【ᠲᠠᠪᠤᠨ ᠶᠡᠭᠡ ᠡᠭᠦᠷᠭᠡ】ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2023/11/21
   11 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠱᠠᠨ ᠰᠢ ᠮᠤᠵᠢ ᠶᠢᠨ ᠯᠢᠦᠢ ᠯᠢᠶᠠᠩ ᠬᠤᠲᠠ ᠶᠢᠨ ᠶᠦᠩ ᠵᠢᠦᠢ ᠨᠡᠭᠦᠷᠡᠰᠦᠨ ᠠᠭᠤᠷᠬᠠᠢ ᠶᠢᠨ ᠨᠢᠭᠡᠨ ᠠᠯᠪᠠᠨ ᠠᠰᠠᠷ ᠤᠨ ᠭᠠᠯ ᠤᠨ ᠭᠠᠮᠰᠢᠭ ᠤᠨ ᠠᠳᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠰᠠᠶᠢᠳ ᠯᠢ ᠴᠢᠶᠠᠩ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭ᠎ᠠ ᠨᠠᠷᠢᠯᠢᠭ ᠰᠠᠶᠢᠲᠤᠷ ᠠᠳᠬᠤᠵᠤ᠂ ᠡᠯ᠎ᠡ ᠲᠥᠷᠥᠯ ᠤᠨ ᠠᠮᠤᠷ ᠲᠦᠪᠰᠢᠨ ᠤ ᠭᠡᠮ ᠰᠣᠭᠤᠭ ᠢ ᠡᠴᠦᠰ ᠲᠤᠨᠢ ᠲᠤᠯᠲᠠᠯ᠎ᠠ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠢᠯᠠᠩᠭᠤᠶ᠎ᠠ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠡᠭᠡᠵᠢᠩ ᠾᠧᠪᠧᠢ ᠳᠤ ᠭᠠᠮᠰᠢᠭ ᠤᠨ ᠳᠠᠷᠠᠭᠠᠬᠢ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠠᠭᠤᠷᠢ ᠲᠥᠬᠦᠭᠡᠷᠦᠮᠵᠢ ᠶᠢ ᠵᠣᠬᠢᠰᠲᠠᠢ ᠪᠠᠶᠢᠷᠢᠰᠢᠭᠤᠯᠵᠤ᠂ ᠴᠠᠭ ᠢ ᠠᠮᠵᠢᠨ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠠᠮᠤᠷ ᠲᠦᠪᠰᠢᠨ ᠤ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠤᠬᠠᠮᠰᠠᠷ ᠪᠠ ᠠᠶᠤᠯ ᠠᠴᠠ ᠪᠠᠴᠢᠮ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠭᠠᠮᠰᠢᠭᠳᠠᠭᠰᠠᠨ ᠤᠯᠠᠨ ᠲᠦᠮᠡᠨ᠂ ᠬᠦᠴᠢᠷᠳᠡᠯᠲᠡᠢ ᠤᠯᠠᠨ ᠲᠦᠮᠡᠨ ᠢ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠢᠯᠠᠩᠭᠤᠶ᠎ᠠ ᠳᠤᠯᠠᠭᠠᠯᠠᠭ᠎ᠠ ᠬᠠᠩᠭᠠᠬᠤ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠬᠠᠯᠠᠭᠤᠨ ᠳᠤᠯᠠᠭᠠᠨ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ︽ᠦᠨᠡᠨ︾ ᠰᠡᠳᠬᠦᠯ ᠳᠤ ᠨᠡᠶᠢᠲᠡᠯᠡᠭᠳᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠬᠡᠳᠦᠨ ᠴᠢᠬᠤᠯᠠ ᠶᠡᠭᠡ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠴᠢᠬᠤᠯᠠᠲᠠᠢ︾ ᠭᠡᠬᠦ ᠴᠢᠬᠤᠯᠠ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠢᠮᠠᠭᠲᠠ ︽ᠤᠯᠤᠰ ᠤᠨ ᠶᠡᠭᠡ ᠲᠠᠯ᠎ᠠ︾ ᠶᠢᠨ ᠥᠨᠳᠥᠷᠴᠡ ᠠᠴᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠠᠳᠬᠤᠵᠤ᠂ ᠨᠡᠩ ᠶᠡᠭᠡ ᠡᠷᠴᠢ ᠵᠣᠷᠢᠭ᠂ ᠨᠡᠩ ᠶᠡᠭᠡ ᠡᠷᠴᠢᠮ ᠢᠶᠠᠷ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠣᠳᠠᠲᠠᠢ ᠠᠵᠢᠯᠯᠠᠭ᠎ᠠ ᠨᠤᠭᠤᠳ ᠢ ᠨᠢᠭᠡᠳ ᠨᠢᠭᠡ ᠪᠠᠷ ᠪᠣᠳᠠᠲᠠᠶᠢᠵᠢᠭᠤᠯᠤᠨ ᠨᠠᠷᠢᠯᠢᠭᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠬᠠᠷᠢᠭᠤ ᠵᠠᠬᠢᠳᠠᠯ᠂ ᠪᠠᠶᠠᠷ ᠤᠨ ᠵᠠᠬᠢᠳᠠᠯ᠂ ᠶᠠᠷᠢᠶ᠎ᠠ ᠢᠯᠡᠳᠬᠡᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭ᠎ᠠ ᠶᠢ ᠥᠷᠭᠡᠳᠬᠡᠬᠦ᠂ ᠲᠠᠶᠢᠸᠠᠨ ᠯᠤᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠠᠮᠧᠷᠢᠺᠠ ᠯᠤᠭ᠎ᠠ ᠶᠢᠨ ᠠᠷᠠᠳ ᠤᠨ ᠬᠤᠭᠤᠷᠣᠨᠳᠣᠭᠢ ᠨᠥᠭᠦᠷᠰᠡᠭ ᠰᠣᠯᠢᠯᠴᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠪᠠ᠃    ᠬᠤᠷᠠᠯ ᠠᠴᠠ ᠮᠠᠤ ᠽᠧ ᠳ᠋ᠦᠩ ᠨᠥᠬᠦᠷ ᠤᠨ ︽ᠹᠧᠩᠴᠢᠶᠣᠤ ᠶᠢᠨ ᠲᠤᠷᠰᠢᠯᠭ᠎ᠠ︾ ᠶᠢ ᠰᠤᠷᠤᠯᠴᠠᠨ ᠳᠡᠯᠭᠡᠷᠡᠭᠦᠯᠬᠦ ᠶᠢ ᠴᠣᠬᠤᠯᠠᠪᠤᠷᠢᠯᠠᠭᠰᠠᠨ 60 ᠵᠢᠯ ᠤᠨ ᠤᠢ ᠶᠢ ᠳᠤᠷᠠᠰᠬᠠᠬᠤ ᠵᠢᠴᠢ ᠶᠡᠷᠦᠩᠬᠡᠢ ᠱᠦᠵᠢ ᠰᠢ ᠶᠢᠨ ᠫᠢᠩ ᠤᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠬᠦ ᠶᠢ ᠵᠢᠭᠠᠪᠤᠷᠢᠯᠠᠭᠰᠠᠨ 20 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠰᠠᠶᠢᠲᠤᠷ ᠪᠠᠷᠢᠮᠲᠠᠯᠠᠨ ᠬᠥᠭᠵᠢᠭᠦᠯᠵᠦ᠂ ︽ᠨᠢᠭᠡ ᠦᠷᠳᠡᠭᠡᠴᠢᠯᠡᠭᠰᠡᠨ ᠮᠠᠶ᠋ᠢᠭ︾ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠲᠥᠪ ᠢ ᠰᠠᠶᠢᠲᠤᠷ ᠪᠠᠶᠢᠭᠤᠯᠵᠤ᠂ ᠦᠨᠳᠦᠰᠦᠨ ᠱᠠᠲᠤᠨ ᠤ ᠠᠷᠠᠳ ᠲᠤ ᠳᠦᠭᠦᠮ ᠦᠵᠡᠭᠦᠯᠭᠦ ᠦᠢᠯᠡᠴᠢᠯᠡᠭᠡᠨ ᠤ ᠲᠥᠪ ᠤᠨ ᠠᠵᠢᠯᠲᠠᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠵᠥᠷᠢᠴᠡᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠬᠤ ᠦᠶ᠎ᠡ ᠳᠤᠨᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ︽ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠬᠦ ᠲᠤᠬᠠᠢ ᠰᠠᠨᠠᠯ︾ ᠪᠣᠯᠣᠨ ︽ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ᠢ ᠬᠢᠨᠠᠨ ᠵᠥᠪᠯᠡᠪᠡ᠃ ᠬᠤᠷᠠᠯ ᠠᠴᠠ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠬᠡᠷᠡᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠢᠬᠤᠯᠠ ᠪᠠᠶᠢᠷᠢᠯᠠᠭᠤᠯᠤᠯᠲᠠ ᠮᠥᠨ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ ᠤᠨ ᠴᠢᠬᠤᠯᠠ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ ᠡᠭᠦᠳᠦᠯᠲᠡ ᠮᠥᠨ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠣᠷᠣᠯᠠᠨ ᠭᠦᠢᠴᠡᠳᠬᠡᠬᠦ ᠠᠷᠭ᠎ᠠ ᠵᠠᠮ ᠢ ᠰᠢᠯᠤᠭᠤᠳᠬᠠᠵᠤ᠂ ᠣᠷᠣᠯᠠᠨ ᠭᠦᠢᠴᠡᠳᠭᠡᠭᠴᠢ ᠶᠢᠨ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠤᠨ ᠨᠠᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠤᠷᠢᠳ ᠢᠶᠠᠷ ᠲᠥᠯᠥᠪᠵᠢᠭᠦᠯᠵᠦ᠂ ᠣᠷᠣᠨ ᠤ ᠳᠣᠲᠣᠷᠠᠬᠢ ᠵᠢᠭᠤᠯᠴᠢᠯᠠᠯ ᠤᠨ ᠡᠬᠢ ᠪᠠᠶᠠᠯᠢᠭ ᠢ ᠥᠨᠳᠥᠷ ᠲᠦᠪᠰᠢᠨ ᠢᠶᠠᠷ ᠨᠡᠭᠡᠭᠡᠨ ᠠᠰᠢᠭᠯᠠᠬᠤ ᠶᠢ ᠪᠠᠷᠢᠮᠲᠠᠯᠠᠨ᠂ ᠵᠢᠭᠤᠯᠴᠢᠯᠠᠯ ᠤᠨ ᠰᠣᠳᠣᠨ ᠵᠠᠮ ᠱᠤᠭᠤᠮ ᠢ ᠨᠠᠷᠢᠨ ᠨᠢᠮᠪᠠᠢ ᠵᠢᠷᠤᠵᠤ ᠲᠥᠯᠥᠪᠯᠡᠨ᠂ ᠴᠢᠨᠠᠷ ᠰᠠᠶᠢᠲᠠᠢ ᠵᠢᠭᠤᠯᠴᠢᠯᠠᠯ ᠤᠨ ᠲᠥᠷᠥᠯ ᠵᠦᠢᠯ ᠢ ᠪᠤᠶ ᠪᠤᠯᠭᠠᠵᠤ᠂ ᠭᠠᠳᠠᠭᠰᠢ ᠪᠠᠨ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠤᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠤᠯᠢ ᠶᠣᠰᠣᠭᠠᠷ ᠬᠠᠮᠠᠭᠠᠯᠠᠵᠤ᠂ ᠮᠠᠨ ᠤ ᠣᠷᠣᠨ ᠤ ᠵᠢᠭᠤᠯᠴᠢᠯᠠᠯ ᠤᠨ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号