ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 2024 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠲᠣᠬᠢᠷᠠᠭᠤᠯᠤᠯᠲᠠ ᠵᠢᠴᠢ ᠠᠩᠬᠠᠷᠬᠤ ᠵᠦᠢᠯᠡᠰ
ᠨᠡᠶᠢᠲᠡᠯᠡᠭᠰᠡᠨ ᠴᠠᠭ᠄
2023/11/2
   ᠥᠪᠡᠷᠲᠡᠭᠡᠨ ᠵᠠᠰᠠᠬᠤ ᠣᠷᠣᠨ ᠤ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠡᠷ᠎ᠡ ᠮᠡᠳᠡᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠠᠯᠪᠠᠨ ᠭᠡᠷ ﹇2023﹈ 24 ᠳ᠋ᠣᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 2024 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ ᠢ ᠳᠣᠣᠷᠠᠬᠢ ᠮᠡᠲᠦ ᠲᠣᠬᠢᠷᠠᠭᠤᠯᠪᠠ᠄   ᠨᠢᠭᠡ᠂ ᠨᠡᠷ᠎ᠡ ᠮᠡᠳᠡᠭᠦᠯᠬᠦ ᠡᠲᠡᠭᠡᠳ    ᠮᠠᠨ ᠤ ᠣᠷᠣᠨ ᠤ 2024 ᠣᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠳᠤ ᠣᠷᠣᠯᠴᠠᠭᠰᠠᠨ ᠪᠠ ᠡᠯᠰᠡᠭᠳᠡᠭᠰᠡᠨ ᠰᠢᠯᠭᠠᠭᠤᠯᠤᠭᠴᠢ ᠪᠦᠬᠦᠨ᠂ ᠡᠭᠦᠨ ᠳᠤ ᠨᠠᠮᠤᠷ ᠤᠨ ᠨᠢᠭᠡᠳᠦᠯᠲᠡᠢ ᠰᠢᠯᠭᠠᠯᠲᠠ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢᠨ ᠰᠢᠯᠭᠠᠯᠲᠠ᠂ ᠪᠡᠶ᠎ᠡ ᠶᠢᠨ ᠲᠠᠮᠢᠷ ᠤᠨ ᠪᠣᠯᠪᠠᠰᠤᠷᠠᠯ᠂ ᠵᠡᠪᠰᠡᠭ ᠤᠨ ᠡᠷᠳᠡᠮ ᠬᠢᠭᠡᠳ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠢ ᠮᠡᠷᠭᠡᠵᠢᠯ ᠤᠨ ᠰᠣᠷᠣᠭᠴᠢ ᠡᠯᠰᠡᠬᠦ ᠰᠢᠯᠭᠠᠯᠲᠠ᠂ ᠵᠡᠮᠳᠡᠭ ᠰᠣᠷᠣᠭᠴᠢ ᠶᠢᠨ ᠲᠤᠰᠠᠭᠠᠷ ᠰᠢᠯᠭᠠᠯᠲᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠠᠩᠭᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠤᠰᠬᠠᠢ ᠰᠣᠷᠣᠭᠴᠢ ᠡᠯᠰᠡᠬᠦ᠂ ᠭᠤᠷᠪᠠ ᠬᠤᠶᠠᠷ ᠬᠤᠪᠢᠶᠠᠷᠢ ᠠᠩᠭᠢ᠂ ᠪᠠᠭᠠᠴᠤᠳ ᠤᠨ ᠠᠩᠭᠢ᠂ ᠭᠠᠯ ᠤᠨᠲᠠᠷᠠᠭᠠᠬᠤ ᠲᠤᠰᠠᠭᠠᠷ ᠰᠢᠯᠭᠠᠯᠲᠠ᠂ ᠣᠨᠴᠠᠭᠠᠶ ᠣᠷᠣᠶᠢᠯᠠᠭᠰᠠᠨ ᠴᠢᠳᠠᠪᠤᠷᠢᠲᠠᠨ ᠢ ᠰᠢᠯᠢᠨ ᠰᠣᠩᠭᠤᠬᠤ ᠲᠤᠷᠰᠢᠯᠲᠠ ᠶᠢᠨ ᠴᠡᠭ ︵ᠭᠠᠷᠮᠠᠭᠠᠢ ᠴᠢᠳᠠᠪᠤᠷᠢᠲᠠᠨ ᠤ ᠠᠩᠭᠢ ︶ ᠵᠡᠷᠭᠡ ᠰᠢᠯᠭᠠᠯᠲᠠ ᠶᠢᠨ ᠲᠥᠷᠥᠯ ᠬᠡᠯᠪᠡᠷᠢ ᠪᠠ ᠰᠠᠭᠤᠷᠢ ᠶᠢ ᠴᠢᠩᠭᠠᠳᠬᠠᠬᠤ ᠲᠥᠯᠥᠪᠯᠡᠭᠡ᠂ ᠥᠨᠳᠥᠷ ᠬᠢᠷᠢ ᠲᠦᠪᠰᠢᠨ ᠪᠦᠬᠦᠢ ᠪᠡᠶ᠎ᠡ ᠶᠢᠨ ᠲᠠᠮᠢᠷ ᠤᠨ ᠠᠩᠭᠢ᠂ ᠪᠠᠲᠤᠯᠠᠨ ᠬᠦᠷᠭᠡᠬᠦ ᠰᠣᠷᠣᠭᠴᠢ᠂ ᠪᠤᠰᠤᠳ ᠲᠤᠰᠠᠭᠠᠷ ᠰᠣᠷᠣᠭᠴᠢ ᠡᠯᠰᠡᠬᠦ ᠵᠡᠷᠭᠡ ᠲᠥᠷᠥᠯ ᠬᠡᠯᠪᠡᠷᠢ ᠶᠢ ᠪᠠᠭᠳᠠᠭᠠᠨ᠎ᠠ᠃ ᠴᠥᠮ ᠲᠣᠭᠲᠠᠭᠠᠯ ᠶᠣᠰᠣᠭᠠᠷ ᠨᠡᠷ᠎ᠡ ᠮᠡᠳᠡᠭᠦᠯᠬᠦ ᠭᠠᠷ ᠭᠦᠢᠴᠡᠳᠬᠡᠯ ᠢ ᠭᠦᠢᠴᠡᠳᠬᠡᠬᠦ ᠬᠡᠷᠡᠭᠲᠡᠢ᠃    ᠬᠤᠶᠠᠷ᠂ ᠨᠡᠷ᠎ᠡ ᠮᠡᠳᠡᠭᠦᠯᠬᠦ ᠨᠥᠬᠦᠴᠡᠯ     ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠳᠡᠭᠡᠳᠦ ᠵᠡᠷᠭᠡ ᠶᠢᠨ ᠳᠤᠮᠳᠠᠳᠤ ᠵᠡᠷᠭᠡ ᠶᠢᠨ ᠰᠤᠷᠭᠠᠨ ᠬᠥᠮᠦᠵᠢᠯ ᠤᠨ ᠰᠤᠷᠭᠠᠭᠤᠯᠢ ᠠᠴᠠ ᠲᠡᠭᠦᠰᠦᠭᠰᠡᠨ ᠪᠤᠶᠤ ᠠᠳᠠᠯᠢ ᠲᠡᠰ ᠤᠨ ᠰᠤᠷᠤᠯᠭ᠎ᠠ ᠶᠢᠨ ᠴᠢᠳᠠᠪᠤᠷᠢ ᠲᠠᠢ᠂ ᠪᠡᠶ᠎ᠡ ᠶᠢᠨ ᠪᠠᠶᠢᠳᠠᠯ ᠨᠢ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠬᠥᠮᠥᠰ ᠨᠡᠷ᠎ᠡ ᠮᠡᠳᠡᠭᠦᠯᠬᠦ ᠪᠠᠷ ᠭᠤᠶᠤᠴᠢᠯᠠᠵᠤ ᠪᠣᠯᠣᠨ᠎ᠠ᠃ ᠡᠭᠦᠨ ᠤ ᠳᠣᠲᠣᠷ᠎ᠠ᠄     ︵ᠨᠢᠭᠡ︶ ᠨᠠᠮᠤᠷ ᠤᠨ ᠤᠯᠠᠷᠢᠯ ᠤᠨ ᠨᠢᠭᠡᠳᠦᠯᠲᠡᠢ ᠰᠢᠯᠭᠠᠯᠲᠠ ᠶᠢᠨ ᠲᠥᠷᠥᠯ ᠵᠦᠢᠯ ᠳᠤ ᠨᠡᠷ᠎ᠡ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠣᠷᠣᠨ ᠤ ᠭᠠᠳᠠᠨ᠎ᠠ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠤᠨ ᠳᠠᠭᠠᠵᠤ ᠨᠡᠭᠦᠭᠰᠡᠨ ᠦᠷ᠎ᠡ ᠬᠡᠦᠬᠡᠳ ᠤᠨ ᠮᠠᠨ ᠤ ᠣᠷᠣᠨ ᠳᠤ ᠥᠨᠳᠥᠷ ᠳᠤᠮᠳᠠᠳᠤ ᠶᠢᠨ ᠰᠢᠯᠭᠠᠯᠲᠠ ᠪᠠ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠠᠵᠢᠯ ᠳᠤ ᠣᠷᠣᠯᠴᠠᠬᠤ ᠲᠤᠬᠠᠢ ᠰᠠᠨᠠᠯ︾ ︵ᠳᠣᠲᠣᠭᠠᠳᠤ ᠰᠤᠷᠭᠠᠨ ᠬᠥᠮᠦᠵᠢᠯ ᠠᠯᠪᠠᠨ ᠦᠰᠦᠭ ﹇2013﹈ 25 ᠳ᠋ᠤᠭᠠᠷ ᠲᠣᠭᠠᠲᠤ᠂ ᠳᠣᠷᠣᠭᠰᠢ ︽25 ᠳ᠋ᠤᠭᠠᠷ ᠲᠣᠭᠠᠲᠤ ᠪᠢᠴᠢᠭ ᠮᠠᠲ᠋ᠧᠷᠢᠶᠠᠯ︾ ᠭᠡᠵᠦ ᠲᠣᠪᠴᠢᠯᠠᠨ᠎ᠠ︶ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠣᠷᠣᠨ ᠤ ᠭᠠᠳᠠᠨ᠎ᠠ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ︵ᠮᠠᠨ ᠤ ᠣᠷᠣᠨ ᠤ ᠪᠤᠰᠤ ᠡᠷᠦᠬᠡ ᠠᠮᠠ ᠶᠢᠨ ᠳᠠᠩᠰᠠ  ᠲᠠᠢ ᠬᠥᠮᠥᠰ ᠪᠠᠭᠲᠠᠨ᠎ᠠ᠂ ᠳᠣᠷᠣᠭᠰᠢ ᠠᠳᠠᠯᠢ︶ ᠤᠨ ᠳᠠᠭᠠᠵᠤ ᠨᠡᠭᠦᠭᠰᠡᠨ ᠦᠷ᠎ᠡ ᠬᠡᠦᠬᠡᠳ ᠪᠠ ᠡᠷᠦᠬᠡ ᠠᠮᠠ ᠶᠢᠨ ᠳᠠᠩᠰᠠ ᠨᠢ ᠣᠷᠣᠨ ᠤ ᠭᠠᠳᠠᠨ᠎ᠠ ᠠᠴᠠ ᠮᠠᠨ ᠤ ᠣᠷᠣᠨ ᠳᠤ ᠨᠡᠭᠦᠵᠦ ᠢᠷᠡᠭᠰᠡᠨ ᠰᠢᠯᠭᠠᠭᠤᠯᠤᠭᠴᠢ᠂ ᠡᠷᠬᠡᠪᠰᠢ ᠮᠠᠨ ᠤ ᠣᠷᠣᠨ ᠤ ᠲᠡᠭᠡᠳᠣ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠶᠢᠨ ᠡᠬᠢᠯᠡᠬᠦ ᠰᠢᠯᠭᠠᠯᠲᠠ ᠶᠢᠨ ᠪᠥᠬᠦ ᠬᠢᠴᠢᠶᠡᠯ ᠲᠥᠷᠥᠯ ᠤᠨ ᠰᠢᠯᠭᠠᠯᠲᠠ ᠳᠤ ᠣᠷᠣᠯᠴᠠᠬᠤ ᠬᠡᠷᠡᠭᠲᠡᠢ᠂ ᠲᠤᠬᠠᠶᠢᠯᠠᠪᠠᠯ ᠳᠣᠣᠷᠠᠬᠢ ᠬᠠᠷᠠᠭᠠᠯᠵᠠᠭᠰᠠᠨ ᠨᠥᠬᠦᠴᠡᠯ ᠢ ᠬᠠᠩᠭᠠᠪᠠᠯ ᠰᠠᠶ᠋ᠢ ᠵᠢᠩᠬᠢᠨᠢ ᠠᠩᠭᠢ ᠶᠢᠨ ᠡᠯᠰᠡᠯᠲᠡ ᠳᠤ ᠨᠡᠷ᠎ᠡ ᠮᠡᠳᠡᠭᠦᠯᠵᠦ ᠪᠣᠯᠣᠨ᠎ᠠ᠃     1. ᠣᠷᠣᠨ ᠤ ᠭᠠᠳᠠᠨᠠᠬᠢ ᠠᠵᠢᠯ ᠬᠥᠳᠡᠯᠮᠦᠷᠢ ᠬᠢᠭᠰᠡᠳ ᠤᠨ ᠳᠠᠭᠠᠵᠤ ᠨᠡᠭᠦᠭᠰᠡᠨ ᠦᠷ᠎ᠡ ᠬᠡᠦᠬᠡᠳ ᠤᠨ ᠰᠢᠯᠭᠠᠭᠤᠯᠤᠭᠴᠢ ︽25 ᠳ᠋ᠤᠭᠠᠷ ᠲᠣᠭᠠᠲᠤ ᠪᠢᠴᠢᠭ ᠮᠠᠲ᠋ᠧᠷᠢᠶᠠᠯ︾ ᠳᠤ ᠲᠣᠭᠲᠠᠭᠠᠭᠰᠠᠨ 2021 ᠣᠨ ᠤ ᠮᠠᠨ ᠤ ᠣᠷᠣᠨ ᠤ ᠥᠨᠳᠥᠷ ᠳᠤᠮᠳᠠᠳᠤ ᠶᠢᠨ ᠰᠢᠯᠭᠠᠯᠲᠠ ᠳᠤ ᠣᠷᠣᠯᠴᠠᠬᠤ ᠨᠥᠬᠦᠴᠡᠯ ᠳᠤ ᠨᠡᠶᠢᠴᠡᠬᠦ ᠠᠴᠠ ᠭᠠᠳᠠᠨ᠎ᠠ᠂ 2024 ᠣᠨ ᠤ 9 ᠳ᠋ᠣᠭᠡᠷ ᠰᠠᠷ᠎ᠠ ᠶᠢᠨ 1 ᠤ ᠡᠳᠦᠷ ᠪᠣᠯᠲᠠᠯ᠎ᠠ ᠪᠠᠰᠠ ᠳᠣᠣᠷᠠᠬᠢ ᠳᠥᠷᠪᠡᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ ᠨᠢᠭᠡ ᠳᠤ᠂ 2021 ᠣᠨ ᠳᠤ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠥᠨᠳᠥᠷ ᠳᠤᠮᠳᠠᠳᠤ ᠳᠤ ᠡᠯᠰᠡᠭᠳᠡᠭᠰᠡᠨ ᠪᠠᠶᠢᠬᠤ᠃ ᠬᠤᠶᠠᠷ ᠲᠤ᠂ ᠲᠣᠰ ᠬᠥᠮᠥᠨ ᠨᠢ ᠮᠠᠨ ᠤ ᠣᠷᠣᠨ ᠤ ᠲᠡᠭᠡᠳᠣ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ︵ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠶᠢᠨ ᠰᠤᠷᠭᠠᠭᠤᠯᠢ ᠶᠢᠨ ᠲᠠᠩᠰᠨ ᠲᠠᠢ ᠪᠥᠭᠡᠳ ᠵᠠᠯᠭᠠᠭ᠎ᠠ ᠪᠠᠷ ᠪᠦᠬᠦᠯᠢ 3 ᠵᠢᠯ ᠰᠤᠷᠤᠯᠴᠠᠭᠰᠠᠨ ᠪᠠᠶᠢᠬᠤ ᠃ ᠭᠤᠷᠪᠠ ᠳᠤ᠂ ᠭᠡᠷ ᠤᠨ ᠠᠬᠠᠮᠠᠳ ᠮᠠᠨ ᠤ ᠣᠷᠣᠨ ᠳᠤ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ ᠲᠠᠢ ︵ᠲᠦᠷᠢᠶᠡᠰᠦᠯᠡᠬᠦ ᠶᠢ ᠪᠠᠭᠲᠠᠭᠠᠨ᠎ᠠ︶ ᠪᠥᠭᠡᠳ ᠦᠷᠭᠦᠯᠵᠢᠯᠡᠨ ᠰᠠᠭᠤᠭᠰᠠᠨ᠂ ᠬᠠᠤᠯᠢ ᠶᠣᠰᠣᠨ ᠤ ᠠᠵᠢᠯ ᠲᠠᠢ ᠮᠥᠷᠲᠡᠭᠡᠨ ᠭᠠᠶᠢᠯᠢ ᠲᠤᠰᠢᠶᠠᠭᠰᠠᠨ ︵ᠡᠰᠡᠬᠦᠯ᠎ᠡ ᠤᠯᠤᠰ ᠤᠨ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ︶ ᠪᠦᠬᠦᠯᠢ 3 ᠵᠢᠯ ᠪᠣᠯᠤᠭᠰᠠᠨ᠃ ᠳᠥᠷᠪᠡ ᠳᠤ᠂ ᠮᠠᠨ ᠤ ᠣᠷᠣᠨ ᠤ ᠲᠡᠭᠡᠳᠣ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠶᠢᠨ ᠪᠦᠭᠦ ᠬᠢᠴᠢᠶᠡᠯ ᠲᠦᠷᠦᠯ ᠤᠨ ᠰᠢᠯᠭᠠᠭᠰᠠᠨ ᠰᠢᠯᠭᠠᠯᠲᠠ ᠳᠤ ᠣᠷᠣᠯᠴᠠᠭᠰᠠᠨ ᠪᠠᠶᠢᠬᠤ᠃     2. ᠡᠷᠦᠬᠡ ᠠᠮᠠ ᠶᠢᠨ ᠲᠠᠩᠰᠠ ᠨᠢ ᠣᠷᠣᠨ ᠤ ᠭᠠᠳᠠᠨ᠎ᠠ ᠠᠴᠠ ᠮᠠᠨ ᠤ ᠣᠷᠣᠨ ᠳᠤ ᠨᠡᠭᠦᠵᠦ ᠢᠷᠡᠭᠰᠡᠨ ᠰᠢᠯᠭᠠᠭᠤᠯᠤᠭᠴᠢ 2024 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠪᠣᠯᠲᠠᠯ᠎ᠠ ᠡᠷᠬᠡᠪᠰᠢ ᠳᠣᠣᠷᠠᠬᠢ ᠳᠥᠷᠪᠡᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ ᠨᠢᠭᠡ ᠳᠤ᠂ ᠲᠣᠰ ᠬᠥᠮᠥᠨ ᠨᠢ ᠮᠠᠨ ᠤ ᠣᠷᠣᠨ ᠤ ᠲᠡᠭᠡᠳᠣ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ︵ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠶᠢᠨ ᠰᠤᠷᠭᠠᠭᠤᠯᠢ ᠶᠢᠨ ᠲᠠᠩᠰᠨ ᠲᠠᠢ ᠪᠥᠭᠡᠳ ᠵᠠᠯᠭᠠᠭ᠎ᠠ ᠪᠠᠷ ᠪᠦᠬᠦᠯᠢ 3 ᠵᠢᠯ ᠰᠤᠷᠤᠯᠴᠠᠭᠰᠠᠨ ᠪᠠᠶᠢᠬᠤ ᠬᠡᠷᠡᠭᠲᠡᠢ᠃ ᠬᠤᠶᠠᠷ ᠲᠤ᠂ ᠲᠣᠰ ᠬᠥᠮᠥᠨ ᠨᠢ ᠮᠠᠨ ᠤ ᠣᠷᠣᠨ ᠤ ᠡᠷᠦᠬᠡ ᠠᠮᠠ ᠶᠢᠨ ᠲᠠᠩᠰᠠ ᠶᠢ ᠣᠯᠣᠭᠠᠳ ᠪᠦᠬᠦᠯᠢ 3 ᠵᠢᠯ ᠪᠣᠯᠣᠭᠰᠠᠨ ᠪᠠᠶᠢᠬᠤ  ᠃ ᠭᠤᠷᠪᠠ ᠳᠤ᠂ ᠭᠡᠷ ᠤᠨ ᠠᠬᠠᠮᠠᠳ ᠮᠠᠨ ᠤ ᠣᠷᠣᠨ ᠳᠤ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ ᠲᠠᠢ ᠪᠥᠭᠡᠳ ᠦᠷᠭᠦᠯᠵᠢᠯᠡᠨ ᠰᠠᠭᠤᠭᠰᠠᠨ᠂ ᠬᠠᠤᠯᠢ ᠶᠣᠰᠣᠨ ᠤ ᠠᠵᠢᠯ ᠲᠠᠢ ᠪᠥᠭᠡᠳ ᠭᠠᠶᠢᠯᠢ ᠲᠤᠰᠢᠶᠠᠭᠰᠠᠨ ︵ᠡᠰᠡᠬᠦᠯ᠎ᠡ ᠤᠯᠤᠰ ᠤᠨ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ︶ ᠪᠦᠬᠦᠯᠢ 3 ᠵᠢᠯ ᠪᠣᠯᠤᠭᠰᠠᠨ᠃ ᠳᠥᠷᠪᠡ ᠳᠤ᠂ ᠮᠠᠨ ᠤ ᠣᠷᠣᠨ ᠤ ᠲᠡᠭᠡᠳᠣ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠶᠢᠨ ᠰᠢᠯᠭᠠᠯᠲᠠ ᠡᠬᠢᠯᠡᠬᠦ ᠪᠥᠬᠦ ᠬᠢᠴᠢᠶᠡᠯ ᠲᠥᠷᠥᠯ ᠤᠨ ᠰᠢᠯᠭᠠᠯᠲᠠ ᠳᠤ ᠣᠷᠣᠯᠴᠠᠭᠰᠠᠨ ᠪᠠᠶᠢᠬᠤ᠃       3. ᠵᠢᠩᠬᠢᠨᠢ ᠠᠩᠭᠢ ᠶᠢᠨ ᠡᠯᠰᠡᠬᠦ ᠨᠥᠬᠦᠴᠡᠯ ᠳᠤ ᠪᠦᠷᠢᠮᠦᠰᠦᠨ ᠨᠡᠶᠢᠴᠡᠬᠦ ᠦᠭᠡᠢ ᠰᠢᠯᠭᠠᠭᠤᠯᠤᠭᠴᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠪᠦᠯᠦᠭ ᠲᠤ ᠨᠡᠷ᠎ᠡ ᠮᠡᠳᠡᠭᠦᠯᠵᠦ ᠪᠣᠯᠣᠨ᠎ᠠ᠃ ᠰᠦᠯᠵᠢᠶᠡᠨ ᠳᠡᠭᠡᠷ᠎ᠡ ᠨᠡᠷ᠎ᠡ ᠪᠠᠨ ᠤᠷᠢᠳᠴᠢᠯᠠᠨ ᠮᠡᠳᠡᠭᠦᠯᠭᠦ ᠳᠤ ᠪᠠᠨ᠂ ︽ᠠᠮᠠᠯᠠᠯᠲᠠ ᠪᠠᠨ ᠵᠥᠪᠬᠡᠨ ᠳᠡᠭᠡᠳᠦ ᠵᠡᠷᠭᠡ ᠶᠢᠨ ᠠᠵᠢᠯ ᠮᠡᠷᠭᠡᠵᠢᠯ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠴᠣᠬᠤᠯᠠᠪᠤᠷᠢ ᠳᠤ ᠨᠡᠷ᠎ᠡ ᠮᠡᠳᠡᠭᠦᠯᠦᠨ᠎ᠡ︾ ᠭᠡᠬᠦ ᠵᠦᠢᠯ ᠳᠤ ᠡᠷᠬᠡᠪᠰᠢ ︽ᠮᠥᠨ︾ ᠭᠡᠳᠡᠭ ᠢ ᠰᠣᠩᠭᠤᠬᠤ ᠬᠡᠷᠡᠭᠲᠡᠢ ᠪᠥᠭᠡᠳ ᠲᠤᠬᠠᠢ ᠶᠢᠨ ᠲᠠᠯᠠᠪᠤᠷ ᠲᠤ ᠨᠤᠲᠠᠯᠠᠬᠤ ᠳᠠᠭᠠᠨ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠳᠡᠭᠡᠨ ᠵᠥᠪᠬᠡᠨ ᠳᠡᠭᠡᠳᠦ ᠵᠡᠷᠭᠡ ᠶᠢᠨ ᠠᠵᠢᠯ ᠮᠡᠷᠭᠡᠵᠢᠯ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠴᠣᠬᠤᠯᠠᠪᠤᠷᠢ ᠳᠤ ᠨᠡᠷ᠎ᠡ ᠮᠡᠳᠡᠭᠦᠯᠬᠦ ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠣᠬᠤ ᠬᠡᠷᠡᠭᠳᠡᠢ᠃      ᠭᠤᠷᠪᠠ᠂ ᠨᠡᠷ᠎ᠡ ᠮᠡᠳᠡᠭᠦᠯᠬᠦ ᠴᠠᠭ ᠤᠨ ᠲᠣᠬᠢᠷᠠᠭᠤᠯᠤᠯᠲᠠ       ᠨᠡᠷ᠎ᠡ ᠮᠡᠳᠡᠭᠦᠯᠬᠦ ᠴᠠᠭ᠄ 2023 ᠣᠨ ᠤ 11 ᠰᠠᠷ᠎ᠠ ᠶᠢᠨ 2 ᠤᠨ ᠡᠳᠦᠷ ᠤᠨ 9᠄ 00   ᠠᠴᠠ 2023 ᠣᠨ ᠤ 11 ᠰᠠᠷ᠎ᠠ ᠶᠢᠨ 13 ᠤ ᠡᠳᠦᠷ ᠤᠨ 18᠄ 00 ᠪᠣᠯᠲᠠᠯ᠎ᠠ      1. ᠣᠷᠢᠳᠴᠢᠯᠠᠨ ᠨᠡᠷ᠎ᠡ ᠮᠡᠳᠡᠭᠦᠯᠬᠦ ᠴᠠᠭ᠄ ᠰᠤᠷᠭᠠᠭᠤᠯᠢ ᠳᠤ ᠪᠠᠶᠢᠭ᠎ᠠ ᠰᠣᠷᠣᠭᠴᠢ 11 ᠰᠠᠷ᠎ᠠ ᠶᠢᠨ 2 ᠤᠨ ᠡᠳᠦᠷ ᠠᠴᠠ 5 ᠤ ᠡᠳᠦᠷ᠂ ᠰᠣᠷᠣᠭᠴᠢ ᠡᠯᠰᠡᠬᠦ ᠠᠯᠪᠠᠨ ᠭᠡᠷ ᠠᠴᠠ ᠨᠡᠷ᠎ᠡ ᠮᠡᠳᠡᠭᠦᠯᠦᠭᠰᠡᠨ ᠰᠣᠷᠣᠭᠴᠢ 11 ᠰᠠᠷ᠎ᠠ ᠶᠢᠨ 2 ᠤᠨ ᠡᠳᠦᠷ ᠠᠴᠠ 11 ᠰᠠᠷ᠎ᠠ ᠶᠢᠨ 8 ᠤ ᠡᠳᠦᠷ᠃     2. ᠰᠤᠷᠭᠠᠭᠤᠯᠢ ᠠᠴᠠ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ᠄ 11 ᠰᠠᠷ᠎ᠠ   ᠶᠢᠨ 6 ᠤ ᠡᠳᠦᠷ ᠠᠴᠠ 8 ᠤ ᠡᠳᠦᠷ ᠪᠣᠯᠲᠠᠯ᠎ᠠ ᠨᠡᠷ᠎ᠡ ᠮᠡᠳᠡᠭᠦᠯᠦᠨ᠎ᠡ᠂ ᠮᠡᠳᠡᠭᠡ ᠵᠠᠩᠭᠢ ᠴᠤᠭᠯᠠᠭᠤᠯᠬᠤ ᠠᠵᠢᠯ   ᠢ ᠡᠯ᠎ᠡ ᠰᠤᠷᠭᠠᠭᠤᠯᠢ ᠳᠤ ᠲᠣᠬᠢᠷᠠᠭᠤᠯᠤᠨ᠎ᠠ᠃     3. ᠰᠤᠷᠤᠭᠴᠢ ᠡᠯᠰᠡᠬᠦ ᠠᠯᠪᠠᠨ ᠭᠡᠷ ᠠᠴᠠ ᠨᠡᠷ᠎ᠡ ᠮᠡᠳᠡᠭᠦᠯᠬᠦ ᠰᠤᠷᠤᠭᠴᠢ᠄ 11 ᠰᠠᠷ᠎ᠠ   ᠶᠢᠨ 9 ᠤ ᠡᠳᠦᠷ ᠨᠡᠷ᠎ᠡ ᠮᠡᠳᠡᠭᠦᠯᠦᠨ᠎ᠡ ︵ᠡᠷᠡᠭᠲᠡᠢ ᠰᠤᠷᠤᠭᠴᠢ ᠦᠳᠡ   ᠶᠢᠨ ᠡᠮᠦᠨ᠎ᠡ 8᠄ 30 — 12᠄ 00 ᡽ ᠡᠮᠡᠭᠲᠡᠢ ᠰᠣᠷᠣᠭᠴᠢ ᠦᠳᠡ ᠶᠢᠨ ᠬᠤᠶᠢᠨ᠎ᠠ ᠶᠢᠨ 2᠄ 00 ︱ 5᠄ 30︶᠂ ᠰᠢᠯᠭᠠᠭᠤᠯᠤᠭᠴᠢ ᠬᠤᠯᠪᠣᠭᠳᠠᠯ ᠪᠦᠬᠦᠢ ᠬᠢᠷᠢ ᠬᠡᠮ ᠢᠶᠠᠨ ᠬᠢᠨᠠᠭᠤᠯᠬᠤ ᠮᠠᠲ᠋ᠧᠷᠢᠶᠠᠯ ᠢᠶᠠᠨ ᠠᠪᠴᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠶᠠᠳᠤᠭᠠᠷ ᠳᠠᠪᠬᠤᠷᠯᠢᠭ ᠤᠨ 201 ᠲᠠᠰᠤᠭ ︵ᠳᠡᠭᠡᠳᠦ ᠰᠢᠨ᠎ᠡ ᠮᠡᠷᠭᠡᠵᠢᠯ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠦᠷᠢᠶᠡᠨ ᠤ ᠳᠣᠲᠣᠷᠠᠬᠢ ᠵᠠᠰᠠᠭ ᠵᠠᠬᠢᠷᠭᠠᠨ ᠤ ᠠᠰᠠᠷ ᠤᠨ A ᠰᠠᠭᠤᠳᠠᠯ᠂ ᠰᠤᠷᠭᠠᠭᠤᠯᠢ ᠶᠢᠨ ᠬᠤᠶᠢᠲᠤ ᠡᠭᠦᠳᠡ ᠪᠠᠷ ᠣᠷᠣᠨ᠎ᠠ︶ ᠲᠤ ᠬᠦᠷᠴᠦ ᠲᠤᠬᠠᠢ ᠶᠢᠨ ᠲᠠᠯᠠᠪᠤᠷ ᠲᠤ ᠨᠡᠷ᠎ᠡ ᠮᠡᠳᠡᠭᠦᠯᠬᠦ ᠬᠡᠷᠡᠭᠲᠡᠢ᠃     ᠳᠥᠷᠪᠡ᠂ ᠨᠡᠷ᠎ᠡ ᠮᠡᠳᠡᠭᠦᠯᠬᠦ ᠶᠠᠪᠤᠴᠠ     1. ︽ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾᠂ 2024 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠲᠤᠰᠬᠠᠢ ᠪᠤᠯᠤᠩ  ᠳᠤ ᠨᠡᠷ᠎ᠡ ᠮᠡᠳᠡᠭᠦᠯᠭᠦ᠃     2. ᠰᠠᠨᠠᠭᠤᠯᠤᠮᠵᠢ ᠶᠣᠰᠣᠭᠠᠷ ᠥᠪᠡᠷ ᠤᠨ ᠨᠡᠷ᠎ᠡ ᠮᠡᠳᠡᠭᠦᠯᠬᠦ ᠬᠠᠭᠤᠳᠠᠰᠤᠨ ᠳᠤ ᠣᠷᠣᠵᠤ᠂ ᠥᠪᠡᠷ ᠤᠨ ᠬᠠᠮᠢᠶ᠎ᠠ ᠪᠦᠬᠦᠢ ᠮᠡᠳᠡᠭᠡ ᠵᠠᠩᠭᠢ ᠪᠠᠨ ᠦᠨᠡᠨ ᠪᠣᠳᠠᠲᠠᠢ ᠪᠠᠷ ᠲᠠᠭᠯᠠᠵᠤ᠂ ᠮᠡᠳᠡᠭᠡ ᠵᠠᠩᠭᠢ ᠪᠠᠨ ᠬᠠᠳᠠᠭᠠᠯᠠᠨ᠎ᠠ᠃     3. 2 ᠬᠤᠪᠢ ︽ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭ︾ ᠢ ᠳᠠᠷᠤᠮᠠᠯᠯᠠᠵᠤ᠂ ᠪᠠᠷᠠᠭᠤᠨ ᠳᠣᠣᠷ᠎ᠠ ᠥᠨᠴᠥᠭ ᠤᠨ ᠬᠤᠭᠤᠰᠤᠨ ᠭᠠᠵᠠᠷ ᠲᠤ ᠭᠠᠷ ᠤᠨ ᠦᠰᠦᠭ ᠵᠢᠷᠤᠵᠤ ᠲᠠᠮᠠᠭ᠎ᠠ ᠳᠠᠷᠤᠨ᠎ᠠ᠃     4. ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠦᠢᠳᠬᠡᠯ ᠲᠤᠰᠢᠶᠠᠨ᠎ᠠ᠃     5. ᠰᠢᠯᠭᠠᠭᠤᠯᠤᠭᠴᠢ ᠥᠪᠡᠷ ᠢᠶᠠᠨ ᠨᠡᠷ᠎ᠡ ᠮᠡᠳᠡᠭᠦᠯᠬᠦ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠠᠪᠴᠤ᠂ ᠲᠣᠭᠲᠠᠭᠰᠠᠨ ᠴᠠᠭ ᠲᠤ ᠰᠤᠷᠭᠠᠭᠤᠯᠢ ᠪᠤᠶᠤ ᠰᠢᠯᠭᠠᠯᠲᠠ   ᠶᠢᠨ ᠲᠥᠪ ᠲᠤ ᠨᠡᠷ᠎ᠡ ᠮᠡᠳᠡᠭᠦᠯᠦᠨ᠎ᠡ᠃     6. ᠨᠡᠷ᠎ᠡ ᠮᠡᠳᠡᠭᠦᠯᠬᠦ ᠦᠶ᠎ᠡ ᠳᠤ ᠲᠤᠬᠠᠢ ᠶᠢᠨ ᠲᠠᠯᠠᠪᠤᠷ ᠲᠤ ᠬᠤᠯᠪᠣᠭᠳᠠᠯ ᠪᠦᠬᠦᠢ ᠮᠠᠲ᠋ᠧᠷᠢᠶᠠᠯ   ᠢ ᠬᠢᠨᠠᠨ ᠬᠠᠷᠭᠤᠭᠤᠯᠵᠤ ᠳᠡᠭᠡᠭᠰᠢ ᠳᠠᠮᠵᠢᠭᠤᠯᠵᠤ᠂ ᠭᠡᠷᠡᠯ ᠵᠢᠷᠤᠭ ᠴᠤᠭᠯᠠᠭᠤᠯᠵᠤ᠂ ᠪᠡᠶ᠎ᠡ   ᠶᠢᠨ ᠦᠨᠡᠮᠯᠡᠯ ᠵᠡᠷᠭᠡ ᠮᠡᠳᠡᠭᠡ ᠵᠠᠩᠭᠢ   ᠶᠢ ᠤᠩᠰᠢᠵᠤ᠂ ᠵᠢᠩᠬᠢᠨᠢ ᠨᠡᠷ᠎ᠡ ᠮᠡᠳᠡᠭᠦᠯᠬᠦ ᠬᠦᠰᠦᠨᠦᠭᠲᠦ᠂ ᠠᠮᠠᠯᠠᠯᠲᠠ   ᠶᠢᠨ ᠪᠢᠴᠢᠭ   ᠢ ᠳᠠᠷᠤᠮᠠᠯᠯᠠᠵᠤ᠂ ᠰᠢᠯᠭᠠᠭᠤᠯᠤᠭᠴᠢ ᠭᠠᠷ ᠤᠨ ᠦᠰᠦᠭ ᠵᠢᠷᠤᠨ᠎ᠠ᠃     7. ᠨᠡᠷ᠎ᠡ ᠮᠡᠳᠡᠭᠦᠯᠦᠭᠡᠳ ᠪᠦᠳᠦᠮᠵᠢᠳᠠᠢ ᠪᠣᠯᠣᠭᠰᠠᠨ᠃     ᠲᠠᠪᠤ᠂ ᠪᠡᠯᠡᠳᠬᠡᠬᠦ ᠴᠢᠬᠤᠯᠠ ᠲᠠᠢ ᠮᠠᠲ᠋ᠧᠷᠢᠶᠠᠯ     ︵ᠨᠢᠭᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ ᠲᠠᠩᠰᠠ ᠲᠠᠢ ᠰᠢᠯᠭᠠᠭᠤᠯᠤᠭᠴᠢ ᠶᠢᠨ ᠪᠡᠯᠡᠳᠭᠡᠭᠦ ᠴᠢᠬᠤᠯᠨ ᠲᠠᠢ ᠵᠦᠢᠯᠡᠰ᠄     1. ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ 2 ᠬᠤᠪᠢ ︵ᠰᠤᠷᠭᠠᠭᠤᠯᠢ   ᠠᠴᠠ ᠲᠠᠮᠠᠭ᠎ᠠ ᠳᠠᠷᠤᠵᠤ ᠭᠠᠷ ᠤᠨ ᠥᠰᠥᠭ ᠵᠢᠷᠤᠨ᠎ᠠ᠂ ᠰᠣᠷᠣᠭᠴᠢ ᠡᠯᠰᠡᠬᠦ ᠠᠯᠪᠠᠨ ᠭᠡᠷ ᠠᠴᠠ ᠨᠡᠷ᠎ᠡ ᠮᠡᠳᠡᠭᠦᠯᠦᠭᠰᠡᠨ ᠲᠠᠪᠳᠠᠯᠭ᠎ᠠ ᠶᠢᠨ ᠰᠤᠷᠤᠭᠴᠢᠳ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠪᠠᠯᠭᠠᠰᠤᠨ ᠤ ᠵᠠᠰᠠᠭ ᠤᠨ ᠣᠷᠳᠣᠨ ᠳᠤ ᠲᠠᠮᠠᠭ᠎ᠠ ᠳᠠᠷᠤᠨ᠎ᠠ︶  ᠃     2. ᠰᠢᠯᠭᠠᠭᠤᠯᠤᠭᠴᠢ ᠶᠢᠨ ᠬᠤᠪᠢ ᠬᠥᠮᠥᠨ ᠤ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ᠂ ᠬᠠᠭᠤᠯᠪᠤᠷᠢ ᠨᠢᠭᠡ ᠬᠤᠪᠢ ︵A4 ᠴᠠᠭᠠᠰᠤᠨ ᠤ ᠠᠷᠣ ᠦᠪᠦᠷ ᠳᠡᠭᠡᠷ᠎ᠡ ᠳᠠᠷᠤᠮᠠᠯᠯᠠᠨ᠎ᠠ︶  ᠃     3. ᠡᠷᠦᠬᠡ ᠠᠮᠠ   ᠶᠢᠨ ᠳᠡᠪᠲᠡᠷ ᠤᠨ ᠤᠭ ᠮᠠᠲ᠋ᠧᠷᠢᠶᠠᠯ᠂ ᠬᠠᠭᠤᠯᠪᠤᠷᠢ ᠨᠢᠭᠡ ᠬᠤᠪᠢ ︵ᠲᠤᠰ ᠬᠥᠮᠥᠨ ᠤ ᠨᠢᠭᠤᠷ ᠪᠠ ᠲᠦᠷᠦᠭᠦᠦ ᠨᠢᠭᠤᠷ   ᠢ ᠨᠢᠭᠡ ᠴᠠᠭᠠᠰᠤᠨ ᠳᠡᠭᠡᠷ᠎ᠡ ᠳᠠᠷᠤᠮᠠᠯᠯᠠᠵᠤ᠂ ᠡᠴᠢᠭᠡ ᠡᠬᠡ   ᠶᠢᠨ ᠨᠢᠭᠤᠷ   ᠢ ᠨᠢᠭᠡ ᠴᠠᠭᠠᠰᠤᠨ ᠳᠡᠭᠡᠷ᠎ᠡ ᠳᠠᠷᠤᠮᠠᠯᠯᠠᠨ᠎ᠠ︶  ᠃     4. ᠰᠤᠷᠭᠠᠭᠤᠯᠢ ᠶᠢᠨ ᠲᠠᠩᠰᠨ ᠶᠢᠨ ᠭᠡᠷᠡᠴᠢ ᠨᠢᠭᠡ ᠬᠤᠪᠢ ︵ᠰᠤᠷᠭᠠᠭᠤᠯᠢ ᠶᠢᠨ ᠲᠠᠩᠰᠨ ᠦᠭᠡᠢ ᠰᠢᠯᠭᠠᠭᠤᠯᠤᠭᠴᠢ ᠪᠣᠳᠠᠲᠠᠢ ᠰᠤᠷᠤᠯᠴᠠᠭᠰᠠᠨ ᠭᠡᠷᠡᠴᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠨ ᠦᠨᠡᠮᠯᠡᠯ ᠭᠠᠷᠭᠠᠵᠤ ᠥᠭᠭᠦᠨ᠎ᠡ᠂ ᠣᠷᠣᠨ ᠤ ᠭᠠᠳᠠᠨ᠎ᠠ ᠰᠤᠷᠤᠯᠴᠠᠵᠤ ᠪᠠᠶᠢᠭ᠎ᠠ ᠰᠢᠯᠭᠠᠭᠤᠯᠤᠭᠴᠢ ᠪᠠᠰᠠ ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠶᠢᠨ ᠬᠢᠷᠢ ᠪᠦᠲᠦᠮᠵᠢ ᠶᠢᠨ ᠭᠡᠷᠡᠴᠢ ᠶᠢᠨ ᠤᠭ ᠮᠠᠲ᠋ᠧᠷᠢᠶᠠᠯ ᠪᠠ ᠪᠠᠭᠤᠯᠭᠠᠪᠤᠷᠢ ᠶᠢ ᠭᠠᠷᠭᠠᠵᠤ ᠥᠭᠬᠦ ᠬᠡᠷᠡᠭᠲᠡᠢ︶  ᠃     5. ᠲᠠᠪᠳᠠᠯᠭ᠎ᠠ ᠶᠢᠨ ᠰᠣᠷᠣᠭᠴᠢᠳ ᠰᠤᠷᠤᠯᠭ᠎ᠠ ᠲᠡᠭᠦᠰᠦᠭᠰᠡᠨ ᠦᠨᠡᠮᠯᠡᠯ ᠤᠨ ᠤᠭ ᠮᠠᠲ᠋ᠧᠷᠢᠶᠠᠯ ᠪᠣᠯᠣᠨ ᠪᠠᠭᠤᠯᠭᠠᠪᠤᠷᠢ ᠨᠢᠭᠡ ᠬᠤᠪᠢ ᠶᠢ ᠪᠡᠯᠡᠳᠭᠡᠭᠦ  ᠃      ︵ᠬᠤᠶᠠᠷ︶ ᠡᠷᠦᠬᠡ ᠠᠮᠠ ᠶᠢᠨ ᠲᠠᠩᠰᠠ ᠨᠢ ᠥᠪᠡᠷᠲᠡᠭᠡᠨ ᠵᠠᠰᠠᠬᠤ ᠣᠷᠣᠨ ᠠᠴᠠ ᠭᠠᠳᠠᠨᠠᠬᠢ ᠪᠠ ᠡᠷᠦᠬᠡ ᠠᠮᠠ ᠶᠢᠨ ᠲᠠᠩᠰᠠ ᠨᠢ ᠣᠷᠣᠨ ᠤ ᠭᠠᠳᠠᠨ᠎ᠠ   ᠠᠴᠠ ᠮᠠᠨ ᠤ ᠣᠷᠣᠨ ᠳᠤ ᠨᠡᠭᠦᠵᠦ ᠢᠷᠡᠭᠰᠡᠨ ᠰᠢᠯᠭᠠᠭᠤᠯᠤᠭᠴᠢ ᠳᠣᠣᠷᠠᠬᠢ ᠮᠠᠲ᠋ᠧᠷᠢᠶᠠᠯ ᠤᠳ ᠢ ᠳᠠᠭᠢᠵᠤ ᠪᠡᠯᠡᠳᠬᠡᠬᠦ ᠬᠡᠷᠡᠭᠲᠡᠢ᠄      6. ᠡᠴᠢᠭᠡ ᠡᠬᠡ ᠬᠤᠶᠠᠷ ᠲᠠᠯ᠎ᠠ ᠪᠠᠷ ᠢᠶᠠᠨ ᠮᠠᠨ ᠤ ᠣᠷᠣᠨ ᠳᠤ 3 ᠵᠢᠯ ᠠᠴᠠ ᠳᠡᠭᠡᠭᠰᠢ ᠣᠷᠣᠰᠢᠨ ᠰᠠᠭᠤᠭᠰᠠᠨ ᠭᠡᠷᠡᠴᠢ ︵ᠨᠢᠭᠡᠨᠲᠡ ᠭᠡᠷ ᠪᠠᠶᠢᠰᠢᠩ ᠬᠤᠳᠠᠯᠳᠤᠨ ᠠᠪᠤᠭᠰᠠᠨ ᠪᠠᠶᠢᠪᠠᠯ ᠭᠡᠷ ᠪᠠᠶᠢᠰᠢᠩ ᠬᠤᠳᠠᠯᠳᠤᠨ ᠠᠪᠬᠤ ᠭᠡᠷ᠎ᠡ ᠪᠤᠶᠤ ᠭᠡᠷ ᠪᠠᠶᠢᠰᠢᠩ ᠤᠨ ᠳᠡᠪᠲᠡᠷ ᠢ ᠬᠠᠮᠲᠤ ᠳᠤᠨᠢ ᠭᠠᠷᠭᠠᠵᠤ ᠥᠭᠬᠦ ᠬᠡᠷᠡᠭᠲᠡᠢ᠂ ᠭᠡᠷ ᠪᠠᠶᠢᠰᠢᠩ ᠲᠦᠷᠢᠶᠡᠰᠦᠯᠡᠬᠦ ᠳᠤ ᠵᠣᠬᠢᠬᠤ ᠵᠢᠯ ᠬᠤᠭᠤᠴᠠᠭ᠎ᠠ ᠶᠢᠨ ᠲᠦᠷᠢᠶᠡᠰᠦᠯᠡᠬᠦ ᠭᠡᠷ᠎ᠡ ᠶᠢ ᠭᠠᠷᠭᠠᠵᠤ ᠥᠭᠬᠦ ᠬᠡᠷᠡᠭᠲᠡᠢ︶  ᠃     7. ᠡᠴᠢᠭᠡ ᠡᠬᠡ ᠬᠤᠶᠠᠷ ᠲᠠᠯ᠎ᠠ ᠶᠢᠨ ᠮᠠᠨ ᠤ ᠣᠷᠣᠨ ᠳᠤ 3 ᠵᠢᠯ ᠠᠴᠠ ᠳᠡᠭᠡᠭᠰᠢ ᠠᠵᠢᠯᠯᠠᠭᠰᠠᠨ ︵ᠠᠷᠰᠠᠷ ᠠᠵᠢᠯ ᠬᠢᠬᠦ ᠶᠢ ᠪᠠᠭᠲᠠᠭᠠᠨ᠎ᠠ︶ ᠤ ᠭᠡᠷᠡᠴᠢ  ᠃     8. ᠡᠴᠢᠭᠡ ᠡᠬᠡ ᠬᠤᠶᠠᠷ ᠲᠠᠯ᠎ᠠ ᠪᠠᠷ ᠢᠶᠠᠨ ᠮᠠᠨ ᠤ ᠣᠷᠣᠨ ᠳᠤ 3 ᠵᠢᠯ ᠠᠴᠠ ᠳᠡᠭᠡᠭᠰᠢ ᠭᠠᠶᠢᠯᠢ ᠲᠤᠰᠢᠶᠠᠭᠰᠠᠨ ᠪᠤᠶᠤ ᠨᠡᠶᠢᠭᠡᠮ ᠤᠨ ᠳᠠᠭᠠᠳᠬᠠᠯ ᠤᠨ ᠭᠡᠷᠡᠴᠢ ᠲᠤᠰᠢᠶᠠᠭᠰᠠᠨ ᠪᠠᠶᠢᠬᠤ ᠬᠡᠷᠡᠭᠲᠡᠢ  ᠃     9. ᠰᠤᠷᠤᠯᠭ᠎ᠠ   ᠶᠢᠨ ᠬᠢᠷᠢ ᠲᠦᠪᠰᠢᠨ ᠤ ᠰᠢᠯᠭᠠᠯᠲᠠ   ᠶᠢᠨ ᠬᠢᠷᠢ ᠪᠦᠳᠦᠮᠵᠢ ᠶᠢᠨ ᠭᠡᠷᠡᠴᠢ᠃     ︵ᠭᠤᠷᠪᠠ︶ ᠰᠢᠯᠭᠠᠭᠤᠯᠤᠭᠴᠢ ᠶᠢᠨ ᠰᠢᠯᠭᠠᠯᠲᠠ ᠳᠤ ᠨᠡᠷ᠎ᠡ ᠮᠡᠳᠡᠭᠦᠯᠦᠭᠰᠡᠨ ᠠᠳᠠᠯᠢ ᠪᠤᠰᠤ ᠪᠠᠶᠢᠳᠠᠯ ᠢ ᠦᠨᠳᠦᠰᠦᠯᠡᠨ᠂ ᠨᠡᠷ᠎ᠡ ᠪᠠᠨ ᠤᠷᠢᠳᠴᠢᠯᠠᠨ ᠮᠡᠳᠡᠭᠦᠯᠦᠭᠰᠡᠨ ᠤ ᠳᠠᠷᠠᠭ᠎ᠠ᠂ ᠨᠡᠷ᠎ᠡ ᠮᠡᠳᠡᠭᠦᠯᠬᠦ ᠬᠦᠰᠦᠨᠦᠭᠲᠦ ᠶᠢ ᠳᠠᠷᠤᠮᠠᠯᠯᠠᠬᠤ ᠳᠠᠭᠠᠨ ᠬᠠᠮᠲᠤ ᠳᠤᠨᠢ ᠳᠠᠷᠤᠮᠠᠯᠯᠠᠭᠰᠠᠨ ᠪᠤᠰᠤᠳ ᠬᠦᠰᠦᠨᠦᠭᠲᠦ ᠳᠤ ᠬᠦᠰᠦᠨᠦᠭ ᠳᠡᠭᠡᠷᠡᠬᠢ ᠱᠠᠭᠠᠷᠳᠠᠯᠭ᠎ᠠ ᠶᠣᠰᠣᠭᠠᠷ ᠵᠣᠬᠢᠬᠤ ᠰᠠᠯᠠᠭ᠎ᠠ ᠮᠥᠴᠢᠷ ᠲᠤ ᠬᠦᠷᠴᠦ ᠭᠠᠷ ᠤᠨ ᠥᠰᠥᠭ ᠵᠢᠷᠤᠵᠤ ᠲᠠᠮᠠᠭ᠎ᠠ ᠪᠠᠨ ᠳᠠᠷᠤᠬᠤ ᠬᠡᠷᠡᠭᠲᠡᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号