠᠭᠠᠯᠠᠯᠲᠠ᠂ ᠬᠠᠮᠢᠶᠠᠷᠤᠯᠲᠠ ᠪᠣᠯᠣᠨ ᠦᠢᠯᠡᠴᠢᠯᠡᠭᠡᠨ ᠤ ᠪᠦᠬᠦ ᠬᠡᠯᠬᠢᠶ᠎ᠡ ᠶᠢ ᠨᠡᠪᠲᠡᠷᠡᠭᠦᠯᠪᠡ᠃ ᠫᠦ᠋ | ᠹᠠ ᠪᠠᠩᠬᠢ᠂ ᠳᠤᠮᠳᠠᠳᠤ ᠤᠯᠤᠰ ᠤᠨ ᠪᠠᠩᠬᠢ᠂ ᠮᠣᠩᠭᠤᠯ ᠬᠤᠳᠠᠯᠳᠤᠭᠠᠨ ᠤ ᠪᠠᠩᠬᠢ ᠵᠡᠷᠭᠡ 4 ᠮᠥᠩᠭᠦᠨ | ᠭᠦᠢᠯᠭᠡᠭᠡᠨ ᠤ ᠪᠠᠶᠢᠭᠤᠯᠤᠮᠵᠢ ᠲᠠᠢ ᠵᠣᠯᠭᠠᠭᠤᠯᠵᠤ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠶᠢᠯᠠᠯ ᠳᠤ | 2000 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠬᠤᠷᠠᠮᠳᠤᠭᠤᠯᠵᠠᠢ᠃ | |