2023 ᠣᠨ ᠤ ᠲᠦᠷᠦᠭᠦᠸ ᠭᠤᠷᠪᠠᠨ ᠤᠯᠠᠷᠢᠯ ᠳᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠢ ᠦᠷᠭᠦᠯᠵᠢᠯᠡᠨ ᠰᠡᠷᠭᠦᠵᠦ ᠴᠢᠨᠠᠷ ᠰᠠᠶᠢᠲᠠᠢ ᠬᠥᠭᠵᠢᠯᠲᠡ ᠳᠠᠰᠢ ᠲᠣᠭᠲᠠᠭᠤᠨ ᠢᠶᠠᠷ ᠤᠷᠤᠭᠰᠢᠯᠠᠪᠠ
ᠨᠡᠶᠢᠲᠡᠯᠡᠭᠰᠡᠨ ᠴᠠᠭ᠄
2023/11/2
   ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠪᠠᠷ ᠦᠢᠯᠡᠳᠦᠯᠭᠡᠵᠢᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠵᠤ ᠠᠬᠤᠢ ᠶᠢ ᠠᠳᠬᠤᠨ ᠢᠲᠡᠭᠡᠯ ᠵᠣᠷᠢᠭ ᠢᠶᠠᠨ ᠬᠥᠪᠴᠢᠯᠡᠵᠦ᠂ ᠲᠣᠭᠲᠠᠭᠤᠨ ᠢᠶᠠᠷ ᠨᠡᠮᠡᠭᠳᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠪᠠ᠃ ᠲᠦᠷᠦᠭᠦᠦ ᠭᠤᠷᠪᠠᠨ ᠤᠯᠠᠷᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠢ ᠲᠣᠭᠲᠠᠭᠤᠨ ᠢᠶᠠᠷ ᠬᠥᠭᠵᠢᠵᠦ᠂ ᠦᠷᠭᠦᠯᠵᠢᠯᠡᠨ ᠰᠠᠶᠢᠵᠢᠷᠠᠨ ᠦᠢᠯᠡᠳᠪᠦᠷᠢᠯᠡᠯ ᠬᠠᠩᠭᠠᠯᠭ᠎ᠠ ᠲᠣᠭᠲᠠᠭᠤᠨ ᠤ ᠳᠤᠮᠳᠠ ᠲᠦᠷᠭᠡᠳᠴᠦ᠂ ᠲᠦᠷᠭᠡᠨ ᠤ ᠳᠤᠮᠳᠠ ᠶᠠᠰᠤ ᠴᠢᠨᠠᠷ ᠳᠡᠭᠡᠭᠰᠢᠯᠡᠵᠡᠢ᠃    ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠲᠦᠷᠦᠭᠦᠸ ᠭᠤᠷᠪᠠᠨ ᠤᠯᠠᠷᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 476.45 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12.2% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠬᠢ ᠠᠴᠠ 2.1 ᠵᠠᠭᠤᠨ ᠤ ᠨᠢᠭᠡᠴᠢ ᠥᠨᠳᠥᠷ ᠪᠣᠯᠵᠠᠢ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 2.38 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6% ᠨᠡᠮᠡᠭᠳᠡᠵᠡᠢ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 322.55 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.7% ᠨᠡᠮᠡᠭᠳᠡᠪᠡ  ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 151.52 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.3% ᠨᠡᠮᠡᠭᠳᠡᠪᠡ᠃ ᠭᠤᠷᠪᠠᠨ ᠠᠵᠤ ᠦᠢᠯᠡᠰ ᠤᠨ ᠡᠵᠡᠯᠡᠬᠦ ᠬᠠᠷᠢᠴᠠᠯ ᠨᠢ 0.5᠄ 67.7᠄ 31.8 ᠪᠣᠯᠣᠨ᠎ᠠ᠃     ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠬᠤᠷᠳᠤᠴᠠ ᠶᠢ ᠦᠷᠭᠦᠯᠵᠢᠯᠡᠨ ᠲᠦᠷᠭᠡᠳᠬᠡᠪᠡ     ᠲᠦᠷᠦᠭᠦᠸ ᠭᠤᠷᠪᠠᠨ ᠤᠯᠠᠷᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 32.4% ᠨᠡᠮᠡᠭᠳᠡᠵᠦ᠂ ᠬᠤᠶᠠᠳᠤᠭᠠᠷ ᠤᠯᠠᠷᠢᠯ ᠤᠨ ᠬᠢ ᠠᠴᠠ 6.8 ᠵᠠᠭᠤᠨ ᠤ ᠨᠢᠭᠡᠴᠢ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠣᠷᠣᠨ ︵7.6%︶᠂ ᠪᠥᠬᠦ ᠬᠤᠲᠠ ︵23.7%︶ ᠠᠴᠠ 24.8 ᠪᠠ 8.7 ᠵᠠᠭᠤᠨ ᠤ ᠨᠢᠭᠡᠴᠢ ᠥᠨᠳᠥᠷ ᠪᠣᠯᠵᠠᠢ᠃     ᠭᠤᠷᠪᠠᠨ ᠶᠡᠭᠡ ᠲᠦᠷᠦᠯ ᠤᠨ ᠨᠡᠮᠡᠭᠳᠡᠯ ᠦᠷᠲᠡᠭ ᠤᠨ ︽ᠬᠤᠶᠠᠷ ᠢ ᠨᠡᠮᠡᠭᠳᠡᠭᠦᠯᠵᠦ ᠨᠢᠭᠡ ᠶᠢ ᠪᠠᠭᠤᠷᠠᠭᠤᠯᠪᠠ︾ ᠃ ᠳᠡᠭᠡᠷ᠎ᠡ ᠬᠠᠭᠠᠰ ᠵᠢᠯ ᠳᠤ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ 32.9% ᠪᠠᠭᠤᠷᠠᠪᠠ  ᠃ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ 28.3% ᠨᠡᠮᠡᠭᠳᠡᠵᠦ᠂ ᠴᠠᠬᠢᠯᠭᠠᠨ ᠬᠦᠴᠦᠨ ᠤ ᠰᠢᠲᠠᠮᠠᠬᠠᠢ ᠬᠡᠢ ᠤᠰᠤᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 34.5% ᠨᠡᠮᠡᠭᠳᠡᠵᠡᠢ᠃ ᠭᠤᠷᠪᠠᠨ ᠲᠣᠮᠣ ᠲᠥᠷᠥᠯ ᠤᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ ᠨᠢ ᠲᠣᠰ ᠲᠣᠰ 0.1%᠂ 97% ᠪᠠ 2.9% ᠪᠣᠯᠣᠨ᠎ᠠ᠃     22 ᠠᠵᠢᠯ ᠲᠦᠷᠦᠯ ᠤᠨ ᠲᠣᠮᠣ ᠲᠦᠷᠦᠯ ᠤᠨ ᠳᠣᠲᠣᠷᠠᠬᠢ 14 ᠠᠵᠢᠯ ᠲᠦᠷᠦᠯ ᠤᠨ ᠨᠡᠮᠡᠭᠳᠡᠯ ᠦᠷᠳᠡᠭ ᠨᠢ ᠨᠡᠮᠡᠭᠳᠡᠯ ᠢ ᠪᠡᠶᠡᠯᠡᠭᠦᠯᠪᠡ᠃ ᠨᠡᠮᠡᠭᠳᠡᠯ ᠥᠷᠲᠡᠭ ᠤᠨ ᠲᠦᠷᠦᠭᠦᠸ ᠭᠤᠷᠪᠠ   ᠠᠴᠠ ᠡᠵᠡᠯᠡᠬᠦ ᠠᠵᠢᠯ ᠲᠥᠷᠥᠯ ᠪᠣᠯ ᠲᠣᠰ ᠲᠣᠰ ᠥᠩᠭᠡᠲᠦ ᠲᠡᠮᠦᠷᠯᠢᠭ ᠬᠠᠶᠢᠯᠤᠭᠤᠯᠬᠤ ᠪᠠ ᠳᠠᠷᠤᠵᠤ ᠤᠷᠲᠤᠳᠬᠠᠨ ᠡᠳ᠋ᠰᠢᠭᠦᠯᠬᠦ ᠦᠢᠯᠡᠰ ᠪᠣᠯᠣᠨ᠎ᠠ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 26.3% ᠪᠠᠷ ᠨᠡᠮᠡᠭᠳᠡᠵᠦ᠂ ᠪᠥᠬᠦ ᠣᠷᠣᠨ ᠤ ᠲᠣᠭᠲᠠᠭᠠᠭᠰᠠᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 