【ᠲᠥᠷᠥ ᠶᠢᠨ ᠪᠣᠳᠣᠯᠭ᠎ᠠ ᠶᠢᠨ ᠲᠠᠶᠢᠯᠤᠮᠵᠢ】︽ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠠᠵᠤ ᠠᠬᠤᠶᠢᠯᠠᠯ ᠮᠡᠷᠭᠡᠵᠢᠯ ᠤᠨ ᠰᠢᠨᠡᠴᠢᠯᠡᠯᠲᠡ ᠶᠢᠨ ᠱᠠᠩᠨᠠᠯ ᠤᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/2
    ᠨᠢᠭᠡ᠂ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠱᠠᠩᠨᠠᠯ     1. ᠲᠥᠷᠥ ᠶᠢᠨ ᠪᠣᠳᠣᠯᠭ᠎ᠠ ᠶᠢᠨ ᠤᠭ ᠵᠣᠬᠢᠶᠠᠯ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠠᠰ ᠤᠨ ᠰᠤᠳᠤᠯᠤᠨ ᠨᠡᠭᠡᠭᠡᠬᠦ ᠲᠥᠪ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠪᠠᠷ ᠲᠣᠭᠲᠠᠭᠠᠭᠰᠠᠨ ᠠᠵᠤ ᠠᠬᠤᠶᠢᠯᠠᠯ ᠳᠤ 5 ᠠᠴᠠ 10 ᠲᠦᠮᠡᠨ ᠱᠠᠩᠨᠠᠯ ᠤᠨ ᠮᠥᠩᠭᠦ ︵ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ 10 ᠲᠦᠮᠡᠨ ᠱᠠᠩᠨᠠᠯ᠂ ᠬᠡᠪᠴᠢᠶᠡᠵᠢᠯ ᠠᠴᠠ ᠳᠣᠷᠣᠭᠰᠢᠬᠢ ᠠᠵᠤ ᠠᠬᠤᠶᠢᠯᠠᠯ ᠳᠤ 5 ᠲᠦᠮᠡᠨ ᠲᠥᠭᠦᠷᠢᠭ ᠢᠶᠠᠷ ᠱᠠᠩᠨᠠᠨ᠎ᠠ︶ ᠣᠯᠭᠤᠵᠤ ᠪᠠᠶᠢᠭ᠎ᠠ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠺᠠᠳᠧᠮᠢᠴᠢ ᠶᠢᠨ ᠠᠵᠢᠯ ᠤᠨ ᠥᠷᠲᠡᠭᠡ ᠪᠠᠷ ᠮᠠᠭᠠᠳᠯᠠᠨ ᠲᠣᠭᠲᠠᠭᠠᠭᠰᠠᠨ ᠪᠠᠶᠢᠪᠠᠯ᠂ ᠡᠷᠦᠬᠡ ᠪᠦᠷᠢ ᠳᠤ 10 - 20 ᠲᠦᠮᠡᠨ ᠲᠥᠭᠦᠷᠢᠭ ᠤᠨ ᠱᠠᠩᠨᠠᠯ ᠤᠨ ᠪᠠᠯᠠ ᠮᠥᠩᠭᠦ ︵ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ 20 ᠲᠦᠮᠡᠨ ᠲᠥᠭᠦᠷᠢᠭ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ 10 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠣᠯᠭᠤᠨ᠎ᠠ︶︔ ᠰᠤᠳᠤᠯᠤᠨ ᠨᠡᠭᠡᠭᠡᠬᠦ ᠲᠥᠪ ᠲᠤ ᠪᠤᠭᠤᠲᠤ ᠬᠤᠲᠠ ᠶᠢᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠪᠤᠶᠤ ᠤᠯᠤᠰ ᠤᠨ ᠲᠠᠰ ᠤᠨ ᠲᠥᠪ ᠪᠣᠯᠤᠭᠰᠠᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠶ ᠪᠠᠷ 5 - 20 ᠲᠦᠮᠡᠨ ᠲᠥᠭᠦᠷᠢᠭ ᠤᠨ ᠱᠠᠩᠨᠠᠯ ᠤᠨ ᠪᠠᠯᠠ ᠮᠥᠩᠭᠦ ︵ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ 10 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ︶ ᠣᠯᠭᠤᠨ᠎ᠠ᠃      2. ᠱᠠᠩᠨᠠᠬᠤ ᠬᠡᠪᠴᠢᠶ᠎ᠡ᠃ ᠬᠤᠪᠣᠷ  ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠷᠢᠶ᠎ᠠ ᠣᠷᠣᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ ᠠᠵᠤ ᠠᠬᠤᠢᠯᠠᠯ᠃     3. ᠱᠠᠩᠨᠠᠬᠤ ᠠᠷᠭ᠎ᠠ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ‍ᠤᠨ‌ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ ᠨᠢ ᠲᠤᠰᠬᠠᠶ ᠲᠥᠷᠥᠯ ᠤᠨ ᠪᠡᠯᠡ ᠮᠥᠩᠭᠦ ᠶᠢᠨ ᠠᠷᠭ᠎ᠠ ᠮᠠᠶ᠋ᠢᠭ ᠢᠶᠠᠷ ᠠᠯᠪᠠᠨ ᠲᠤᠰᠢᠶᠠᠯ ᠢᠶᠠᠷ ᠮᠡᠳᠡᠭᠦᠯᠦᠭᠰᠡᠨ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠳᠠᠩᠰᠠᠨ ᠡᠷᠦᠬᠡ ᠳᠤ ᠰᠢᠯᠵᠢᠭᠦᠯᠦᠨ ᠥᠭᠭᠦᠨ᠎ᠡ᠃      4. ᠱᠠᠩᠨᠠᠬᠤ ᠦᠶᠡᠯᠡᠯ᠃ ᠡᠨᠡ ᠬᠦ ᠰᠢᠯᠭᠠᠷᠠᠭᠤᠯᠤᠯᠲᠠ ᠶᠢᠨ ᠱᠠᠩᠨᠠᠯ ᠢ ᠵᠢᠯ ᠪᠦᠷᠢ ᠨᠢᠭᠡ ᠤᠳᠠᠭ᠎ᠠ ᠥᠷᠨᠢᠭᠦᠯᠦᠨ᠎ᠡ᠃ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠤᠳᠤᠯᠤᠨ ᠨᠡᠭᠡᠭᠡᠬᠦ ᠲᠥᠪ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠪᠠᠷ ᠦᠨᠡᠯᠡᠭᠳᠡᠭᠰᠡᠨ ᠠᠵᠤ ᠠᠬᠤᠶᠢᠯᠠᠯ ᠨᠢ ᠲᠤᠰ ᠵᠢᠯ ᠤᠨ ᠱᠠᠩᠨᠠᠯ ᠬᠦᠷᠲᠡᠪᠡ︔ ᠥᠪᠡᠷᠲᠡᠭᠡᠨ ᠵᠠᠰᠠᠬᠤ ᠣᠷᠣᠨ ᠤ ᠰᠤᠳᠤᠯᠤᠨ ᠨᠡᠭᠡᠭᠡᠬᠦ ᠲᠥᠪ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠺᠠᠳᠧᠮᠢᠴᠢ ᠶᠢᠨ ᠠᠵᠢᠯᠯᠠᠬᠤ ᠥᠷᠲᠡᠭᠡ ᠪᠠᠷ ᠦᠨᠡᠯᠡᠭᠳᠡᠭᠰᠡᠨ ᠠᠵᠤ ᠠᠬᠤᠶᠢᠯᠠᠯ ᠨᠢ ᠳᠠᠷᠠᠭ᠎ᠠ ᠵᠢᠯ ᠳᠤᠨᠢ ᠨᠥᠬᠦᠪᠥᠷᠢ ᠥᠭᠭᠦᠨ᠎ᠡ᠃ ᠠᠳᠠᠯᠢ ᠲᠡᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠺᠠᠳᠧᠮᠢᠴᠢ ᠶᠢᠨ ᠠᠵᠢᠯᠯᠠᠬᠤ ᠥᠷᠲᠡᠭᠡ ᠪᠠᠷ ᠮᠠᠭᠠᠳᠯᠠᠨ ᠲᠣᠭᠲᠠᠭᠠᠭᠰᠠᠨ ᠠᠵᠤ ᠠᠬᠤᠶᠢᠯᠠᠯ ᠨᠢ ᠳᠠᠪᠬᠤᠷᠳᠠᠭᠤᠯᠤᠨ ᠮᠡᠳᠡᠭᠦᠯᠵᠦ ᠪᠣᠯᠬᠤ ᠦᠭᠡᠢ᠃      5. ᠰᠢᠯᠭᠠᠨ ᠰᠣᠩᠭᠤᠬᠤ ᠠᠷᠭ᠎ᠠ ᠮᠠᠶ᠋ᠢᠭ᠃ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠤᠳᠤᠯᠤᠨ ᠨᠡᠭᠡᠭᠡᠬᠦ ᠲᠥᠪ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠶᠢ ᠭᠤᠶᠤᠴᠢᠯᠠᠨ ᠮᠡᠳᠡᠭᠦᠯᠵᠦ᠂ ᠠᠵᠤ ᠠᠬᠤᠶᠢᠯᠠᠯ ᠠᠴᠠ ᠲᠥᠷᠥᠯ ᠵᠦᠢᠯ ᠤᠨ ᠭᠤᠶᠤᠴᠢᠯᠠᠨ ᠮᠡᠳᠡᠭᠦᠯᠬᠦ ᠪᠢᠴᠢᠭ ᠢᠶᠠᠨ ᠲᠤᠰᠢᠶᠠᠵᠤ᠂ ᠬᠠᠮᠢᠶ᠎ᠠ ᠪᠥᠬᠦᠶ ᠬᠦᠷᠢᠶᠡᠨ ᠤ ᠲᠤᠰᠬᠠᠶ ᠮᠡᠷᠭᠡᠵᠢᠯᠲᠡᠨ ᠢ ᠤᠷᠢᠵᠤ ᠲᠤᠬᠠᠶ ᠶᠢᠨ ᠲᠠᠯᠠᠪᠤᠷ ᠤᠨ ᠬᠢᠨᠠᠨ ᠲᠣᠭᠲᠠᠭᠠᠬᠤ ᠬᠤᠷᠠᠯ ᠬᠤᠷᠠᠯᠳᠤᠭᠤᠯᠵᠤ᠂ ᠭᠤᠶᠤᠴᠢᠯᠠᠨ ᠮᠡᠳᠡᠭᠦᠯᠬᠦ ᠨᠢᠭᠡᠴᠡ ᠶᠢᠨ ᠰᠤᠳᠤᠯᠤᠨ ᠨᠡᠭᠡᠭᠡᠬᠦ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠲᠤᠬᠠᠶ ᠶᠢᠨ ᠲᠠᠯᠠᠪᠠᠶ ᠳᠤ ᠶᠠᠷᠢᠵᠤ ᠬᠠᠷᠢᠭᠤ ᠮᠠᠷᠭᠤᠬᠤ᠂ ᠲᠤᠰᠬᠠᠶ ᠮᠡᠷᠭᠡᠵᠢᠯᠲᠡᠨ ᠬᠤᠪᠢ ᠥᠭᠬᠦ ᠵᠡᠷᠭᠡ ᠠᠷᠭ᠎ᠠ ᠮᠠᠶ᠋ᠢᠭ ᠢ ᠲᠣᠭᠠᠴᠢᠵᠤ᠂ ︽ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠱᠠᠩᠨᠠᠯ ᠤᠨ ᠠᠯᠪᠠᠨ ᠬᠡᠷ︾ ᠳᠠᠬᠢ ᠬᠤᠯᠪᠣᠭᠳᠠᠯ ᠪᠥᠬᠦᠶ ᠭᠤᠶᠤᠴᠢᠯᠠᠨ ᠮᠡᠳᠡᠭᠦᠯᠬᠦ ᠨᠥᠬᠦᠴᠡᠯ ᠤᠨ ᠲᠣᠭᠤᠷᠢᠨ ᠳᠤ ᠲᠠᠰ ᠳᠠᠷᠠᠭᠠᠯᠠᠨ ᠬᠤᠪᠢ ᠥᠭᠴᠦ᠂ ᠨᠡᠷᠡᠰ ᠤᠨ ᠵᠢᠭᠰᠠᠭᠠᠯᠲᠠ ᠶᠣᠰᠣᠭᠠᠷ ᠤᠷᠢᠳ ᠬᠤᠵᠢᠳ ᠰᠢᠯᠢᠳᠡᠭ ᠢ ᠨᠢ ᠰᠣᠩᠭᠤᠨ ᠮᠠᠭᠠᠳᠯᠠᠨ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠵᠡᠷᠭᠡ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠰᠤᠳᠤᠯᠤᠨ ᠨᠡᠭᠡᠭᠡᠬᠦ ᠲᠥᠪ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠺᠠᠳᠧᠮᠢᠴᠢ ᠶᠢᠨ ᠠᠵᠢᠯ ᠤᠨ ᠥᠷᠲᠡᠭᠡ ᠵᠡᠷᠭᠡ ᠰᠤᠳᠤᠯᠤᠨ ᠨᠡᠭᠡᠭᠡᠬᠦ ᠲᠠᠪᠴᠠᠩ ᠳᠤ ᠮᠡᠳᠡᠭᠦᠯᠦᠭᠰᠡᠨ ᠪᠠᠶᠢᠪᠠᠯ᠂ ᠠᠵᠤ ᠠᠬᠤᠶᠢᠯᠠᠯ ᠨᠢ ᠳᠡᠭᠡᠳᠦ ᠱᠠᠲᠤᠨ ᠤ ᠰᠠᠯᠠᠭ᠎ᠠ ᠮᠥᠴᠢᠷ ᠲᠤ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠵᠤ᠂ ᠳᠡᠭᠡᠳᠦ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠠᠴᠠ ᠬᠢᠨᠠᠨ ᠲᠣᠭᠲᠠᠭᠠᠵᠤ ᠲᠣᠭᠲᠠᠭᠠᠨ᠎ᠠ᠃     ᠬᠤᠶᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠲᠥᠯᠥᠪᠯᠡᠭᠡ ᠶᠢᠨ ᠲᠥᠷᠥᠯ ᠵᠦᠢᠯ ᠤᠨ ᠱᠠᠩᠨᠠᠯ     1. ᠲᠥᠷᠥ ᠶᠢᠨ ᠪᠣᠳᠣᠯᠭ᠎ᠠ ᠶᠢᠨ ᠤᠭ ᠵᠣᠬᠢᠶᠠᠯ᠃ ᠳᠣᠣᠷᠠᠬᠢ ᠨᠥᠬᠦᠴᠡᠯ ᠳᠤ ᠨᠡᠶᠢᠴᠡᠭᠰᠡᠨ ᠪᠥᠭᠡᠳ ᠬᠢᠨᠠᠨ ᠲᠣᠭᠲᠠᠭᠠᠬᠤ ᠪᠠᠷ ᠳᠠᠮᠵᠢᠭᠰᠠᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠢᠳᠡᠷ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ ᠴᠢᠳᠠᠪᠤᠷᠢᠲᠠᠨ᠂ ᠭᠤᠣᠯᠳᠠᠯᠭ᠎ᠠ ᠲᠠᠢ ᠬᠦᠷᠢᠶᠡᠨ ᠳᠠᠬᠢ ᠰᠢᠨ᠎ᠡ ᠶᠢ ᠡᠭᠦᠳᠬᠦ ᠪᠦᠯᠬᠦᠮ ᠨᠡᠶᠢᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠳᠤ ᠲᠣᠰ ᠲᠣᠰ ᠡᠭᠦᠷᠭᠡᠯᠡᠵᠦ ᠪᠠᠶᠢᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠢᠯ ᠢ 10 ᠲᠦᠮᠡᠨ ᠲᠥᠭᠦᠷᠢᠭ ᠤᠨ ᠳᠠᠷᠠᠭ᠎ᠠ ᠨᠥᠬᠦᠵᠦ ᠱᠠᠩᠨᠠᠬᠤ ᠪᠡᠯᠡ ᠮᠥᠩᠭᠦ ᠣᠯᠭᠤᠨ᠎ᠠ᠃     2. ᠱᠠᠩᠨᠠᠬᠤ ᠬᠡᠪᠴᠢᠶ᠎ᠡ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠷᠢᠶ᠎ᠠ ᠣᠷᠣᠨ ᠤ ᠳᠣᠲᠣᠷᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ ᠠᠵᠤ ᠠᠬᠤᠶᠢᠯᠠᠯ ᠤᠨ ᠳᠣᠲᠣᠷ᠎ᠠ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠬᠤᠪᠢ ᠬᠥᠮᠦᠨ ᠪᠤᠶᠤ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠭᠤᠯᠤᠨ᠎ᠠ᠃     3. ᠱᠠᠩᠨᠠᠬᠤ ᠠᠷᠭ᠎ᠠ᠃ ᠳᠡᠭᠡᠳᠤ ᠰᠢᠨ᠎ᠡ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤᠪᠴᠢᠶ᠎ᠠ ᠶᠢᠨ ᠬᠢᠨ ᠳᠤᠰᠬᠠᠢ ᠪᠡᠯᠡ ᠮᠦᠩᠬᠦᠨ ᠤ ᠠᠷᠭ᠎ᠠ ᠬᠡᠯᠪᠡᠷᠢ ᠪᠠᠷ ᠳᠠᠩᠰᠠ ᠰᠢᠯᠵᠢᠬᠦᠯᠵᠤ ᠮᠡᠳᠡᠬᠦᠯᠦᠭᠴᠢ ᠶᠢᠨ ᠪᠠᠶᠢᠭ᠎ᠠ ᠠᠵᠤ ᠠᠬᠤᠶᠢᠯᠠᠯ ᠳᠤ ᠡᠳ᠋ ᠤᠨ ᠶᠠᠪᠤᠳᠠᠯ ᠤᠨ ᠳᠠᠩᠰᠠ ᠳᠤ ᠬᠦᠷᠦᠭᠰᠡᠨ ᠤ ᠳᠠᠷᠠᠭ᠎ᠠ᠂ ᠠᠵᠤ ᠠᠬᠤᠶᠢᠯᠠᠯ ᠠᠴᠠ ᠦᠪᠡᠷᠳᠡᠬᠡᠨ ᠱᠠᠩᠨᠠᠨ᠎ᠠ᠃ ᠡᠭᠦᠨ ᠠᠴᠠ ᠭᠠᠳᠠᠨ᠎ᠠ᠂ ᠪᠢᠴᠢᠭ ᠮᠠᠲ᠋ᠧᠷᠢᠶᠠᠯ ᠪᠠᠭᠤᠯᠭᠠᠵᠤ ᠵᠠᠷᠯᠠᠨ ᠬᠥᠬᠢᠭᠦᠯᠵᠦ ᠪᠠᠶᠢᠨ᠎ᠠ᠃     4. ᠱᠠᠩᠨᠠᠬᠤ ᠦᠶᠡᠯᠡᠯ᠃ ᠡᠨᠡ ᠬᠦ ᠰᠢᠯᠭᠠᠷᠠᠭᠤᠯᠤᠯᠲᠠ ᠶᠢᠨ ᠱᠠᠩᠨᠠᠯ ᠢ ᠵᠢᠯ ᠪᠦᠷᠢ ᠨᠢᠭᠡ ᠤᠳᠠᠭ᠎ᠠ ᠥᠷᠨᠢᠭᠦᠯᠦᠨ᠎ᠡ᠃ ᠲᠥᠷᠥᠯ ᠵᠦᠢᠯ ᠪᠠ ᠭᠤᠶᠤᠴᠢᠯᠠᠨ ᠮᠡᠳᠡᠭᠦᠯᠬᠦ ᠬᠥᠮᠦᠰ ᠪᠤᠶᠤ ᠪᠦᠯᠬᠦᠮ ᠨᠢᠭᠡᠪᠦᠷᠢ ᠨᠢ ᠵᠥᠪᠬᠡᠨ ᠨᠢᠭᠡ ᠯᠡ ᠤᠳᠠᠭ᠎ᠠ ᠱᠠᠩᠨᠠᠨ ᠬᠥᠬᠢᠭᠦᠯᠦᠨ᠎ᠡ᠃     5. ᠰᠢᠯᠭᠠᠨ ᠰᠣᠩᠭᠤᠬᠤ ᠠᠷᠭ᠎ᠠ ᠮᠠᠶ᠋ᠢᠭ᠃ ᠬᠤᠯᠪᠣᠭᠳᠠᠯ ᠪᠥᠬᠦᠶ ᠬᠦᠷᠢᠶᠡᠨ ᠤ ᠲᠤᠰᠬᠠᠶ ᠮᠡᠷᠭᠡᠵᠢᠯᠲᠡᠨ ᠢ ᠤᠷᠢᠵᠤ ᠲᠤᠬᠠᠶ ᠶᠢᠨ ᠲᠠᠯᠠᠪᠤᠷ ᠤᠨ ᠲᠥᠷᠥᠯ ᠵᠦᠢᠯ ᠢ ᠬᠢᠨᠠᠨ ᠲᠣᠭᠲᠠᠭᠠᠬᠤ ᠬᠤᠷᠠᠯ ᠬᠤᠷᠠᠯᠳᠤᠭᠤᠯᠵᠤ᠂ ᠵᠢᠱᠢᠭᠳᠡᠭᠰᠡᠳ ︵ᠪᠤᠶᠤ ᠪᠦᠯᠬᠦᠮ ᠨᠡᠶᠢᠲᠡ ᠶᠢᠨ ᠲᠥᠯᠥᠭᠡᠯᠡᠭᠴᠢ︶ ᠲᠤᠬᠠᠶ ᠶᠢᠨ ᠲᠠᠯᠠᠪᠤᠷ ᠲᠤ ᠬᠠᠷᠢᠭᠤ ᠮᠠᠷᠭᠤᠬᠤ᠂ ᠲᠤᠰᠬᠠᠶ ᠮᠡᠷᠭᠡᠵᠢᠯᠲᠡᠨ ᠢᠶᠠᠷ ᠬᠤᠪᠢ ᠥᠭᠬᠦ ᠵᠡᠷᠭᠡ ᠠᠷᠭ᠎ᠠ ᠮᠠᠶ᠋ᠢᠭ ᠢ ᠠᠪᠴᠤ᠂ ︽ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠱᠠᠩᠨᠠᠯ ᠤᠨ ᠠᠷᠭ᠎ᠠ︾ ᠳᠠᠬᠢ ᠬᠤᠯᠪᠣᠭᠳᠠᠯ ᠪᠥᠬᠦᠶ ᠭᠤᠶᠤᠴᠢᠯᠠᠨ ᠮᠡᠳᠡᠭᠦᠯᠬᠦ ᠨᠥᠬᠦᠴᠡᠯ ᠤᠨ ᠲᠣᠭᠤᠷᠢᠨ ᠳᠤ᠂ ᠰᠢᠯᠭᠠᠷᠠᠭᠤᠯᠤᠯᠲᠠ ᠳᠤ ᠣᠷᠣᠯᠴᠠᠭᠴᠢ ᠵᠢᠴᠢ ᠪᠦᠯᠬᠦᠮ ᠨᠡᠶᠢᠲᠡ ᠶᠢᠨ ᠪᠠᠶᠢᠭ᠎ᠠ ᠠᠵᠤ ᠠᠬᠤᠶᠢᠯᠠᠯ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ  ᠳᠤ ᠦᠵᠡᠭᠦᠯᠬᠦ ᠬᠤᠪᠢ ᠨᠡᠮᠡᠷᠢ ᠶᠢᠨ ᠬᠡᠮᠵᠢᠶ᠎ᠡ ᠶᠢ ᠶᠡᠷᠦᠩᠬᠡᠶᠢᠯᠡᠨ ᠪᠣᠳᠣᠯᠬᠢᠯᠠᠵᠤ᠂ ᠴᠢᠨᠠᠷ ᠰᠠᠶᠢᠲᠠᠶ ᠪᠠᠶᠢᠬᠤ ᠶᠢᠨ ᠳᠣᠲᠣᠷ᠎ᠠ ᠠᠴᠠ ᠰᠢᠯᠢᠳᠡᠭ ᠢ ᠨᠢ ᠰᠣᠩᠭᠤᠬᠤ ᠵᠠᠷᠴᠢᠮ ᠶᠣᠰᠣᠭᠠᠷ᠂ ᠡᠴᠦᠰ ᠲᠡᠭᠡᠨ ᠰᠢᠯᠭᠠᠷᠠᠭᠤᠯᠤᠯᠲᠠ ᠳᠤ ᠣᠷᠣᠯᠴᠠᠭᠰᠠᠨ ᠬᠤᠪᠢ ᠬᠥᠮᠦᠨ ᠵᠢᠴᠢ ᠪᠦᠯᠬᠦᠮ ᠨᠡᠶᠢᠲᠡ ᠳᠤ ᠳᠤᠭᠤᠶᠢᠯᠠᠩ ᠬᠤᠪᠢᠶᠠᠨ ᠨᠡᠷᠡᠰ ᠤᠨ ᠵᠢᠭᠰᠠᠭᠠᠯᠲᠠ ᠬᠢᠪᠠ᠃     ᠭᠤᠷᠪᠠ᠂ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠮᠠᠭᠠᠳᠯᠠᠨ ᠲᠣᠭᠲᠠᠭᠠᠭᠰᠠᠨ ᠱᠠᠩᠨᠠᠯ     1. ᠲᠥᠷᠥ ᠶᠢᠨ ᠪᠣᠳᠣᠯᠭ᠎ᠠ ᠶᠢᠨ ᠤᠭ ᠵᠣᠬᠢᠶᠠᠯ᠃ ᠠᠵᠤ ᠠᠬᠤᠶᠢᠯᠠᠯ ᠨᠢ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠬᠤ ᠪᠠᠷ ᠨᠤᠲᠠᠯᠠᠭᠰᠠᠨ ᠤ ᠳᠠᠷᠠᠭ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ 5 ᠲᠦᠮᠡᠨ ᠲᠥᠭᠦᠷᠢᠭ ᠤᠨ ᠱᠠᠩᠨᠠᠯ ᠤᠨ ᠪᠠᠯᠠ ᠮᠥᠩᠭᠦ ᠶᠢ ᠨᠢᠭᠡ ᠯᠡ ᠤᠳᠠᠭ᠎ᠠ ᠳᠤ ᠣᠯᠭᠤᠵᠤ᠂ ᠬᠡᠪᠴᠢᠶᠡᠵᠢᠯ ᠠᠴᠠ ᠳᠣᠷᠣᠭᠰᠢᠬᠢ ᠠᠵᠤ ᠠᠬᠤᠶᠢᠯᠠᠯ ᠳᠤ 3 ᠲᠦᠮᠡᠨ ᠲᠥᠭᠦᠷᠢᠭ ᠤᠨ ᠱᠠᠩᠨᠠᠯ ᠤᠨ ᠪᠠᠯᠠ ᠮᠥᠩᠭᠦ ᠶᠢ ᠨᠢᠭᠡ ᠯᠡ ᠤᠳᠠᠭ᠎ᠠ ᠳᠤ ᠣᠯᠭᠤᠨ᠎ᠠ᠃     2. ᠱᠠᠩᠨᠠᠬᠤ ᠬᠡᠪᠴᠢᠶ᠎ᠡ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠮᠡᠳᠡᠭᠦᠯᠦᠭᠰᠡᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠲᠡᠷᠡᠴᠢᠯᠡᠨ ᠦᠨᠡᠮᠰᠢᠭᠳᠡᠭᠰᠡᠨ ᠣᠷᠣᠨ ᠤ ᠳᠣᠲᠣᠷᠠᠬᠢ ᠠᠵᠤ ᠠᠬᠤᠶᠢᠯᠠᠯ᠃     3. ᠱᠠᠩᠨᠠᠬᠤ ᠠᠷᠭ᠎ᠠ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ ᠨᠢ ᠲᠤᠰᠬᠠᠶ ᠵᠦᠢᠯ ᠤᠨ ᠪᠡᠯᠡ ᠮᠥᠩᠭᠦ ᠶᠢᠨ ᠠᠷᠭ᠎ᠠ ᠮᠠᠶ᠋ᠢᠭ ᠢᠶᠠᠷ ᠠᠯᠪᠠᠨ ᠳᠠᠩᠰᠠ ᠰᠢᠯᠵᠢᠭᠦᠯᠵᠦ ᠱᠠᠩᠨᠠᠬᠤ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠳᠠᠩᠰᠠᠨ ᠳᠤ ᠱᠠᠩᠨᠠᠬᠤ ᠶᠢᠨ ᠬᠠᠮᠲᠤ ᠱᠠᠩᠨᠠᠬᠤ ᠪᠡᠯᠡ ᠮᠥᠩᠭᠦ ᠶᠢ ᠰᠤᠳᠤᠯᠤᠨ ᠨᠡᠭᠡᠭᠡᠬᠦ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯᠯᠠᠭ᠎ᠠ ᠥᠷᠨᠢᠭᠦᠯᠬᠦ ᠳᠤ ᠬᠡᠷᠡᠭᠯᠡᠬᠦ ᠶᠢ ᠱᠠᠭᠠᠷᠳᠠᠵᠤ᠂ ᠠᠵᠤ ᠠᠬᠤᠶᠢᠯᠠᠯ ᠤᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠦᠷᠭᠦᠯᠵᠢᠯᠡᠨ ᠨᠡᠷ᠎ᠡ ᠮᠡᠳᠡᠭᠦᠯᠬᠦ ᠪᠠᠷ ᠮᠡᠳᠡᠭᠦᠯᠬᠦ ᠶᠢ ᠵᠣᠷᠢᠭᠵᠢᠭᠤᠯᠤᠨ᠎ᠠ᠃     4. ᠱᠠᠩᠨᠠᠬᠤ ᠦᠶᠡᠯᠡᠯ᠃ ᠠᠵᠤ ᠠᠬᠤᠶᠢᠯᠠᠯ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠦᠨᠡᠮᠯᠡᠯ ᠢ ᠠᠮᠵᠢᠯᠲᠠ ᠲᠠᠢ ᠪᠠᠷ ᠣᠯᠤᠭᠰᠠᠨ ᠤ ᠳᠠᠷᠠᠭ᠎ᠠ ᠵᠢᠯ ᠤᠨ ᠳᠣᠲᠣᠷ᠎ᠠ ᠣᠯᠭᠤᠪᠠ᠃     ᠳᠥᠷᠪᠡ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠮᠠᠭᠠᠳᠯᠠᠨ ᠲᠣᠭᠲᠠᠭᠠᠭᠰᠠᠨ ᠱᠠᠩᠨᠠᠯ     1. ᠲᠥᠷᠥ ᠶᠢᠨ ᠪᠣᠳᠣᠯᠭ᠎ᠠ ᠶᠢᠨ ᠤᠭ ᠵᠣᠬᠢᠶᠠᠯ᠃ ᠠᠵᠤ ᠠᠬᠤᠶᠢᠯᠠᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠣᠯᠬᠤ ᠪᠠᠷ ᠮᠠᠭᠠᠳᠯᠠᠨ ᠲᠣᠭᠲᠠᠭᠠᠭᠰᠠᠨ ᠤ ᠳᠠᠷᠠᠭ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ 2 ᠲᠦᠮᠡᠨ ᠲᠥᠭᠦᠷᠢᠭ ᠤᠨ ᠱᠠᠩᠨᠠᠯ ᠤᠨ ᠪᠡᠯᠡ ᠮᠥᠩᠭᠦ ᠶᠢ ᠨᠢᠭᠡ ᠯᠡ ᠤᠳᠠᠭ᠎ᠠ ᠳᠤ ᠥᠭᠴᠦ᠂ ᠬᠡᠪᠴᠢᠶᠡᠵᠢᠯ ᠠᠴᠠ ᠳᠣᠷᠣᠭᠰᠢᠬᠢ ᠠᠵᠤ ᠠᠬᠤᠶᠢᠯᠠᠯ ᠳᠤ 1 ᠲᠦᠮᠡᠨ ᠲᠥᠭᠦᠷᠢᠭ ᠤᠨ ᠱᠠᠩᠨᠠᠯ ᠤᠨ ᠪᠡᠯᠡ ᠮᠥᠩᠭᠦ ᠶᠢ ᠨᠢᠭᠡ ᠯᠡ ᠤᠳᠠᠭ᠎ᠠ ᠳᠤ ᠣᠯᠭᠤᠨ᠎ᠠ᠃     2. ᠱᠠᠩᠨᠠᠬᠤ ᠬᠡᠪᠴᠢᠶ᠎ᠡ᠃ ᠬᠤᠪᠣᠷ  ᠰᠢᠷᠣᠶ  ᠶᠢᠨ ᠳᠡᠭᠡᠳᠦ ᠱᠢᠨ᠎ᠡ ᠡᠷᠭᠡᠵᠢᠯ ᠤᠨ ᠣᠷᠣᠨ ᠤ ᠬᠠᠷᠢᠶ᠎ᠠ ᠣᠷᠣᠨ ᠳᠠᠬᠢ ᠰᠢᠨᠵᠢᠯᠡᠬᠦ  ᠤᠬᠠᠭᠠᠨ ᠮᠡᠷᠭᠡᠵᠢᠯ ᠤᠨ ᠲᠥᠷᠥᠯ ᠤᠨ ᠠᠵᠤ ᠠᠬᠤᠢᠯᠠᠯ᠃     3. ᠱᠠᠩᠨᠠᠬᠤ ᠠᠷᠭ᠎ᠠ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ  ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ ᠨᠢ ᠲᠤᠰᠬᠠᠶ ᠲᠥᠷᠥᠯ ᠤᠨ ᠪᠡᠯᠡ ᠮᠥᠩᠭᠦ ᠶᠢᠨ ᠠᠷᠭ᠎ᠠ ᠮᠠᠶ᠋ᠢᠭ ᠢᠶᠠᠷ ᠠᠯᠪᠠᠨ ᠲᠤᠰᠢᠶᠠᠯ ᠢᠶᠠᠷ ᠮᠡᠳᠡᠭᠦᠯᠦᠭᠰᠡᠨ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠳᠠᠩᠰᠠᠨ ᠡᠷᠦᠬᠡ ᠳᠤ ᠰᠢᠯᠵᠢᠭᠦᠯᠦᠨ ᠥᠭᠭᠦᠨ᠎ᠡ᠃     4. ᠱᠠᠩᠨᠠᠬᠤ ᠦᠶᠡᠯᠡᠯ᠃ ᠡᠨᠡ ᠬᠦ ᠰᠢᠯᠭᠠᠷᠠᠭᠤᠯᠤᠯᠲᠠ ᠶᠢᠨ ᠱᠠᠩᠨᠠᠯ ᠢ ᠵᠢᠯ ᠪᠦᠷᠢ ᠨᠢᠭᠡ ᠤᠳᠠᠭ᠎ᠠ ᠥᠷᠨᠢᠭᠦᠯᠦᠨ᠎ᠡ᠃     5. ᠰᠢᠯᠭᠠᠨ ᠰᠣᠩᠭᠤᠬᠤ ᠠᠷᠭ᠎ᠠ ᠮᠠᠶ᠋ᠢᠭ᠃     ︵1︶ ᠮᠡᠳᠡᠭᠡ ᠵᠠᠩᠭᠢ ᠮᠡᠳᠡᠭᠦᠯᠬᠦ     ᠦᠨᠡᠯᠡᠯᠲᠡ ᠳᠤ ᠣᠷᠣᠯᠴᠠᠭᠰᠠᠨ ᠨᠢᠭᠡᠴᠡ ᠨᠢ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠠᠶᠢᠯᠴᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠦᠨᠡᠯᠡᠯᠲᠡ ᠶᠢ ᠪᠡᠶ᠎ᠡ ᠪᠠᠨ ᠳᠠᠭᠠᠭᠠᠵᠤ ᠬᠢᠪᠡ᠃     ︵2︶ ᠬᠡᠯᠪᠡᠷᠢ ᠶᠢᠨ ᠬᠢᠨᠠᠨ ᠪᠠᠶᠢᠴᠠᠭᠠᠯᠲᠠ     ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ︽ᠦᠨᠡᠯᠡᠬᠦ ᠠᠵᠢᠯ ᠤᠨ ᠰᠢᠰᠲ᠋ᠧᠮ︾ ᠢᠶᠠᠷ ᠳᠠᠮᠵᠢᠭᠤᠯᠤᠨ ᠠᠵᠤ ᠠᠬᠤᠶᠢᠯᠠᠯ ᠤᠨ ᠲᠤᠰᠢᠶᠠᠭᠰᠠᠨ ︽ᠮᠡᠳᠡᠭᠡ ᠵᠠᠩᠭᠢ ᠶᠢᠨ ᠬᠦᠰᠦᠨᠦᠭᠲᠦ︾ ᠵᠢᠴᠢ ᠬᠠᠮᠢᠶ᠎ᠠ ᠪᠥᠬᠦᠶ ᠳᠠᠭᠠᠯᠳᠤᠭᠤᠯᠤᠯ ᠳᠤ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠨ᠎ᠠ᠃     ︵3︶ ᠨᠡᠷᠡᠰ ᠢ ᠵᠠᠷᠯᠠᠨ ᠨᠡᠶᠢᠲᠡᠯᠡᠬᠦ     ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠦᠢᠯᠡᠴᠢᠯᠡᠭᠡᠨ ᠤ ᠲᠠᠪᠴᠠᠩ ᠳᠤ ᠬᠢᠨᠠᠨ ᠬᠠᠷᠭᠤᠭᠤᠯᠤᠯᠲᠠ ᠬᠢᠵᠦ᠂ ᠪᠦᠯᠦᠭ ᠤᠳᠠᠭ᠎ᠠ ᠶᠣᠰᠣᠭᠠᠷ ᠪᠢᠴᠢᠭ ᠮᠠᠲ᠋ᠧᠷᠢᠶᠠᠯ ᠢ ᠵᠠᠷᠯᠠᠨ ᠨᠡᠶᠢᠲᠡᠯᠡᠬᠦ ᠶᠢᠨ ᠬᠠᠮᠲᠤ ᠦᠢᠯᠡᠴᠢᠯᠡᠭᠡᠨ ᠤ ᠲᠠᠪᠴᠠᠩ ᠳᠡᠭᠡᠷ᠎ᠡ 10 ᠠᠵᠢᠯᠯᠠᠬᠤ ᠡᠳᠦᠷ ᠢ ᠢᠯᠡ ᠨᠡᠶᠢᠲᠡᠯᠡᠨ᠎ᠡ᠃     ︵4︶ ᠬᠦᠮᠦᠷᠭᠡ ᠳᠤ ᠤᠷᠤᠭᠤᠯᠬᠤ ᠠᠯᠪᠠᠨ ᠵᠠᠷ     ᠢᠯᠡ ᠨᠡᠶᠢᠲᠡᠯᠡᠭᠰᠡᠨ ᠳᠤ ᠣᠨᠳᠣᠤ ᠰᠠᠨᠠᠯ ᠥᠬᠡᠶ ᠪᠣᠯ᠂ ᠮᠤᠵᠢ ᠶᠢᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠳᠤ ᠬᠥᠮᠥᠷᠭᠡ ᠳᠤ ᠣᠷᠣᠭᠤᠯᠬᠤ ᠳᠡᠩᠰᠡᠯᠡᠯᠲᠡ ᠶᠢᠨ ᠳ᠋ᠤᠭᠠᠷ ᠲᠤ ᠪᠦᠯᠦᠭ ᠬᠤᠪᠢᠶᠠᠨ ᠵᠠᠷᠯᠠᠨ ᠨᠡᠶᠢᠲᠡᠯᠡᠨ᠎ᠡ᠃     ︵5︶ ᠪᠡᠯᠡ ᠮᠥᠩᠭᠦ ᠶᠢᠨ ᠱᠠᠩᠨᠠᠯ     ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠩᠭᠠᠭᠰᠠᠨ ᠬᠠᠮᠤᠭ ᠤᠨ ᠰᠢᠨ᠎ᠡ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠨᠡᠷᠡᠰ ᠢ ᠦᠨᠳᠦᠰᠦᠯᠡᠨ᠂ ᠱᠠᠩᠨᠠᠨ ᠬᠥᠬᠢᠭᠦᠯᠬᠦ ᠠᠷᠭ᠎ᠠ ᠶᠢᠨ ᠶᠣᠰᠣᠭᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠳᠤ ᠬᠥᠮᠥᠷᠭᠡ ᠳᠤ ᠣᠷᠣᠭᠤᠯᠵᠤ ᠳᠡᠩᠰᠡᠯᠡᠨ ᠨᠣᠮᠧᠷᠯᠠᠭᠰᠠᠨ ᠠᠵᠤ ᠠᠬᠤᠶᠢᠯᠠᠯ ᠢ ᠱᠠᠩᠨᠠᠨ ᠬᠥᠬᠢᠭᠦᠯᠦᠨ᠎ᠡ     ᠲᠠᠪᠤ᠂ ᠪᠥᠬᠦᠩ ᠠᠵᠤ ᠠᠬᠤᠶᠢᠯᠠᠯ ᠢᠶᠠᠷ ᠦᠨᠡᠮᠰᠢᠭᠦᠯᠦᠭᠰᠡᠨ ᠱᠠᠩᠨᠠᠯ     1. ᠲᠥᠷᠥ ᠶᠢᠨ ᠪᠣᠳᠣᠯᠭ᠎ᠠ ᠶᠢᠨ ᠤᠭ ᠵᠣᠬᠢᠶᠠᠯ᠃ ᠪᠦᠬᠦᠩ ᠪᠣᠯᠭᠠᠭᠰᠠᠨ ᠠᠵᠤ ᠠᠬᠤᠶᠢᠯᠠᠯ ᠳᠤ 10 ᠠᠴᠠ 30 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃     2. ᠱᠠᠩᠨᠠᠬᠤ ᠬᠡᠪᠴᠢᠶ᠎ᠡ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ‌‍ᠢᠶ᠋ᠠᠷ  ᠮᠡᠳᠡᠭᠦᠯᠦᠭᠰᠡᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠲᠡᠷᠡᠴᠢᠯᠡᠨ ᠦᠨᠡᠮᠰᠢᠭᠳᠡᠭᠰᠡᠨ ᠣᠷᠣᠨ ᠤ ᠳᠣᠲᠣᠷᠠᠬᠢ ᠠᠵᠤ ᠠᠬᠤᠶᠢᠯᠠᠯ᠃     3. ᠱᠠᠩᠨᠠᠬᠤ ᠠᠷᠭ᠎ᠠ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ ᠨᠢ ᠲᠤᠰᠬᠠᠶ ᠵᠦᠢᠯ ᠤᠨ ᠪᠡᠯᠡ ᠮᠥᠩᠭᠦ ᠶᠢᠨ ᠠᠷᠭ᠎ᠠ ᠮᠠᠶ᠋ᠢᠭ ᠢᠶᠠᠷ ᠠᠯᠪᠠᠨ ᠳᠠᠩᠰᠠ ᠰᠢᠯᠵᠢᠭᠦᠯᠵᠦ ᠱᠠᠩᠨᠠᠬᠤ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠳᠠᠩᠰᠠᠨ ᠳᠤ ᠱᠠᠩᠨᠠᠬᠤ ᠶᠢᠨ ᠬᠠᠮᠲᠤ ᠱᠠᠩᠨᠠᠬᠤ ᠪᠡᠯᠡ ᠮᠥᠩᠭᠦ ᠶᠢ ᠰᠤᠳᠤᠯᠤᠨ ᠨᠡᠭᠡᠭᠡᠬᠦ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠳᠤ ᠬᠡᠷᠡᠭᠯᠡᠬᠦ ᠬᠡᠷᠡᠭᠲᠡᠶ ᠭᠡᠵᠦ ᠱᠠᠭᠠᠷᠳᠠᠪᠠ᠃     4. ᠱᠠᠩᠨᠠᠬᠤ ᠦᠶᠡᠯᠡᠯ᠃ ᠠᠵᠤ ᠠᠬᠤᠢᠯᠠᠯ ᠠᠮᠵᠢᠯᠲᠠ ᠣᠯᠵᠤ ᠪᠦᠬᠦᠩ ᠤᠨ ᠠᠵᠤ ᠠᠬᠤᠢᠯᠠᠯ ᠢᠶᠠᠷ ᠬᠤᠶᠠᠳᠤᠭᠠᠷ ᠵᠢᠯ ᠲᠠᠷᠬᠠᠭᠠᠪᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号