ᠤᠯᠤᠰ ᠤᠨ ᠬᠤᠪᠣᠷ ᠰᠢᠷᠣᠶ ᠶᠢᠨ ᠴᠢᠳᠠᠮᠵᠢᠲᠤ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠤᠨ ᠬᠠᠲᠠᠭᠤ ᠪᠡᠶᠡᠲᠦ ᠤᠰᠤᠲᠥ᠋ᠷᠥᠭᠴᠢ ᠬᠠᠳᠠᠭᠠᠯᠠᠬᠤ ᠠᠴᠠ ᠲᠡᠷᠭᠡ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/11/20
     ᠤᠶᠢᠷ᠎ᠠ ᠳᠤ᠂ ᠤᠯᠤᠰ ᠤᠨ ᠬᠤᠪᠣᠷ ᠰᠢᠷᠣᠶ ᠶᠢᠨ ᠴᠢᠳᠠᠮᠵᠢᠲᠤ ᠮᠠᠲ᠋ᠧᠷᠢᠶᠠᠯ ᠤᠨ ᠰᠢᠨ᠎ᠡ ᠎ ᠶᠢ ᠡᠭᠦᠳᠬᠦ ᠲᠥᠪ ︵ ᠳᠤᠷᠤᠭᠰᠢ ︽ᠤᠯᠤᠰ ᠤᠨ ᠰᠢᠨ᠎ᠡ ᠶᠢ ᠡᠭᠦᠳᠬᠦ ᠲᠥᠪ︾ ᠭᠡᠵᠦ ᠲᠣᠪᠴᠢᠯᠠᠨ᠎ᠠ︶ ᠪᠡᠶ᠎ᠡ ᠪᠠᠨ ᠳᠠᠭᠠᠭᠠᠭᠰᠠᠨ ᠮᠡᠷᠭᠡᠵᠢᠯ ᠳᠤ ᠲᠦᠰᠢᠭᠯᠡᠨ᠂ ᠬᠤᠪᠣᠷ ᠰᠢᠷᠣᠶ ᠶᠢᠨ ᠰᠢᠰᠲ᠋ᠧᠮ ᠤᠨ ᠤᠰᠤ ᠬᠠᠳᠠᠭᠠᠯᠠᠬᠤ ᠮᠠᠲ᠋ᠧᠷᠢᠶᠠᠯ ᠲᠠᠢ ᠨᠡᠢᠯᠡᠭᠦᠯᠦᠨ ᠨᠡᠭᠡᠭᠡᠨ ᠬᠥᠭᠵᠢᠭᠦᠯᠬᠦ ᠪᠠᠷ ᠳᠠᠮᠵᠢᠭᠤᠯᠤᠨ᠂ ᠤᠰᠤᠲᠥ᠋ᠷᠥᠭᠴᠢ ᠶᠢᠨ ᠲᠦᠯᠡᠰᠢ ᠶᠢᠨ ᠠᠴᠠ ᠮᠠᠰᠢᠨ ᠳᠤ ᠬᠡᠷᠡᠭᠯᠡᠬᠦ ᠬᠠᠲᠠᠭᠤ ᠲᠥᠯᠥᠪᠲᠦ ᠤᠰᠤ ᠬᠠᠳᠠᠭᠠᠯᠠᠬᠤ ᠲᠥᠬᠦᠭᠡᠷᠦᠮᠵᠢ ᠶᠢ ᠰᠤᠳᠤᠯᠵᠤ᠂ 3  ᠺᠢᠯᠤᠭ᠍ᠷᠠᠮ ᠤᠰᠤᠲᠥ᠋ᠷᠥᠭᠴᠢ ᠬᠠᠳᠠᠭᠠᠯᠠᠬᠤ ᠳᠠᠷᠤᠯᠲᠠ ᠨᠢ ᠤᠯᠠᠮᠵᠢᠯᠠᠯᠲᠤ ᠥᠨᠳᠥᠷ ᠳᠠᠷᠤᠯᠲᠠᠲᠤ ᠤᠰᠤ ᠬᠠᠳᠠᠭᠠᠯᠠᠬᠤ ᠯᠣᠩᠬᠤ ᠠᠴᠠ 2 ᠳᠠᠬᠢᠨ ᠳᠡᠭᠡᠭᠰᠢᠯᠡᠵᠡᠢ᠃ ᠲᠦᠷᠦᠭᠦᠬᠡᠨ᠂ ᠤᠯᠤᠰ ᠤᠨ ᠰᠢᠨ᠎ᠡ ᠶᠢ ᠡᠭᠦᠳᠬᠦ ᠲᠥᠪ ᠨᠢᠭᠡᠨᠲᠡ ᠲᠣᠰ ᠦᠢᠯᠡᠳᠬᠦᠨ ᠢᠶᠠᠨ ᠬᠠᠲᠠᠭᠤ ᠪᠡᠶᠡᠲᠦ ᠤᠰᠤᠲᠥ᠋ᠷᠥᠭᠴᠢ ᠬᠠᠳᠠᠭᠠᠯᠠᠬᠤ ᠠᠴᠠ ᠲᠡᠷᠭᠡᠨ ᠳᠤ ᠬᠡᠷᠡᠭᠯᠡᠭᠰᠡᠨ ᠪᠥᠭᠡᠳ ᠵᠢᠱᠢᠶ᠎ᠡ ᠦᠵᠡᠭᠦᠯᠦᠨ ᠠᠵᠢᠯᠯᠠᠭᠤᠯᠵᠤ᠂ ᠬᠠᠲᠠᠭᠤ ᠪᠡᠶᠡᠲᠦ ᠤᠰᠤᠲᠥ᠋ᠷᠥᠭᠴᠢ ᠬᠠᠳᠠᠭᠠᠯᠠᠬᠤ ᠮᠡᠷᠭᠡᠵᠢᠯ ᠢ ᠰᠢᠯᠵᠢᠮᠡᠯ ᠠᠴᠢᠶᠠᠯᠠᠬᠤ ᠮᠡᠷᠭᠡᠵᠢᠯ ᠤᠨ ᠠᠮᠵᠢᠯᠲᠠ ᠲᠠᠢ ᠪᠠᠷ ᠬᠡᠷᠡᠭᠯᠡᠭᠰᠡᠨ ᠢ ᠬᠠᠷᠠᠭᠤᠯᠵᠤ ᠪᠠᠶᠢᠨ᠎ᠠ᠃      ᠡᠭᠦᠨ ᠤ ᠬᠠᠮᠲᠤ᠂ ᠤᠯᠤᠰ ᠤᠨ ᠰᠢᠨ᠎ᠡ ᠶᠢ ᠡᠭᠦᠳᠬᠦ ᠲᠥᠪ ᠪᠠᠰᠠ ᠤᠤᠯ ᠤᠨ 20 ᠺᠢᠯᠣᠭ᠍ᠷᠠᠮ H2 ᠬᠠᠲᠠᠭᠤ ᠪᠡᠶᠡᠲᠦ ᠤᠰᠤᠲᠥ᠋ᠷᠥᠭᠴᠢ ᠬᠠᠳᠠᠭᠠᠯᠠᠬᠤ ᠲᠥᠬᠦᠭᠡᠷᠦᠮᠵᠢ ᠳᠤ ᠲᠦᠰᠢᠭᠯᠡᠨ᠂ ᠠᠴᠠ ᠲᠡᠷᠭᠡ ᠲᠠᠢ ᠬᠠᠲᠠᠭᠤ ᠪᠡᠶᠡᠲᠦ ᠤᠰᠤᠲᠥ᠋ᠷᠥᠭᠴᠢ ᠬᠠᠳᠠᠭᠠᠯᠠᠬᠤ ᠮᠡᠷᠭᠡᠵᠢᠯ ᠳᠤ ᠰᠠᠭᠤᠷᠢᠯᠠᠭᠰᠠᠨ ᠤᠰᠤᠲᠥ᠋ᠷᠥᠭᠴᠢ ᠶᠢ ᠬᠠᠳᠠᠭᠠᠯᠠᠬᠤ ᠮᠡᠷᠭᠡᠵᠢᠯ ᠢ ᠶᠡᠭᠡ ᠬᠡᠪᠴᠢᠶ᠎ᠡ ᠪᠠᠷ ᠬᠠᠳᠠᠭᠠᠯᠠᠬᠤ ᠪᠠ ᠰᠢᠯᠵᠢᠮᠡᠯ ᠠᠴᠢᠶᠠᠯᠠᠪᠤᠷᠢ ᠪᠠᠷ ᠬᠤᠶᠠᠷ ᠵᠠᠩᠭᠢᠯᠠᠭ᠎ᠠ ᠶᠢᠨ ᠮᠡᠷᠭᠡᠵᠢᠯ ᠤᠨ ᠪᠠᠬᠢᠯᠡᠯᠲᠡ ᠶᠢ ᠡᠪᠳᠡᠵᠦ᠂ ᠬᠠᠲᠠᠭᠤ ᠪᠡᠶᠡᠲᠦ ᠤᠰᠤᠲᠥ᠋ᠷᠥᠭᠴᠢ ᠬᠠᠳᠠᠭᠠᠯᠠᠬᠤ ᠮᠡᠷᠭᠡᠵᠢᠯ ᠢ ᠵᠠᠬ᠎ᠠ ᠳᠡᠯᠭᠡᠭᠦᠷᠴᠢᠯᠡᠨ ᠳᠡᠯᠭᠡᠷᠡᠭᠦᠯᠬᠦ ᠳᠤ ᠦᠨᠡᠨ ᠬᠦ ᠬᠡᠷᠡᠭᠵᠢᠭᠦᠯᠵᠦ ᠪᠣᠯᠬᠤᠶᠢᠴᠠ ᠬᠡᠷᠡᠭᠯᠡᠭᠡᠨ ᠤ ᠦᠵᠡᠭᠦᠯᠦᠯᠭᠡ ᠬᠢᠵᠦ᠂ ᠮᠠᠨ ᠤ ᠤᠯᠤᠰ ᠤᠨ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠤᠷ ᠲᠦᠪᠰᠢᠨ ᠥᠨᠳᠥᠷ ᠪᠦᠲᠦᠮᠵᠢᠲᠡᠶ ᠡᠨᠧᠷᠭᠢ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠬᠤ ᠳᠤ ᠬᠦᠴᠦᠨ ᠨᠡᠮᠡᠷᠢᠯᠡᠵᠦ᠂ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠪᠡ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号