ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ | ᠤᠯᠠᠷᠢᠯ ᠤᠨ ᠲᠠᠮᠢᠷ ᠤᠨ ᠴᠤᠭᠯᠠᠭᠠᠨ ᠢ 2024 ᠣᠨ ᠤ 2 ᠳ᠋ᠤᠭᠠᠷ ᠰᠠᠷ᠎ᠠ ᠶᠢᠨ 17 ᠤ ᠡᠳᠦᠷ ᠠᠴᠠ 27 ᠤ | ᠡᠳᠦᠷ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠡᠷᠭᠢᠯᠡᠬᠦ ᠪᠠᠷ ᠲᠣᠭᠲᠠᠪᠠ᠃ ᠴᠢᠬᠤᠯᠠ | ᠶᠡᠭᠡ ᠠᠵᠢᠯᠯᠠᠭᠠᠨ ᠤ ᠲᠠᠩᠰᠠ ᠡᠪᠬᠡᠮᠡᠯ ᠤᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ︽ᠠᠷᠪᠠᠨ | ᠳᠥᠷᠪᠡᠳᠦᠭᠡᠷ ᠡᠪᠦᠯ︾ ᠤᠨ ᠲᠠᠩᠰᠠ ᠡᠪᠬᠡᠮᠡᠯ ᠤᠨ ᠡᠯ᠎ᠡ ᠵᠦᠢᠯ ᠤᠨ ᠠᠵᠢᠯ ᠤᠳ ᠢ ᠯᠠᠪᠳᠠᠭᠤᠨ ᠪᠠᠲᠤᠲᠠᠢ ᠰᠠᠶᠢᠲᠤᠷ | ᠬᠢᠬᠦ ᠶᠢᠨ ᠲᠥᠯᠥᠭᠡ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ | ᠲᠣᠪᠴᠢᠶ᠎ᠠ᠂ ᠲᠠᠩᠰᠠ ᠡᠪᠬᠡᠮᠡᠯ ᠤᠨ ᠣᠷᠳᠣᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶ᠎ᠠ ᠲᠠᠢ ᠬᠠᠮᠲᠤᠷᠠᠨ ︽ᠠᠷᠪᠠᠨ ᠳᠥᠷᠪᠡᠳᠦᠭᠡᠷ ᠡᠪᠦᠯ︾ ᠤᠨ ᠲᠠᠩᠰᠠ ᠡᠪᠬᠡᠮᠡᠯ ᠤᠨ ᠠᠵᠢᠯ ᠢ | ᠲᠤᠬᠠᠶᠢᠯᠠᠭᠰᠠᠨ ᠠᠵᠢᠯ ᠤᠨ ᠲᠠᠯ᠎ᠠ ᠪᠠᠷ ᠵᠢᠯᠤᠭᠤᠳᠪᠠ᠃ | ᠵᠢᠯᠤᠭᠤᠳᠬᠤ ᠳᠤᠭᠤᠶᠢᠯᠠᠩ ︽ᠠᠷᠪᠠᠨ ᠳᠥᠷᠪᠡᠳᠦᠭᠡᠷ ᠡᠪᠦᠯ︾ ᠤᠨ ᠪᠡᠯᠡᠳᠬᠡᠯ ᠺᠣᠮᠢᠰ ᠤᠨ ᠠᠵᠢᠯ ᠤᠨ | ᠠᠬᠤᠢ ᠲᠠᠯᠠᠪᠠᠶ ᠳᠤ ᠬᠦᠷᠴᠦ᠂ ᠳᠠᠩᠰᠠ ᠡᠪᠬᠡᠮᠡᠯ ᠤᠨ ᠠᠵᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ᠂ ᠵᠣᠬᠢᠶᠠᠨ | ᠪᠠᠶᠢᠭᠤᠯᠤᠯᠲᠠ ᠶᠢᠨ ᠪᠦᠲᠦᠴᠡ᠂ ᠠᠵᠢᠯ ᠤᠨ ᠲᠣᠭᠲᠠᠴᠠ ᠵᠡᠷᠭᠡ ᠶᠢ ᠨᠠᠷᠢᠯᠢᠭ ᠣᠶᠢᠯᠠᠭᠠᠵᠤ᠂ ᠠᠬᠤᠢ ᠲᠠᠯᠠᠪᠠᠶ ᠳᠤ | ᠡᠯ᠎ᠡ ᠠᠵᠢᠯᠯᠠᠬᠤ ᠳᠤᠭᠤᠶᠢᠯᠠᠩ ᠤᠨ ᠪᠢᠴᠢᠭ ᠮᠠᠲ᠋ᠧᠷᠢᠶᠠᠯ ᠤᠳ ᠢ ᠴᠤᠭᠯᠠᠭᠤᠯᠤᠨ ᠡᠮᠬᠢᠳᠬᠡᠭᠰᠡᠨ ᠪᠠᠶᠢᠳᠠᠯ ᠢ ᠨᠢ | ᠪᠠᠶᠢᠴᠠᠭᠠᠨ ᠦᠵᠡᠵᠦ᠂ ᠲᠣᠭᠲᠠᠴᠠ ᠶᠢ ᠪᠠᠶᠢᠭᠤᠯᠬᠤ᠂ ᠪᠢᠴᠢᠭ ᠮᠠᠲ᠋ᠧᠷᠢᠶᠠᠯ ᠤᠳ ᠢ ᠴᠤᠭᠯᠠᠭᠤᠯᠤᠨ ᠬᠠᠮᠢᠶᠠᠷᠬᠤ᠂ | ᠲᠠᠩᠰᠠ ᠡᠪᠬᠡᠮᠡᠯ ᠤᠳ ᠢ ᠵᠢᠷᠤᠮᠵᠢᠭᠤᠯᠤᠨ ᠡᠮᠬᠢᠯᠡᠬᠦ᠂ ᠲᠠᠩᠰᠠ ᠡᠪᠬᠡᠮᠡᠯ ᠤᠨ ᠬᠠᠷᠢᠶᠠᠯᠠᠯ ᠬᠢᠭᠡᠳ ᠰᠢᠯᠵᠢᠭᠦᠯᠦᠨ | ᠲᠤᠰᠢᠶᠠᠬᠤ᠂ ᠲᠠᠩᠰᠠ ᠡᠪᠬᠡᠮᠡᠯ ᠤᠳ ᠢ ᠠᠰᠢᠭᠯᠠᠬᠤ ᠵᠢᠴᠢ ᠲᠠᠩᠰᠠ ᠡᠪᠬᠡᠮᠡᠯ ᠤᠳ ᠢ ᠲᠥᠷᠥᠯ ᠠᠩᠭᠢᠯᠠᠬᠤ ᠲᠥᠰᠥᠯ | ᠂ ᠪᠢᠴᠢᠭ ᠮᠠᠲ᠋ᠧᠷᠢᠶᠠᠯ ᠤᠳ ᠢ ᠲᠠᠩᠰᠠ ᠡᠪᠬᠡᠮᠡᠯ ᠳᠤ ᠣᠷᠣᠭᠤᠯᠬᠤ ᠬᠡᠪᠴᠢᠶ᠎ᠡ ᠪᠠ ᠲᠠᠩᠰᠠ ᠡᠪᠬᠡᠮᠡᠯ ᠤᠳ ᠢ | ᠬᠠᠳᠠᠭᠠᠯᠠᠨ ᠬᠠᠮᠢᠶᠠᠷᠬᠤ ᠲᠣᠪᠯᠠᠭᠰᠠᠨ ᠬᠤᠭᠤᠴᠠᠭᠠᠨ ᠤ ᠬᠦᠰᠦᠨᠦᠭᠲᠦ ᠶᠢ ᠵᠣᠬᠢᠶᠠᠬᠤ ᠵᠡᠷᠭᠡ ᠶᠢᠨ ᠲᠣᠭᠤᠷᠢᠨ ᠳᠤ | ᠵᠢᠯᠤᠭᠤᠳᠴᠤ᠂ ᠮᠠᠳᠠᠭ ᠲᠠᠢ ᠠᠰᠠᠭᠤᠳᠠᠯ ᠤᠳ ᠢ ᠴᠠᠭ ᠲᠤᠬᠠᠢ ᠳᠤ ᠨᠢ ᠬᠠᠷᠢᠭᠤᠯᠤᠨ᠂ ︽ᠠᠷᠪᠠᠨ ᠳᠥᠷᠪᠡᠳᠦᠭᠡᠷ | ᠡᠪᠦᠯ︾ ᠤᠨ ᠲᠠᠩᠰᠠ ᠡᠪᠬᠡᠮᠡᠯ ᠤᠨ ᠠᠵᠢᠯ ᠤᠨ ᠵᠢᠷᠤᠮᠵᠢᠯ ᠲᠠᠢ ᠪᠥᠭᠡᠳ ᠡᠮᠬᠢ ᠳᠠᠷᠠᠭᠠᠯᠠᠯ ᠲᠠᠢ ᠥᠷᠨᠢᠬᠦ ᠶᠢ | ᠠᠬᠢᠭᠤᠯᠵᠤ ᠪᠠᠶᠢᠨ᠎ᠠ᠃ | ᠲᠠᠷᠠᠭᠠᠴᠢ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠲᠣᠪᠴᠢᠶ᠎ᠠ | ᠂ ᠲᠠᠩᠰᠠ ᠡᠪᠬᠡᠮᠡᠯ ᠤᠨ ᠣᠷᠳᠣᠨ | ︽ᠠᠷᠪᠠᠨ ᠳᠥᠷᠪᠡᠳᠦᠭᠡᠷ ᠡᠪᠦᠯ︾ ᠤᠨ ᠲᠠᠩᠰᠠ ᠡᠪᠬᠡᠮᠡᠯ ᠤᠨ ᠠᠵᠢᠯ ᠢ ᠦᠷᠭᠦᠯᠵᠢᠯᠡᠨ ᠮᠥᠷᠳᠡᠨ | ᠵᠢᠯᠤᠭᠤᠳᠴᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ︽ | ᠠᠷᠪᠠᠨ ᠳᠥᠷᠪᠡᠳᠦᠭᠡᠷ ᠡᠪᠦᠯ︾ ᠤᠨ ᠲᠠᠩᠰᠠ ᠡᠪᠬᠡᠮᠡᠯ ᠤᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ | ᠠᠰᠠᠭᠤᠳᠠᠯ ᠤᠳ ᠢ ᠴᠠᠭ ᠲᠤᠬᠠᠢ ᠳᠤ ᠨᠢ ᠰᠢᠢᠳᠪᠦᠷᠢᠯᠡᠵᠦ᠂ ᠪᠥᠬᠦ ᠣᠷᠣᠨ ᠤ ᠴᠢᠬᠤᠯᠠ ᠶᠡᠭᠡ ᠠᠵᠢᠯᠯᠠᠭᠠᠨ ᠤ | ᠲᠠᠩᠰᠠ ᠡᠪᠬᠡᠮᠡᠯ ᠤᠨ ᠠᠵᠢᠯ ᠤᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠶᠢᠨ ᠲᠦᠪᠰᠢᠨ ᠢ ᠴᠢᠨᠠᠭᠰᠢᠳᠠ ᠨᠡᠩ | ᠳᠡᠭᠡᠭᠰᠢᠯᠡᠭᠦᠯᠦᠨ᠎ᠡ᠃ |