ᠬᠤᠪᠣᠷ ᠰᠢᠷᠣᠢ ᠶᠢᠨ ᠬᠡᠷᠡᠭᠯᠡᠭᠡᠨ ᠤ ᠠᠵᠤ ᠦᠢᠯᠡᠰ
ᠨᠡᠶᠢᠲᠡᠯᠡᠭᠰᠡᠨ ᠴᠠᠭ᠄
2023/11/29
      ᠬᠤᠪᠣᠷ ᠰᠢᠷᠣᠢ ᠶᠢᠨ ᠰᠣᠷᠢᠨᠵᠢᠨ ᠮᠠᠲ᠋ᠧᠷᠢᠶᠠᠯ᠄       ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠲᠤ ᠲᠦᠰᠢᠭᠯᠡᠨ᠂ ᠲᠦᠭᠦᠬᠡᠶ ᠮᠠᠲ᠋ᠧᠷᠢᠶᠠᠯ ᠤᠨ ᠠᠰᠢᠭᠯᠠᠯᠲᠠ ᠶᠢᠨ ᠨᠣᠷᠮ᠎ᠠ ᠨᠢ ᠥᠨᠳᠥᠷ᠂ ᠥᠪᠡᠷ ᠤᠨ ᠥᠷᠲᠡᠭ ᠨᠢ ᠳᠣᠤᠷ᠎ᠠ᠂ ᠦᠢᠯᠡᠳᠪᠦᠷᠢᠯᠡᠯ ᠤᠨ ᠦᠷ᠎ᠡ ᠪᠦᠲᠦᠮᠵᠢ ᠨᠢ ᠥᠨᠳᠥᠷ᠂ ᠬᠡᠯᠪᠡᠷᠢ ᠨᠢ ᠨᠠᠷᠢᠨ ᠪᠤᠳᠤᠯᠢᠶᠠᠨᠲᠠᠶ᠂ ᠨᠢᠮᠭᠡᠨ ᠬᠡᠯᠪᠡᠷᠢ᠂ ᠪᠠᠭ᠎ᠠ ᠬᠡᠯᠪᠡᠷᠢ ᠶᠢᠨ ᠪᠠ ᠬᠡᠮᠵᠢᠶ᠎ᠡ ᠨᠢ ᠨᠠᠷᠢᠯᠢᠭ ᠥᠨᠳᠥᠷ ᠪᠥᠭᠡᠳ ᠥᠨᠳᠥᠷ ᠥᠪᠡᠷ ᠤᠨ ᠥᠷᠲᠡᠭ ᠲᠠᠢ ᠲᠣᠭᠲᠠᠮᠠᠯ ᠰᠣᠷᠢᠨᠵᠢᠨ ᠮᠠᠲ᠋ᠧᠷᠢᠶᠠᠯ᠂ ᠳᠡᠭᠡᠳᠦ ᠥᠪᠡᠷ ᠤᠨ ᠥᠷᠲᠡᠭ ᠤᠨ ᠲᠣᠭᠲᠠᠮᠠᠯ ᠰᠣᠷᠢᠨᠵᠢᠨ ᠮᠠᠲ᠋ᠧᠷᠢᠶᠠᠯ᠂ ᠥᠨᠳᠥᠷ ᠰᠣᠷᠢᠨᠵᠢᠨ ᠲᠣᠭᠲᠠᠪᠤᠷᠢᠲᠤ ᠴᠢᠨᠠᠷ᠂ ᠥᠨᠳᠥᠷ ᠨᠢᠭᠡᠳᠦᠯᠲᠦ ᠴᠢᠨᠠᠷᠲᠠᠶ ᠨᠧᠲ ᠲᠡᠮᠦᠷ ᠪᠣᠷ ᠤᠨ ᠰᠣᠷᠢᠨᠵᠢᠨ ᠪᠡᠶ᠎ᠡ ᠵᠢᠴᠢ ᠥᠨᠳᠥᠷ ᠬᠡᠷᠡᠭᠯᠡᠬᠦ ᠳᠤᠯᠠᠭᠠᠨ ᠤ ᠬᠡᠮᠵᠢᠶ᠎ᠡ ᠲᠠᠢ ᠰᠠᠨᠲ᠋ᠢᠶᠣᠣᠷ ᠤᠨ ᠲᠣᠭᠲᠠᠮᠠᠯ ᠰᠣᠷᠢᠨᠵᠢᠨ ᠮᠠᠲ᠋ᠧᠷᠢᠶᠠᠯ ᠵᠡᠷᠭᠡ ᠶᠢ ᠭᠤᠤᠯᠳᠠᠯᠭ᠎ᠠ ᠲᠠᠢ ᠬᠥᠭᠵᠢᠭᠦᠯᠵᠦ᠂ ᠤᠯᠤᠰ ᠤᠨ ᠳᠣᠲᠣᠭᠠᠳᠤ ᠶᠢᠨ ᠳᠣᠤᠷᠠᠳᠤ ᠤᠷᠤᠰᠬᠠᠯ ᠤᠨ ᠲᠡᠷᠢᠭᠦᠨ ᠤ ᠴᠠᠬᠢᠯᠭᠠᠨ ᠮᠠᠰᠢᠨ ᠤ ᠠᠵᠤ ᠠᠬᠤᠶᠢᠯᠠᠯ ᠳᠤ ᠣᠷᠣᠭᠤᠯᠵᠤ ᠢᠷᠡᠨ᠂ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠢ ᠡᠮᠴᠢᠯᠡᠭᠡᠨ ᠤ ᠪᠠᠭᠠᠵᠢ ᠬᠡᠷᠡᠭᠰᠡᠯ ᠤᠨ ᠠᠵᠢᠯ ᠲᠥᠷᠥᠯ ᠳᠤ ᠬᠡᠷᠡᠭᠯᠡᠬᠦ ᠶᠢ ᠬᠥᠭᠵᠢᠭᠦᠯᠦᠨ᠎ᠡ᠃        ᠬᠤᠪᠣᠷ ᠰᠢᠷᠣᠶ ᠶᠢᠨ ᠤᠰᠤᠲᠥ᠋ᠷᠥᠭᠴᠢ ᠬᠠᠳᠠᠭᠠᠯᠠᠬᠤ ᠮᠠᠲ᠋ᠧᠷᠢᠶᠠᠯ᠄        ᠥᠨᠳᠥᠷ ᠪᠠᠭᠲᠠᠭᠠᠮᠵᠢ ᠲᠠᠢ ᠥᠪᠡᠰᠦᠪᠡᠨ ᠴᠠᠬᠢᠯᠭᠠᠨ ᠭᠠᠷᠭᠠᠬᠤ ᠬᠡᠯᠪᠡᠷᠢ ᠢᠶᠠᠷ ᠳᠣᠤᠷ᠎ᠠ᠂ ᠤᠨᠴᠠᠭᠠᠢ ᠬᠡᠷᠡᠭᠴᠡᠭᠡ ︵ᠳᠣᠤᠷ᠎ᠠ ᠳᠤᠯᠠᠭᠠᠨ᠂ ᠥᠨᠳᠥᠷ ᠴᠢᠳᠠᠪᠬᠢᠲᠤ ᠬᠡᠯᠪᠡᠷᠢ︶᠂ HEV᠎ ᠶᠢ ᠬᠡᠷᠡᠭᠯᠡᠬᠦ ᠥᠪᠡᠷ ᠤᠨ ᠥᠷᠲᠡᠭ ᠢᠶᠠᠷ ᠳᠣᠤᠷ᠎ᠠ ᠬᠤᠪᠣᠷ ᠰᠢᠷᠣᠶ ᠶᠢᠨ ᠤᠰᠤᠲᠥ᠋ᠷᠥᠭᠴᠢ ᠬᠠᠳᠠᠭᠠᠯᠠᠬᠤ ᠮᠠᠲ᠋ᠧᠷᠢᠶᠠᠯ ᠪᠠ ᠲᠣᠨᠤᠭ ᠢ ᠬᠥᠭᠵᠢᠭᠦᠯᠦᠨ᠎ᠡ᠃ A2B7 ᠤᠰᠤᠲᠥ᠋ᠷᠥᠭᠴᠢ ᠤᠰᠤᠲᠥ᠋ᠷᠥᠭᠴᠢ ᠶᠢᠨ ᠨᠡᠶᠢᠯᠡᠮᠡᠯ ᠠᠯᠲᠠᠨ ᠨᠤᠨᠳᠠᠭ᠂ ᠬᠤᠯᠢᠮᠠᠭ ᠬᠥᠳᠡᠯᠭᠡᠬᠦ ᠬᠦᠴᠦᠨ ᠤ ᠮᠠᠰᠢᠨ ᠲᠡᠷᠭᠡ᠂ ᠴᠠᠬᠢᠯᠭᠠᠨ ᠬᠥᠳᠡᠯᠭᠡᠭᠦᠷᠲᠦ ᠪᠠᠭᠠᠵᠢ ᠪᠠ ᠲᠤᠰᠠᠯᠠᠬᠤ ᠲᠡᠷᠭᠡ ᠵᠡᠷᠭᠡ ᠳᠤ ᠬᠡᠷᠡᠭᠯᠡᠬᠦ ᠳᠡᠭᠡᠳᠦ ᠴᠢᠳᠡᠪᠬᠢᠳᠦ ᠤᠰᠤᠲᠥ᠋ᠷᠥᠭᠴᠢ ᠬᠠᠳᠠᠭᠠᠯᠠᠬᠤ ᠮᠠᠲ᠋ᠧᠷᠢᠶᠠᠯ ᠵᠢᠴᠢ ᠨᠢᠺᠧᠯ ᠤᠰᠤᠲᠥ᠋ᠷᠥᠭᠴᠢ ᠶᠢᠨ ᠬᠥᠳᠡᠯᠭᠡᠬᠦ ᠬᠦᠴᠦᠨ ᠤ ᠳ᠋ᠢᠶᠠᠨ ᡂᠢ᠂ ᠤᠰᠤᠲᠥ᠋ᠷᠥᠭᠴᠢ ᠬᠠᠳᠠᠭᠠᠯᠠᠬᠤ ᠲᠣᠮᠣ ᠬᠡᠯᠪᠡᠷᠢ ᠶᠢᠨ ᠲᠥᠬᠦᠭᠡᠷᠦᠮᠵᠢ ᠳᠤ ᠬᠡᠷᠡᠭᠯᠡᠬᠦ ᠳᠡᠭᠡᠳᠦ ᠴᠢᠳᠡᠪᠬᠢᠳᠦ ᠬᠤᠪᠣᠷ ᠰᠢᠷᠣᠢ ᠶᠢᠨ ᠤᠰᠤᠲᠥ᠋ᠷᠥᠭᠴᠢ ᠬᠠᠳᠠᠭᠠᠯᠠᠬᠤ ᠮᠠᠲ᠋ᠧᠷᠢᠶᠠᠯ ᠵᠢᠴᠢ ᠲᠣᠨᠣᠭᠯᠠᠯ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃        ᠬᠤᠪᠣᠷ ᠰᠢᠷᠣᠶ ᠶᠢᠨ ᠭᠢᠯᠠᠶᠢᠯᠭᠠᠬᠤ ᠮᠠᠲ᠋ᠧᠷᠢᠶᠠᠯ᠄       ᠳᠡᠯᠡᠬᠡᠶ ᠶᠢᠨ ᠬᠡᠪᠴᠢᠶᠡᠨ ᠤ ᠡᠯᠧᠺᠲᠷᠣᠨ ᠮᠡᠷᠭᠡᠵᠢᠯ ᠤᠨ ᠬᠥᠭᠵᠢᠯᠲᠡ ᠪᠣᠯᠤᠨ ᠰᠢᠨ᠎ᠡ ᠮᠠᠶ᠋ᠢᠭ ᠤᠨ ᠰᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠵᠠᠬ᠎ᠠ ᠳᠡᠯᠭᠡᠭᠦᠷ ᠤᠨ ᠲᠣᠭᠤᠷᠢᠨ ᠳᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠬᠠᠷᠢᠯᠴᠠᠨ ᠲᠣᠬᠢᠷᠠᠯᠴᠠᠭᠰᠠᠨ ᠬᠤᠪᠣᠷ ᠰᠢᠷᠣᠶ ᠶᠢᠨ ᠮᠠᠲ᠋ᠧᠷᠢᠶᠠᠯ ᠢ ᠨᠡᠭᠡᠭᠡᠨ ᠬᠥᠭᠵᠢᠭᠦᠯᠵᠦ᠂ ᠰᠢᠩᠭᠡᠨ ᠲᠠᠯᠠᠰᠲᠤ ᠳᠡᠯᠭᠡᠴᠡ᠂ ᠬᠠᠭᠠᠰ ᠳᠠᠮᠵᠢᠭᠤᠯᠤᠭᠴᠢ ᠪᠡᠶ᠎ᠡ᠂ ᠬᠠᠲᠠᠭᠤ ᠫᠠᠨᠰᠠ ᠶᠢᠨ ᠫᠠᠨᠰᠠ ᠪᠣᠯᠤᠨ ᠬᠥᠬᠡ ᠡᠷᠳᠡᠨᠢ ᠴᠢᠯᠠᠭᠤᠨ ᠤ ᠳᠡᠭᠡᠳᠦ ᠴᠢᠳᠠᠪᠬᠢᠲᠤ ᠭᠢᠯᠲᠠᠭᠠᠨᠠᠭᠤᠷ ᠨᠤᠨᠲᠠᠭ᠂ ᠭᠢᠯᠠᠶᠢᠯᠭᠠᠬᠤ ᠰᠢᠩᠭᠡᠨ ᠢ ᠬᠥᠭᠵᠢᠭᠦᠯᠵᠦ᠂ ᠨᠠᠨᠤᠮᠧᠲᠷ ᠤᠨ ᠲᠠᠰ ᠤᠨ ᠼᠧᠷᠢ ᠶᠢᠨ ᠭᠢᠯᠲᠠᠭᠠᠨᠠᠭᠤᠷ ᠨᠤᠨᠲᠠᠭ ︵ᠰᠢᠩᠭᠡᠨ︶ ᠵᠡᠷᠭᠡ ᠶᠢ ᠭᠤᠤᠯᠳᠠᠯᠭ᠎ᠠ ᠲᠠᠢ ᠪᠦᠲᠦᠭᠡᠨ ᠪᠠᠶᠢᠭᠤᠯᠵᠤ᠂ ᠬᠤᠪᠣᠷ ᠰᠢᠷᠣᠶ ᠶᠢᠨ ᠭᠢᠯᠲᠠᠭᠠᠨᠠᠭᠤᠷ ᠮᠠᠲ᠋ᠧᠷᠢᠶᠠᠯ ᠤᠨ ᠰᠢᠨ᠎ᠡ ᠵᠠᠬ᠎ᠠ ᠳᠡᠯᠭᠡᠭᠦᠷ ᠢ ᠨᠡᠭᠡᠭᠡᠨ᠎ᠡ        ᠬᠤᠪᠣᠷ ᠰᠢᠷᠣᠶ ᠶᠢᠨ ᠲᠦᠷᠭᠡᠳᠬᠡᠬᠦ ᠮᠠᠲ᠋ᠧᠷᠢᠶᠠᠯ᠄       ᠯᠠᠨᠲ᠋ᠠᠨ᠂ ᠼᠧᠷᠢ ᠶᠢᠨ ᠬᠦᠴᠦᠨ ᠵᠦᠢᠯ ᠢ ᠥᠷᠭᠡᠳᠬᠡᠨ ᠬᠡᠷᠡᠭᠯᠡᠬᠦ ᠪᠠᠷ ᠬᠠᠷᠠᠯᠲᠠ ᠪᠣᠯᠭᠠᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠴᠠᠬᠢᠯᠭᠠᠨ ᠤ ᠦᠢᠯᠡᠳᠪᠦᠷᠢ ᠶᠢᠨ ᠣᠲᠤᠭ᠎ᠠ ᠬᠦᠬᠦᠷ ᠥᠬᠡᠶᠢᠳᠡᠭᠦᠯᠬᠦ᠂ ᠮᠠᠰᠢᠨ ᠲᠡᠷᠭᠡᠨ ᠤ ᠠᠷᠤ ᠶᠢᠨ ᠬᠡᠢ ᠶᠢ ᠴᠡᠪᠡᠷᠰᠢᠭᠦᠯᠬᠦ ᠲᠦᠷᠭᠡᠳᠬᠡᠭᠦᠷ ᠢ ᠬᠥᠭᠵᠢᠭᠦᠯᠬᠦ ᠬᠡᠷᠡᠭᠲᠡᠶ᠃ ᠳᠡᠭᠡᠳᠦ ᠴᠢᠳᠡᠪᠬᠢᠳᠦ ᠬᠤᠪᠤᠷ ᠰᠢᠷᠣᠢ ᠶᠢᠨ ᠨᠤᠨᠳᠠᠭ ᠤᠨ ᠨᠢᠳ᠋ᠷᠥ ᠦᠭᠡᠶᠢᠳᠡᠭᠦᠯᠦᠨ ᠲᠦᠷᠭᠡᠳᠬᠡᠬᠦ ᠮᠠᠲ᠋ᠧᠷᠢᠶᠠᠯ᠂ ᠬᠤᠣᠷᠳᠠᠯ ᠢ ᠡᠰᠡᠷᠭᠦᠴᠡᠬᠦ ᠴᠢᠨᠠᠷᠲᠠᠢ ᠬᠤᠪᠤᠷ ᠰᠢᠷᠣᠢ ᠶᠢᠨ ᠨᠡᠶᠢᠯᠡᠮᠡᠯ ᠨᠢᠳ᠋ᠷᠥ ᠦᠭᠡᠶᠢᠳᠡᠭᠦᠯᠬᠦ ᠮᠠᠲ᠋ᠧᠷᠢᠶᠠᠯ᠂ ᠳᠣᠣᠷ᠎ᠠ ᠥᠪᠡᠷ ᠤᠨ ᠦᠷᠳᠡᠭ ᠲᠠᠢ ᠮᠠᠰᠢᠨ ᠲᠡᠷᠭᠡᠨ ᠤ ᠤᠳᠤᠭ᠎ᠠ ᠬᠡᠢ ᠶᠢ ᠴᠡᠪᠡᠷᠰᠢᠭᠦᠯᠬᠦ ᠮᠠᠲ᠋ᠧᠷᠢᠶᠠᠯ ᠵᠡᠷᠭᠡ ᠠᠵᠤ ᠦᠢᠯᠡᠰ ᠢ ᠭᠤᠣᠯᠳᠠᠯᠭ᠎ᠠ ᠲᠠᠢ ᠪᠠᠶᠢᠭᠤᠯᠤᠨ᠎ᠠ᠃       ᠬᠤᠪᠣᠷ ᠰᠢᠷᠣᠶ ᠶᠢᠨ ᠬᠠᠢᠯᠤᠰᠢ ︵ᠨᠡᠮᠡᠬᠦ︶ ᠮᠠᠲ᠋ᠧᠷᠢᠶᠠᠯ᠄       ᠪᠤᠭᠤᠲᠤ ᠶᠢᠨ ᠬᠤᠪᠣᠷ ᠰᠢᠷᠣᠶ᠂ ᠬᠥᠩᠭᠡᠨ ᠴᠠᠭᠠᠨ᠂ ᠮᠠᠭᠨᠢ᠂ ᠵᠡᠰ ᠵᠡᠷᠭᠡ ᠡᠬᠢ ᠪᠠᠶᠠᠯᠢᠭ ᠪᠣᠯᠤᠨ ᠠᠵᠤ ᠦᠢᠯᠡᠰ ᠤᠨ ᠳᠠᠪᠠᠭᠤᠯᠢᠭ ᠢ ᠪᠠᠳᠠᠷᠠᠭᠤᠯᠤᠨ᠂ ᠪᠣᠯᠣᠳ ᠲᠡᠮᠦᠷ ᠬᠢᠭᠡᠳ ᠥᠩᠭᠡᠲᠦ ᠲᠡᠮᠦᠷᠯᠢᠭ ᠲᠤ ᠬᠤᠪᠣᠷ ᠰᠢᠷᠣᠶ ᠶᠢᠨ ᠬᠡᠷᠡᠭᠯᠡᠬᠦ ᠶᠢ ᠥᠷᠭᠡᠳᠬᠡᠵᠦ᠂ ᠬᠤᠪᠣᠷ ᠰᠢᠷᠣᠶ ᠶᠢᠨ ᠮᠠᠭᠨᠢ ᠶᠢᠨ ᠬᠠᠶᠢᠯᠤᠰᠢ᠂ ᠬᠤᠪᠣᠷ ᠰᠢᠷᠣᠶ ᠶᠢᠨ ᠬᠥᠩᠭᠡᠨ ᠴᠠᠭᠠᠨ ᠤ ᠬᠠᠶᠢᠯᠤᠰᠢ᠂ ᠬᠤᠪᠣᠷ ᠰᠢᠷᠣᠶ ᠶᠢᠨ ᠲᠢᠲ᠋ᠠᠨ ᠤ ᠬᠠᠶᠢᠯᠤᠰᠢ᠂ ᠬᠤᠪᠣᠷ ᠰᠢᠷᠣᠶ ᠶᠢᠨ ᠵᠡᠰ ᠤᠨ ᠬᠠᠶᠢᠯᠤᠰᠢ ᠵᠡᠷᠭᠡ ᠲᠥᠷᠥᠯ ᠵᠦᠢᠯ ᠢ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号