17.1 ᠵᠠᠭᠤᠨ ᠤ ᠨᠢᠭᠡᠴᠢ ᠳᠠᠶᠢᠴᠢᠯᠠᠪᠠ  ᠃ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 4.3% ᠨᠡᠮᠡᠭᠳᠡᠵᠦ᠂ ᠪᠥᠬᠦ ᠣᠷᠣᠨ ᠤ ᠲᠣᠭᠲᠠᠭᠠᠭᠰᠠᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 0.7 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠨ᠂ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 48.9% ᠨᠡᠮᠡᠭᠳᠡᠵᠦ᠂ ᠪᠥᠬᠦ ᠣᠷᠣᠨ ᠤ ᠲᠣᠭᠲᠠᠭᠠᠭᠰᠠᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 4.7 ᠵᠠᠭᠤᠨ ᠤ ᠨᠢᠭᠡᠴᠢ ᠨᠡᠮᠡᠭᠳᠡᠬᠦ ᠶᠢ ᠲᠦᠯᠬᠢᠨ ᠠᠬᠢᠭᠤᠯᠪᠠ᠃      ︽ᠬᠤᠶᠠᠷ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠳᠦᠯ ᠲᠣᠪᠣᠶᠢᠮ᠎ᠠ ᠪᠠᠶᠢᠨ᠎ᠠ᠃ ᠲᠦᠷᠦᠭᠦᠸ ᠭᠤᠷᠪᠠᠨ ᠤᠯᠠᠷᠢᠯ ᠳᠤ᠂ ᠬᠤᠪᠣᠷ ᠰᠢᠷᠣᠢ ᠶᠢᠨ ᠠᠵᠤ ᠦᠢᠯᠡᠰ ᠤᠨ ᠨᠡᠮᠡᠭᠳᠡᠯ ᠥᠷᠲᠡᠭ 32.4% ᠨᠡᠮᠡᠭᠳᠡᠵᠦ᠂ ᠲᠠᠯᠠᠰᠲᠤ ᠴᠠᠬᠢᠭᠤᠷ ᠤᠨ ᠠᠵᠤ ᠦᠢᠯᠡᠰ ᠤᠨ ᠨᠡᠮᠡᠭᠳᠡᠯ ᠥᠷᠲᠡᠭ 308. 2% ᠨᠡᠮᠡᠭᠳᠡᠵᠦ᠂ ᠬᠤᠶᠠᠷ ᠲᠣᠮᠣ ᠲᠤᠭ ᠬᠡᠯᠪᠡᠷᠢᠲᠦ ᠠᠵᠤ ᠦᠢᠯᠡᠰ ᠨᠢ ᠮᠠᠨ ᠤ ᠣᠷᠣᠨ ᠤ ᠲᠣᠭᠲᠠᠭᠠᠯ ᠳᠡᠭᠡᠷᠡᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 28.6 ᠵᠠᠭᠤᠨ ᠤ ᠨᠢᠭᠡᠴᠢ ᠨᠡᠮᠡᠭᠳᠡᠭᠦᠯᠬᠦ ᠶᠢ ᠳᠠᠶᠢᠴᠢᠯᠠᠪᠠ᠃     ᠳᠥᠷᠪᠡᠨ ᠶᠡᠭᠡ ᠭᠤᠣᠯᠳᠠᠯᠭ᠎ᠠ ᠲᠠᠢ ᠠᠵᠤ ᠦᠢᠯᠡᠰ ᠤᠨ ᠬᠤᠪᠢ ᠨᠡᠮᠡᠷᠢ ᠬᠤᠪᠣᠷ ᠰᠢᠷᠣᠢ ᠶᠢᠨ ᠠᠵᠤ ᠦᠢᠯᠡᠰ᠂ ᠲᠡᠷᠢᠭᠦᠨ ᠤ ᠲᠡᠮᠦᠷᠯᠢᠭ ᠤᠨ ᠦᠢᠯᠡᠳᠬᠦ ᠦᠢᠯᠡᠰ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠰᠢᠨ᠎ᠡ ᠡᠨᠧᠷᠭᠢ ᠶᠢᠨ ᠠᠵᠤ ᠦᠢᠯᠡᠰ ᠤᠨ ᠳᠡᠭᠡᠳᠦ ᠰᠢᠨ᠎ᠡ ᠮᠡᠷᠭᠡᠵᠢᠯ ᠤᠨ ᠬᠦᠷᠢᠶᠡᠯᠡᠩ ᠵᠡᠷᠭᠡ ᠳᠥᠷᠪᠡᠨ ᠶᠡᠭᠡ ᠭᠤᠣᠯᠳᠠᠯᠭ᠎ᠠ ᠲᠠᠢ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 27.6% ᠨᠡᠮᠡᠭᠳᠡᠵᠦ᠂ ᠪᠥᠬᠦ ᠲᠣᠭᠲᠠᠭᠠᠯ   ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 90.1% ᠶᠢ ᠡᠵᠡᠯᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠵᠠᠭᠤᠨ ᠤ ᠬᠤᠪᠢ ᠳᠤ ᠬᠥᠷᠪᠡ᠃ ᠡᠭᠦᠨ ᠳᠤ᠂ ᠰᠢᠨ᠎ᠡ ᠡᠨᠧᠷᠭᠢ ᠶᠢᠨ ᠠᠵᠤ ᠦᠢᠯᠡᠰ ᠲᠠᠬᠢ ᠬᠡᠷᠡᠯ ᠴᠡᠨᠡᠭ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 308.2% ᠬᠦᠷᠴᠦ᠂ ᠬᠤᠪᠣᠷ ᠰᠢᠷᠣᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 32.4% ᠬᠦᠷᠴᠦ᠂ ᠴᠠᠬᠢᠭᠤᠷ ᠪᠣᠯᠣᠨ ᠬᠤᠪᠣᠷ ᠰᠢᠷᠣᠢ ᠶᠢᠨ ᠬᠤᠶᠠᠷ ᠲᠣᠮᠣ ᠠᠵᠤ ᠦᠢᠯᠡᠰ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 28.6 ᠵᠠᠭᠤᠨ ᠤ ᠨᠢᠭᠡᠴᠢ ᠳᠠᠶᠢᠴᠢᠯᠠᠨ᠂ ᠬᠤᠪᠢ ᠨᠡᠮᠡᠷᠢ ᠶᠢᠨ ᠨᠣᠷᠮ᠎ᠠ 88.3% ᠪᠣᠯᠪᠠ᠃    ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠲᠦᠷᠭᠡᠳᠬᠡᠨ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠨᠡᠮᠡᠭᠳᠡᠯ ᠦᠷᠳᠡᠭ ᠳᠡᠭᠡᠳᠦ ᠬᠤᠷᠳᠤᠴᠠ ᠪᠠᠷ ᠨᠡᠮᠡᠭᠳᠡᠪᠡ᠃ ᠳᠡᠭᠡᠷ᠎ᠡ ᠬᠠᠭᠠᠰ ᠵᠢᠯ ᠳᠤ  ᠱᠤᠸᠠᠩ ᠯᠢᠶᠠᠩ ᠴᠠᠬᠢᠭᠤᠷ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠤᠨ ᠲᠠᠶᠢᠴᠢᠯᠠᠯ ᠢᠶᠠᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠳᠡᠭᠡᠳᠦ ᠮᠡᠷᠭᠡᠵᠢᠯ ᠤᠨ ᠠᠵᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 98.4% ᠨᠡᠮᠡᠭᠳᠡᠵᠦ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠠᠴᠠ 66 ᠵᠠᠭᠤᠨ ᠤ ᠨᠢᠭᠡᠴᠢ ᠥᠨᠳᠥᠷ ᠪᠣᠯᠵᠤ᠂ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠡᠵᠡᠯᠡᠬᠦ ᠬᠠᠷᠢᠴᠠᠯ 17.5% ᠲᠤ ᠬᠦᠷᠴᠡᠢ᠃    ᠬᠤᠶᠠᠷ᠂ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ ᠶᠠᠰᠤ ᠴᠢᠨᠠᠷ ᠤᠨ ᠳᠡᠭᠡᠭᠰᠢᠯᠡᠯᠲᠡ ᠶᠢ ᠪᠡᠶᠡᠯᠡᠭᠦᠯᠪᠡ     ᠲᠦᠷᠦᠭᠦᠸ ᠭᠤᠷᠪᠠᠨ ᠤᠯᠠᠷᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠨᠡᠶᠢᠲᠡ 132.74 ᠳ᠋ᠦᠩᠰᠢᠭᠤᠷ ᠲᠥᠭᠦᠷᠢᠭ ᠪᠡᠶᠡᠯᠡᠭᠦᠯᠵᠦ ᠂ ᠠᠳᠠᠯᠢ ᠬᠤᠭᠤᠴᠠᠭᠠᠨ ᠤ ᠬᠢ ᠠᠴᠠ 61.7% ᠪᠠᠷ ᠨᠡᠮᠡᠭᠳᠡᠨ᠂ ᠲᠤᠭ᠎ᠠ ᠬᠡᠮᠵᠢᠶ᠎ᠡ ᠶᠠᠰᠤ ᠴᠢᠨᠠᠷ ᠤᠨ ᠳᠡᠭᠡᠭᠰᠢᠯᠡᠯᠲᠡ ᠶᠢ ᠪᠡᠶᠡᠯᠡᠭᠦᠯᠪᠡ᠃     ᠪᠡᠯᠡ ᠣᠷᠣᠭᠤᠯᠤᠯᠲᠠ ᠶᠢᠨ ᠪᠦᠲᠦᠴᠡ ᠠᠴᠠ ᠦᠵᠡᠪᠡᠯ᠂ ᠪᠡᠯᠡ ᠣᠷᠣᠭᠤᠯᠤᠯᠲᠠ ᠦᠷᠭᠦᠯᠵᠢᠯᠡᠨ ᠲᠦᠷᠭᠡᠨ ᠢᠶᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠡᠭᠡ ᠪᠠᠷ ᠲᠦᠯᠬᠢᠨ ᠠᠬᠢᠭᠤᠯᠣᠭᠳᠠᠵᠣ᠂ ᠬᠤᠪᠢ ᠨᠡᠮᠡᠷᠢ ᠨᠢ ᠲᠣᠪᠣᠶᠢᠮ᠎ᠠ ᠪᠠᠶᠢᠨ᠎ᠠ᠃ ᠬᠤᠶᠠᠳᠤᠭᠠᠷ ᠠᠵᠤ ᠦᠢᠯᠡᠰ 103.72 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 114.6% ᠪᠠᠷ ᠨᠡᠮᠡᠭᠳᠡᠨ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 67.5 ᠵᠠᠭᠤᠨ ᠤ ᠨᠢᠭᠡᠴᠢ ᠳᠠᠶᠢᠴᠢᠯᠠᠪᠠ᠂ ᠡᠭᠦᠨ ᠳᠤ ᠦᠢᠯᠡᠳᠬᠦ ᠦᠢᠯᠡᠰ ᠤᠨ ᠪᠡᠯᠡ ᠣᠷᠣᠭᠤᠯᠤᠯᠲᠠ 105.1% ᠪᠠᠷ ᠨᠡᠮᠡᠭᠳᠡᠨ᠂ ᠪᠥᠬᠦ ᠪᠡᠯᠡ ᠣᠷᠣᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 99.2% ᠬᠦᠷᠴᠡᠢ  ᠃ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 28.92 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 14.3% ᠪᠠᠷ ᠪᠠᠭᠤᠷᠠᠪᠠ᠃     ᠠᠷᠠᠳ ᠤᠨ ᠪᠡᠯᠡ ᠣᠷᠣᠭᠤᠯᠤᠯᠲᠠ ᠠᠴᠠ ᠦᠵᠡᠪᠡᠯ᠂ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠠᠯᠬᠤᠮ ᠠᠯᠬᠤᠮ ᠢᠶᠠᠷ ᠪᠠᠳᠠᠷᠠᠪᠠ᠃ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 58.9% ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ 86% ᠬᠦᠷᠴᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠬᠦ ᠠᠷᠠᠳ ᠤᠨ ᠪᠡᠯᠡ ᠣᠷᠣᠭᠤᠯᠤᠯᠲᠠ ᠶᠢᠨ ᠬᠤᠪᠢ ᠨᠡᠮᠡᠷᠢ ᠶᠢᠨ ᠨᠣᠷᠮ᠎ᠠ 81.6% ᠬᠦᠷᠴᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 50.4 ᠵᠠᠭᠤᠨ ᠤ ᠨᠢᠭᠡᠴᠢ ᠳᠠᠶᠢᠴᠢᠯᠠᠪᠠ᠃     ᠰᠢᠨ᠎ᠡ ᠪᠠᠷ ᠠᠵᠢᠯ ᠡᠬᠢᠯᠡᠭᠦᠯᠦᠭᠰᠡᠨ ᠲᠥᠷᠥᠯ ᠵᠦᠢᠯ ᠤᠨ ᠳᠠᠶᠢᠴᠢᠯᠠᠬᠤ ᠦᠢᠯᠡᠳᠦᠯ ᠠᠴᠠ ᠦᠵᠡᠪᠡᠯ᠂ 2023 ᠣᠨ ᠳᠤ 61 ᠲᠥᠷᠥᠯ ᠵᠦᠢᠯ ︵ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ 1 ᠲᠥᠷᠥᠯ ᠵᠦᠢᠯ ᠪᠠᠭᠲᠠᠨ᠎ᠠ︶ ᠰᠢᠨ᠎ᠡ ᠪᠠᠷ ᠬᠥᠮᠥᠷᠭᠡ ᠳᠤ ᠣᠷᠣᠭᠤᠯᠵᠤ᠂ ᠲᠦᠷᠦᠭᠦᠸ ᠭᠤᠷᠪᠠᠨ ᠤᠯᠠᠷᠢᠯ ᠳᠤ 70.