【ᠲᠠᠪᠤᠨ ᠶᠡᠭᠡ ᠡᠭᠦᠷᠭᠡ】ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ ᠰᠦᠨ ᠱᠤᠤ ᠴᠧᠩ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2023/11/20
    11 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠶᠡᠷᠤᠨᠬᠭᠡᠢ ᠱᠦᠵᠢ ᠰᠢ ᠶᠢᠨ ᠫᠢᠩ ᠤᠨ ᠭᠠᠳᠠᠭᠠᠳᠤ ᠨᠡᠭᠡᠭᠡᠯᠲᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠪᠡ᠃ ᠰᠦᠨ ᠱᠤᠤ ᠴᠧᠩ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃    ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠥᠭᠵᠢᠭᠦᠯᠦᠯᠲᠡ ᠶᠢᠨ ᠰᠤᠳᠤᠯᠭᠠᠨ ᠤ ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠭᠢᠯᠡᠭᠴᠢ ᠯᠦᠩ ᠭᠦᠸᠧ ᠴᠢᠶᠠᠩ ᠤᠷᠢᠯᠭ᠎ᠠ ᠪᠠᠷ ︽ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠪᠣᠳᠣᠯᠬᠢᠯᠠᠯ︾ ᠭᠡᠬᠦ ᠰᠡᠳᠦᠪ ᠢᠶᠠᠷ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ᠃    ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠨᠡᠭᠡᠭᠡᠯᠲᠡ ᠶᠢᠨ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠠᠩᠬᠠᠷᠴᠤ᠂ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ᠂ ᠥᠪᠥᠷ ᠮᠣᠩᠭᠤᠯ ᠳᠤ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠣᠯᠭᠤᠵᠤ᠂ ᠥᠪᠥᠷ ᠮᠣᠩᠭᠤᠯ ᠤᠨ ᠬᠢᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠯᠳᠤᠨ ᠨᠡᠪᠲᠡᠷᠡᠯᠴᠡᠭᠦᠯᠬᠦ ᠳᠤᠮᠳᠠ ᠨᠡᠩ ᠶᠡᠭᠡ ᠦᠢᠯᠡᠳᠦᠯ ᠦᠵᠡᠭᠦᠯᠭᠦ ᠬᠡᠷᠡᠭᠲᠡᠢ ᠭᠡᠵᠦ ᠵᠠᠬᠢᠪᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠭᠠᠳᠠᠭᠠᠳᠤ ᠨᠡᠭᠡᠭᠡᠯᠲᠡ ᠶᠢᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠭᠦᠨ ᠳᠠᠪᠬᠤᠷᠭ᠎ᠠ ᠶᠢᠨ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠨ᠂ ᠥᠪᠥᠷ ᠮᠣᠩᠭᠤᠯ ᠤᠨ ᠭᠠᠳᠠᠭᠠᠳᠤ ᠨᠡᠭᠡᠭᠡᠯᠲᠡ ᠶᠢ ᠠᠮᠢᠳᠤᠯᠢᠭ ᠬᠥᠭᠵᠢᠶᠡᠨ ᠲᠠᠢ ᠥᠷᠨᠢᠭᠦᠯᠬᠦ ᠪᠠᠷ ᠴᠢᠷᠮᠠᠶᠢᠬᠤ ᠬᠡᠷᠡᠭᠲᠡᠢ᠃ ᠨᠢᠭᠡ ᠳᠤ᠂ ᠥᠪᠡᠷ ᠢᠶᠠᠨ ᠰᠡᠳᠬᠢᠯ ᠬᠠᠨᠤᠬᠤ᠂ ᠥᠪᠡᠷ ᠢ ᠪᠠᠨ ᠪᠢᠲᠡᠭᠦᠮᠵᠢᠯᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠃ ᠲᠤᠰ ᠪᠡᠶ᠎ᠡ ᠶᠢᠨ ᠬᠥᠭᠵᠢᠯᠲᠡ ᠶᠢᠨ ᠪᠠᠶᠢᠳᠠᠯ ᠢᠶᠠᠨ ᠵᠥᠪ ᠢᠶᠠᠷ ᠲᠠᠨᠢᠵᠤ᠂ ᠳᠠᠪᠠᠭᠤᠯᠢᠭ ᠲᠠᠯ᠎ᠠ ᠪᠠ ᠰᠠᠶᠢᠨ ᠲᠠᠯ᠎ᠠ ᠪᠠᠨ ᠣᠯᠵᠤ ᠬᠠᠷᠠᠨ ᠡᠷᠴᠢ ᠬᠦᠴᠦ ᠪᠠᠨ ᠴᠢᠩᠭᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠬᠤ ᠪᠥᠭᠡᠳ ᠪᠠᠰᠠ ᠵᠥᠷᠢᠶ᠎ᠡ ᠪᠠ ᠳᠤᠲᠠᠭᠤᠳᠠᠯ ᠢᠶᠠᠨ ᠣᠯᠵᠤ ᠬᠠᠷᠠᠨ ᠴᠢᠷᠮᠠᠶᠢᠨ ᠲᠡᠮᠡᠴᠡᠵᠦ᠂ ᠵᠣᠷᠢᠭᠲᠠᠢ ᠪᠠᠷ ᠭᠦᠢᠴᠡᠨ ᠳᠠᠪᠠᠵᠤ᠂ ᠨᠡᠩ ᠢᠳᠡᠪᠬᠢᠲᠡᠢ ᠰᠠᠨᠠᠭᠠᠴᠢᠯᠠᠭᠠᠲᠤ ᠣᠪᠣᠷ ᠢᠶᠠᠷ ᠨᠡᠭᠡᠭᠡᠯᠲᠡ ᠪᠠᠨ ᠥᠷᠭᠡᠳᠬᠡᠵᠦ᠂ ᠠᠵᠠ ᠲᠣᠭᠢᠶᠠᠯ ᠢ ᠠᠮᠵᠢᠨ ᠨᠡᠩ ᠰᠠᠶᠢᠲᠤᠷ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠣᠮᠤᠭ ᠵᠣᠷᠢᠭ ᠨᠢ ᠶᠡᠭᠡ ᠪᠢᠰᠢ᠂ ᠬᠠᠷᠠᠭᠠᠰᠤ ᠨᠢ ᠥᠷᠭᠡᠨ ᠪᠢᠰᠢ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠥᠪᠥᠷ ᠮᠣᠩᠭᠤᠯ ᠤᠨ ᠬᠥᠭᠵᠢᠯᠲᠡ ᠶᠢ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠨ ᠬᠢᠨᠠᠨ ᠰᠢᠨᠵᠢᠵᠦ᠂ ᠥᠪᠥᠷ ᠮᠣᠩᠭᠤᠯ ᠤᠨ ᠨᠡᠭᠡᠭᠡᠯᠲᠡ ᠶᠢ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠲᠠᠯᠪᠢᠨ ᠡᠵᠡᠮᠳᠡᠵᠦ᠂ ᠠᠵᠢᠯ ᠤᠨ ᠬᠦᠷᠢᠶ᠎ᠡ ᠬᠡᠪᠴᠢᠶᠡᠨ ᠳᠡᠭᠡᠨ ᠯᠡ ᠡᠷᠭᠢᠯᠳᠦᠭᠦᠯᠬᠦ ᠰᠡᠳᠬᠢᠬᠦᠢ ᠪᠠ ᠳᠠᠳᠬᠠᠯ ᠠᠴᠠ ᠠᠩᠭᠢᠵᠢᠷᠠᠵᠤ᠂ ᠳᠣᠲᠣᠭᠠᠳᠤ ᠭᠠᠳᠠᠭᠠᠳᠤ ᠶᠢ ᠬᠤᠯᠪᠣᠯᠳᠤᠭᠤᠯᠤᠭᠰᠠᠨ᠂ ᠡᠷᠭᠢᠨ ᠲᠣᠭᠤᠷᠢᠨ ᠢ ᠨᠥᠯᠥᠭᠡᠯᠡᠭᠰᠡᠨ᠂ ᠡᠬᠢ ᠪᠠᠶᠠᠯᠢᠭ ᠢ ᠲᠥᠪᠯᠡᠷᠡᠭᠦᠯᠦᠨ ᠲᠠᠷᠬᠠᠭᠠᠭᠰᠠᠨ ᠂ ᠴᠢᠬᠤᠯᠠ ᠡᠯᠧᠮᠧᠨ᠋ᠲ ᠢ ᠠᠭᠤᠰᠤᠯᠴᠠᠭᠤᠯᠤᠨ ᠨᠡᠪᠲᠡᠷᠡᠭᠦᠯᠦᠭᠰᠡᠨ ᠪᠦᠭᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠢ ᠪᠦᠭᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ᠭᠤᠷᠪᠠ ᠳᠤ᠂ ᠬᠠᠷᠢᠯᠴᠠᠭ᠎ᠠ ᠶᠠᠪᠤᠯᠴᠠᠭᠠᠨ ᠳᠤ ᠠᠷᠭ᠎ᠠ ᠵᠠᠮ ᠦᠭᠡᠢ ᠪᠠᠶᠢᠬᠤ᠂ ᠬᠠᠮᠲᠤᠷᠠᠯᠴᠠᠭᠠᠨ ᠳᠤ ᠠᠷᠭ᠎ᠠ ᠵᠠᠮ ᠦᠭᠡᠢ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠳᠠᠩᠰᠠ ᠪᠤᠳᠤᠬᠤ᠂ ᠶᠡᠭᠡ ᠳᠠᠩᠰᠠ ᠪᠤᠳᠤᠬᠤ᠂ ᠠᠯᠤᠰ ᠭᠡᠳᠤ ᠶᠢᠨ ᠳᠠᠩᠰᠠ ᠪᠤᠳᠤᠬᠤ ᠶᠢ ᠰᠤᠷᠴᠤ᠂ ᠨᠡᠭᠡᠭᠡᠯᠲᠡ ᠶᠢᠨ ᠵᠠᠭᠪᠤᠷ ᠪᠣᠯᠣᠨ ᠬᠠᠮᠲᠤᠷᠠᠯᠴᠠᠭᠠᠨ ᠤ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠮᠲᠤ ᠪᠠᠷ ᠠᠰᠢᠭ ᠭᠦᠷᠳᠡᠭᠦ ᠣᠶᠢᠯᠠᠭᠠᠭᠳᠠᠬᠤᠨ ᠢ ᠨᠡᠭᠡᠭᠡᠯᠲᠡ ᠬᠢᠵᠦ ᠬᠠᠮᠲᠤᠷᠠᠯᠴᠠᠬᠤ ᠪᠦᠭᠦ ᠶᠠᠪᠤᠴᠠ ᠳᠤ ᠦᠨᠡᠨ ᠬᠦ ᠲᠤᠭᠤᠰᠢᠯᠠᠭᠤᠯᠵᠤ᠂ ᠥᠪᠥᠷ ᠮᠣᠩᠭᠤᠯ ᠤᠨ ᠣᠯᠪᠠᠰᠤ ᠵᠣᠬᠢᠬᠤ ᠠᠰᠢᠭ ᠲᠤᠰᠠ ᠶᠢ ᠰᠠᠶᠢᠲᠤᠷ ᠲᠡᠮᠡᠴᠡᠨ ᠣᠯᠵᠤ᠂ ᠰᠠᠶᠢᠲᠤᠷ ᠬᠠᠮᠠᠭᠠᠯᠠᠬᠤ ᠬᠡᠷᠡᠭᠲᠡᠢ᠃ ᠳᠥᠷᠪᠡ ᠳᠤ᠂ ᠪᠠᠶᠢᠭᠤᠯᠤᠮᠵᠢ ᠲᠣᠭᠲᠠᠴᠠ ᠲᠡᠭᠦᠯᠳᠡᠷ ᠪᠤᠰᠤ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠥᠭᠡᠷᠡᠴᠢᠯᠡᠬᠦ ᠶᠣᠰᠣᠲᠠᠢ ᠶᠢ ᠨᠢ ᠱᠠᠯᠠᠪᠳᠠᠭᠤᠯᠤᠨ ᠥᠭᠡᠷᠡᠴᠢᠯᠡᠵᠦ᠂ ᠪᠠᠶᠢᠭᠤᠯᠬᠤ ᠶᠣᠰᠣᠲᠠᠢ ᠶᠢ ᠨᠢ ᠱᠠᠯᠠᠪᠳᠠᠭᠤᠯᠤᠨ ᠪᠠᠶᠢᠭᠤᠯᠵᠤ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ ᠭᠠᠳᠠᠭᠠᠳᠤ ᠨᠡᠭᠡᠭᠡᠯᠲᠡ ᠶᠢ ᠠᠮᠢᠳᠤᠯᠢᠭ ᠢᠶᠠᠷ ᠡᠷᠭᠢᠯᠡᠵᠤ᠂ ᠡᠯ᠎ᠡ ᠲᠠᠯ᠎ᠠ ᠶᠢᠨ ᠬᠢᠨ ᠤ ᠬᠠᠮᠲᠤᠷᠠᠯᠴᠠᠭ᠎ᠠ ᠬᠠᠮᠵᠢᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃    ᠰᠦᠨ ᠱᠤᠤ ᠴᠧᠩ᠂ ᠤᠳᠤ ᠶᠢᠨ ᠥᠪᠥᠷ ᠮᠣᠩᠭᠤᠯ ᠤᠨ ᠬᠥᠭᠵᠢᠯᠲᠡ ᠶᠢᠨ ᠪᠠᠶᠢᠳᠠᠯ ᠮᠠᠰᠢ ᠰᠠᠶᠢᠨ ᠪᠠᠶᠢᠨ᠎ᠠ᠂ ᠪᠢᠳᠡ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠲᠡᠰᠪᠦᠷᠢ ᠬᠠᠲᠠᠭᠤᠵᠢᠯᠲᠠᠢ ᠪᠠᠶᠢᠬᠤ ᠳᠠᠭᠠᠭᠠᠴᠠ ᠪᠠᠨ ᠪᠠᠲᠤᠯᠠᠵᠤ᠂ ᠴᠤᠴᠠᠯᠲᠠ ᠦᠭᠡᠢ ᠤᠷᠤᠭᠰᠢᠯᠠᠬᠤ ᠡᠷᠴᠢ ᠵᠣᠷᠢᠭ ᠢᠶᠠᠨ ᠬᠥᠪᠴᠢᠯᠡᠵᠦ᠂ ᠵᠣᠷᠢᠭᠰᠠᠨ ᠳᠠᠭᠠᠨ ᠵᠠᠪᠠᠯ ᠬᠦᠷᠬᠦ ᠤᠶᠠᠨ ᠬᠠᠳᠠᠨ ᠴᠢᠨᠠᠷ ᠢᠶᠠᠨ ᠪᠠᠲᠤᠯᠠᠵᠤ᠂ ᠯᠠᠪᠳᠠᠭᠤᠨ ᠪᠠᠲᠤᠲᠠᠢ ᠪᠠᠷ ᠠᠯᠬᠤᠮ ᠠᠯᠬᠤᠮ ᠢᠶᠠᠷ ᠤᠷᠤᠭᠰᠢᠯᠠᠵᠤ᠂ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠰᠤᠷᠠᠯᠳᠠ ᠦᠭᠡᠢ ᠨᠡᠩ ᠶᠡᠭᠡ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠮᠤᠵᠢ ᠶᠢᠨ ᠱᠠᠲᠤᠨ ᠤ ᠤᠳᠤᠷᠢᠳᠬᠤ ᠨᠥᠬᠦᠳ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠨᠡᠭᠡᠭᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号