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠥᠬᠦ ᠪᠡᠯᠡ ᠣᠷᠣᠭᠤᠯᠤᠯᠲᠠ ᠶᠢᠨ 52.9% ᠶᠢ ᠡᠵᠡᠯᠡᠵᠦ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 85.5 ᠵᠠᠭᠤᠨ ᠤ ᠨᠢᠭᠡᠴᠢ ᠨᠡᠮᠡᠭᠳᠡᠭᠦᠯᠬᠦ ᠪᠠᠷ ᠳᠠᠶᠢᠴᠢᠯᠠᠪᠠ᠃     ᠭᠤᠷᠪᠠ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠰᠠᠶᠢᠵᠢᠷᠠᠯᠲᠠ ᠲᠡᠶᠢᠰᠢ ᠬᠠᠨᠳᠣᠪᠠ     ᠲᠦᠷᠦᠭᠦᠸ ᠭᠤᠷᠪᠠᠨ ᠤᠯᠠᠷᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 58.34 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠪᠡ᠃     ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭᠠᠨ ᠤ ᠪᠦᠲᠦᠴᠡ ᠠᠴᠠ ᠦᠵᠡᠪᠡᠯ᠂ 1-9 ᠰᠠᠷ᠎ᠠ ᠳᠤ ᠬᠢᠵᠠᠭᠠᠷᠯᠠᠭᠰᠠᠨ ᠲᠤᠭ᠎ᠠ   ᠠᠴᠠ ᠳᠡᠭᠡᠭᠰᠢᠬᠢ ᠠᠵᠤ ᠠᠬᠤᠶᠢᠯᠠᠯ ᠤᠨ ᠪᠡᠶᠡᠯᠡᠭᠦᠯᠦᠭᠰᠡᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 31.89 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠪᠡ᠂ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 29.71 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠨ᠂ ᠬᠢᠵᠠᠭᠠᠷᠯᠠᠭᠰᠠᠨ ᠲᠤᠭ᠎ᠠ   ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭᠠᠨ ᠤ 93.2%   ᠢ ᠡᠵᠡᠯᠡᠵᠦ᠂ ᠬᠢᠵᠠᠭᠠᠷᠯᠠᠭᠰᠠᠨ ᠲᠤᠭ᠎ᠠ   ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭᠠᠨ ᠤ 6 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠪᠠ  ᠃ ᠭᠡᠷ ᠤᠨ ᠴᠠᠬᠢᠯᠭᠠᠨ ᠬᠡᠷᠡᠭᠰᠡᠯ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 0.38 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.7% ᠪᠠᠷ ᠨᠡᠮᠡᠭᠳᠡᠨ᠂ ᠬᠢᠵᠠᠭᠠᠷᠯᠠᠭᠰᠠᠨ ᠲᠤᠭ᠎ᠠ   ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭᠠᠨ ᠤ 1.2%   ᠢ ᠡᠵᠡᠯᠡᠪᠡ  ᠃ ᠬᠢᠲᠠᠳ ᠡᠸᠦ᠋ᠷᠦᠫᠡ ᠡᠮ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 0.81 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭᠠᠨ ᠤ 2.5%  ᠶᠢ  ᠡᠵᠡᠯᠡᠪᠡ᠃     ᠳᠥᠷᠪᠡ᠂ ᠦᠢᠯᠡᠴᠢᠯᠡᠭᠡᠨ ᠤ ᠦᠢᠯᠡᠰ ᠤᠨ ᠠᠵᠢᠯ ᠲᠥᠷᠥᠯ ᠤᠨ ᠰᠡᠷᠭᠦᠯᠲᠡ ᠰᠠᠶᠢᠵᠢᠷᠠᠪᠠ     ᠲᠦᠷᠦᠭᠦᠸ ᠭᠤᠷᠪᠠᠨ ᠤᠯᠠᠷᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 65 ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 86.92 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.9% ᠪᠠᠷ ᠨᠡᠮᠡᠭᠳᠡᠪᠡ     ᠠᠵᠢᠯ ᠲᠥᠷᠥᠯ ᠤᠨ ᠲᠥᠷᠥᠯ ᠵᠦᠢᠯ ᠠᠴᠠ ᠦᠵᠡᠪᠡᠯ᠂ ᠬᠤᠯᠪᠣᠭᠳᠠᠭᠰᠠᠨ 8 ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠨᠢ ᠲᠤᠯᠤᠭᠠᠨ ᠵᠥᠪ ᠨᠢᠭᠡ ᠳᠠᠷᠤᠭᠠᠰᠤ ᠶᠢ ᠪᠡᠶᠡᠯᠡᠭᠦᠯᠪᠡ᠃ ᠭᠤᠣᠯᠳᠠᠯᠭ᠎ᠠ ᠲᠠᠢ ᠠᠵᠢᠯ ᠲᠥᠷᠥᠯ ᠠᠴᠠ ᠦᠵᠡᠪᠡᠯ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 50.39 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.5% ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 58% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 6.1 ᠵᠠᠭᠤᠨ ᠤ ᠨᠢᠭᠡᠴᠢ ᠨᠡᠡᠮᠭᠳᠡᠭᠦ ᠶᠢ ᠲᠦᠯᠬᠢᠨ ᠠᠬᠢᠭᠤᠯᠪᠠ  ᠃ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 20.49 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 23.6% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 1.1 ᠵᠠᠭᠤᠨ ᠤ ᠨᠢᠭᠡᠴᠢ ᠨᠡᠡᠮᠭᠳᠡᠭᠦ ᠶᠢ ᠲᠦᠯᠬᠢᠨ ᠠᠬᠢᠭᠤᠯᠪᠠ︔ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 8.13 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 22.6% ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 9.4% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠢ 1.9 ᠵᠠᠭᠤᠨ ᠤ ᠨᠢᠭᠡᠴᠢ ᠨᠡᠡᠮᠭᠳᠡᠭᠦ ᠶᠢ ᠲᠦᠯᠬᠢᠨ ᠠᠬᠢᠭᠤᠯᠪᠠ᠃    ᠲᠠᠪᠤ᠂ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠪᠠ     ᠲᠦᠷᠦᠭᠦᠸ ᠭᠤᠷᠪᠠᠨ ᠤᠯᠠᠷᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 47087 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2% ᠨᠡᠮᠡᠭᠳᠡᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 31738 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.7% ᠨᠡᠮᠡᠭᠳᠡᠵᠡᠢ᠃    ᠶᠡᠷᠦᠩᠬᠡᠢ ᠳᠤᠨᠢ ᠠᠪᠴᠤ ᠦᠵᠡᠪᠡᠯ᠂ ᠲᠦᠷᠦᠭᠦᠸ ᠭᠤᠷᠪᠠᠨ ᠤᠯᠠᠷᠢᠯ ᠳᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠢ ᠦᠷᠭᠦᠯᠵᠢᠯᠡᠨ ᠰᠡᠷᠭᠦᠨ ᠰᠠᠶᠢᠵᠢᠷᠠᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠢᠶᠠᠷ ᠠᠬᠢᠵᠤ᠂ ᠪᠥᠬᠦ ᠵᠢᠯ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠭᠡᠪᠡᠴᠦ ᠪᠦᠬᠦᠯᠢ ᠴᠣᠭᠴᠠ   ᠶᠢᠨ ᠠᠵᠤ ᠠᠬᠤᠢ ᠶᠢᠨ ᠣᠷᠴᠢᠨ ᠨᠥᠬᠦᠴᠡᠯ ᠨᠡᠩ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠣᠯᠵᠤ᠂ ᠠᠵᠢᠯ ᠲᠥᠷᠥᠯ ᠤᠨ ᠳᠣᠲᠣᠭᠠᠳᠤ   ᠶᠢᠨ ᠬᠡᠷᠡᠭᠴᠡᠭᠡ ᠮᠥᠨ ᠬᠦ ᠬᠦᠷᠦᠯᠴᠡᠬᠦ ᠦᠭᠡᠢ ᠪᠠᠶᠢᠵᠤ᠂ ᠠᠵᠤ ᠠᠬᠤᠢ   ᠶᠢᠨ ᠰᠡᠷᠭᠦᠨ ᠰᠠᠶᠢᠵᠢᠷᠠᠬᠤ ᠰᠠᠭᠤᠷᠢ   ᠶᠢ ᠮᠥᠨ ᠬᠦ ᠪᠠᠬᠢᠵᠢᠭᠦᠯᠬᠦ ᠴᠢᠬᠤᠯᠠᠲᠠᠢ ᠪᠠᠶᠢᠨ᠎ᠠ ᠭᠡᠳᠡᠭ   ᠢ ᠣᠯᠵᠤ ᠬᠠᠷᠠᠬᠤ ᠬᠡᠷᠡᠭᠲᠡᠢ᠃ ᠲᠠᠷᠠᠭᠠᠴᠢ ᠶᠢᠨ ᠱᠠᠲᠤᠨ ᠳᠤ ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃  
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号