【ᠲᠦᠷᠦ ᠶᠢᠨ ᠪᠤᠳᠤᠯᠭ᠎ᠠ ᠶᠢᠨ ᠲᠠᠶᠢᠯᠤᠮᠵᠢ】ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ ᠶᠢ ᠰᠢᠢᠳᠪᠦᠷᠢᠯᠡᠬᠦ ᠬᠠᠮᠢᠶᠠᠷᠣᠯᠳᠠ ᠶᠢᠨ ᠲᠦᠷᠦ  ᠶᠢᠨ ᠪᠣᠳᠣᠯᠭ᠎ᠠ ᠶᠢᠨ ᠲᠠᠶᠢᠯᠣᠮᠵᠢ
ᠨᠡᠶᠢᠲᠡᠯᠡᠭᠰᠡᠨ ᠴᠠᠭ᠄
2023/11/29
      ᠠᠮᠤ ᠪᠤᠳᠠᠭᠠᠨ ᠤ ᠠᠮᠤᠷ ᠲᠦᠪᠰᠢᠨ ᠤ ᠬᠤᠰᠢᠭᠤ ᠰᠢᠶᠠᠨ ᠣᠷᠣᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠪᠥᠬᠦ ᠲᠠᠯ᠎ᠠ ᠪᠠᠷ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠪᠠᠷᠢᠮᠵᠢᠶ᠎ᠠ   ᠠᠴᠠ ᠬᠡᠲᠦᠷᠡᠭᠰᠡᠨ ᠠᠮᠤ ᠪᠤᠳᠠᠭ᠎ᠠ ᠶᠢ ᠰᠢᠢᠳᠪᠦᠷᠢᠯᠡᠬᠦ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠤᠨ᠂ ᠠᠮᠤ ᠪᠤᠳᠠᠭᠠᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ︽ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ ᠡᠳᠦᠭᠡ ᠳᠣᠣᠷᠠᠬᠢ ᠮᠡᠲᠦ ᠲᠠᠶᠢᠯᠤᠮᠵᠢ ᠬᠢᠶ᠎ᠡ᠄      ᠨᠢᠭᠡ᠂ ︽ᠠᠷᠭ᠎ᠠ︾ ᠶᠢ ᠲᠣᠭᠲᠠᠭᠠᠭᠰᠠᠨ ᠠᠬᠤᠢ ᠪᠠᠶᠢᠳᠠᠯ᠂ ᠦᠨᠳᠦᠰᠦᠯᠡᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ︽ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃     ᠬᠤᠶᠠᠷ᠂ ︽ᠠᠷᠭ᠎ᠠ︾ ᠶᠢ ᠬᠡᠷᠡᠭᠵᠢᠭᠦᠯᠬᠦ ᠬᠡᠪᠴᠢᠶ᠎ᠡ ᠪᠠ ᠬᠡᠷᠡᠭᠵᠢᠭᠦᠯᠬᠦ ᠴᠠᠭ     ᠬᠡᠷᠡᠭᠵᠢᠭᠦᠯᠬᠦ ᠬᠡᠪᠴᠢᠶ᠎ᠡ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ᠂  ᠬᠡᠷᠡᠭᠵᠢᠭᠦᠯᠬᠦ ᠴᠠᠭ  ᠨᠢ 2022 ᠣᠨ ᠤ 6 ᠰᠠᠷ᠎ᠠ ᠶᠢᠨ 24 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃     ᠭᠤᠷᠪᠠ᠂ ︽ᠠᠷᠭ᠎ᠠ︾ ᠶᠢᠨ ᠭᠤᠣᠯ ᠠᠭᠤᠯᠭ᠎ᠠ      ︽ᠠᠷᠭ᠎ᠠ︾ ᠨᠢ ᠨᠡᠶᠢᠲᠡ ᠲᠤᠯᠤᠭᠠᠨ ᠪᠦᠯᠦᠭ ᠬᠤᠷᠢᠨ ᠭᠤᠷᠪᠠᠨ‌ᠵᠤᠷᠪᠤᠰ ᠪᠤᠢ᠃     ᠨᠢᠭᠡᠳᠦᠭᠡᠷ ᠪᠦᠯᠦᠭ    ᠶᠡᠷᠦᠩᠬᠡᠢ ᠳᠦᠷᠢᠮ   1 ︱ 5 ᠳ᠋ᠤᠭᠠᠷ ᠵᠤᠷᠪᠤᠰ᠂  ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠣᠷᠣᠨ ᠪᠦᠰᠡ ᠶᠢᠨ ᠳᠣᠲᠣᠷᠠᠬᠢ ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ ᠶᠢ ᠬᠤᠳᠠᠯᠳᠤᠨ ᠠᠪᠬᠤ᠂ ᠬᠠᠳᠠᠭᠠᠯᠠᠬᠤ᠂ ᠰᠢᠢᠳᠪᠦᠷᠢᠯᠡᠬᠦ ᠵᠢᠴᠢ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠠᠵᠢᠯᠯᠠᠭ᠎ᠠ ᠶᠢ ᠲᠣᠳᠣᠷᠬᠠᠶᠢᠯᠠᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠴᠡᠭ ᠲᠣᠭᠲᠠᠭᠠᠨ ᠬᠤᠳᠠᠯᠳᠤᠨ ᠠᠪᠬᠤ᠂ ᠲᠥᠷᠥᠯ ᠬᠤᠪᠢᠶᠠᠨ ᠬᠠᠳᠠᠭᠠᠯᠠᠬᠤ᠂ ᠬᠠᠨᠳᠤᠯᠭ᠎ᠠ ᠲᠠᠢ ᠪᠠᠷ ᠪᠣᠷᠣᠯᠠᠭᠤᠯᠬᠤ᠂ ᠪᠥᠬᠦ ᠶᠠᠪᠤᠴᠠ ᠳᠤ ᠬᠢᠨᠠᠨ ᠬᠠᠮᠢᠶᠠᠷᠬᠤ ᠵᠠᠷᠴᠢᠮ ᠢ ᠪᠠᠷᠢᠮᠲᠠᠯᠠᠨ᠎ᠠ᠃ ᠠᠮᠤ ᠪᠤᠳᠠᠭᠠᠨ ᠤ ᠡᠬᠢ ᠪᠠᠶᠠᠯᠢᠭ ᠢ ᠭᠦᠢᠴᠡᠳ ᠪᠥᠭᠡᠳ ᠵᠦᠢ ᠵᠣᠬᠢᠰᠲᠠᠢ ᠠᠰᠢᠭᠯᠠᠬᠤ ᠶᠢ ᠪᠠᠷᠢᠮᠲᠠᠯᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠲᠣᠭᠲᠠᠭᠠᠯ ᠶᠣᠰᠣᠭᠠᠷ ᠰᠢᠢᠳᠪᠦᠷᠢᠯᠡᠬᠦ᠂ ᠬᠠᠤᠯᠢ ᠶᠣᠰᠣᠭᠠᠷ ᠬᠢᠨᠠᠨ ᠬᠠᠮᠢᠶᠠᠷᠬᠤ ᠵᠠᠷᠴᠢᠮ ᠢ ᠪᠠᠷᠢᠮᠲᠠᠯᠠᠨ᠎ᠠ᠃ ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ ᠶᠢ ᠮᠠᠭᠠᠳᠯᠠᠨ ᠲᠣᠭᠲᠠᠭᠠᠬᠤ ᠳᠤ ᠤᠳᠤ ᠶᠢᠨ ᠬᠡᠷᠡᠭᠵᠢᠭᠦᠯᠵᠦ ᠪᠠᠶᠢᠭ᠎ᠠ ︽ᠢᠳᠡᠭᠡᠨ ᠤ ᠠᠶᠤᠯᠭᠦᠢ ᠶᠢᠨ ᠤᠯᠤᠰ ᠤᠨ ᠪᠠᠷᠢᠮᠵᠢᠶ᠎ᠠ ᠶᠢᠨ ᠠᠮᠤ ᠪᠤᠳᠠᠭ᠎ᠠ︾ ︵GB2715-2016︶ ᠪᠠ ︽ᠢᠳᠡᠭᠡᠨ ᠤ ᠠᠷᠢᠭᠤᠨ ᠴᠡᠪᠡᠷ ᠢ ᠰᠢᠯᠭᠠᠨ ᠪᠠᠶᠢᠴᠠᠭᠠᠬᠤ ᠠᠷᠭ᠎ᠠ ᠶᠢᠨ ᠹᠢᠽᠢᠺ ᠬᠢᠮᠢ ᠶᠢᠨ ᠪᠠᠷᠢᠮᠵᠢᠶ᠎ᠠ -5009︾  ᠪᠠᠷ ᠦᠨᠳᠦᠰᠦᠯᠡᠯ ᠪᠣᠯᠭᠠᠨ᠎ᠠ᠃ ᠢᠳᠡᠭᠡᠨ ᠦᠢᠯᠡᠳᠪᠦᠷᠢᠯᠡᠭᠴᠢ ᠢᠳᠡᠭᠡᠨ ᠤ ᠠᠶᠤᠯᠭᠦᠢ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ ᠪᠠᠷ ᠢᠳᠡᠭᠡᠨ ᠤ ᠲᠦᠭᠦᠬᠡᠢ ᠮᠠᠲ᠋ᠧᠷᠢᠶᠠᠯ ᠪᠣᠯᠭᠠᠬᠤ ᠶᠢ ᠴᠢᠩᠭ᠎ᠠ ᠴᠠᠭᠠᠵᠠᠯᠠᠨ᠎ᠠ᠃     ᠬᠤᠶᠠᠳᠤᠭᠠᠷ ᠪᠦᠯᠦᠭ   ᠬᠤᠳᠠᠯᠳᠤᠨ ᠠᠪᠬᠤ ᠪᠠ ᠬᠠᠳᠠᠭᠠᠯᠠᠬᠤ᠂ 6 ︱ 10 ᠳ᠋ᠤᠭᠠᠷ ᠵᠤᠷᠪᠤᠰ᠃ ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ ᠶᠢ ᠬᠤᠳᠠᠯᠳᠤᠨ ᠠᠪᠬᠤ ᠳᠤ ᠤᠯᠤᠰ ᠤᠨ ᠠᠮᠤ ᠪᠤᠳᠠᠭ᠎ᠠ ᠬᠤᠳᠠᠯᠳᠤᠨ ᠠᠪᠬᠤ ᠲᠦᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠠᠮᠤ ᠪᠤᠳᠠᠭᠠᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠳᠠᠯᠳᠤᠨ ᠠᠪᠤᠭᠰᠠᠨ ᠬᠥᠮᠥᠷᠭᠡ ᠳᠤ ᠣᠷᠣᠭᠤᠯᠤᠭᠰᠠᠨ ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭᠠᠨ ᠤ ᠲᠤᠭ᠎ᠠ ᠬᠡᠮᠵᠢᠶ᠎ᠡ ᠪᠠ ᠶᠠᠰᠤ ᠴᠢᠨᠠᠷ ᠢ ᠰᠢᠯᠭᠠᠨ ᠠᠪᠬᠤ ᠶᠢᠨ ᠬᠠᠮᠲᠤ ᠰᠢᠯᠭᠠᠨ ᠠᠪᠤᠭᠰᠠᠨ ᠦᠷ᠎ᠡ ᠳ᠋ᠦᠩ ᠢᠶᠠᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠬᠦ ᠬᠡᠷᠡᠭᠲᠡᠢ᠃ ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ ᠶᠢ ᠰᠢᠯᠭᠠᠨ ᠠᠪᠬᠤ ᠶᠠᠪᠤᠴᠠ ᠳᠠᠬᠢ ᠶᠠᠰᠤ ᠴᠢᠨᠠᠷ ᠢ ᠰᠢᠯᠭᠠᠨ ᠪᠠᠶᠢᠴᠠᠭᠠᠬᠤ ᠠᠵᠢᠯ ᠢ ᠠᠮᠤ ᠪᠤᠳᠠᠭ᠎ᠠ ᠰᠢᠯᠭᠠᠨ ᠪᠠᠶᠢᠴᠠᠭᠠᠬᠤ ᠲᠤᠰᠬᠠᠢ ᠪᠠᠶᠢᠭᠤᠯᠤᠮᠵᠢ ᠳᠤ ᠨᠠᠶᠢᠳᠠᠵᠤ ᠬᠢᠯᠭᠡᠬᠦ ᠬᠡᠷᠡᠭᠲᠡᠢ᠃ ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ ᠶᠢ ᠴᠡᠭ ᠲᠣᠭᠲᠠᠭᠠᠨ ᠬᠤᠳᠠᠯᠳᠤᠨ ᠠᠪᠴᠤ  ᠬᠠᠳᠠᠭᠠᠯᠠᠨ᠎ᠠ᠃ ᠲᠣᠭᠲᠠᠭᠰᠠᠨ ᠴᠡᠭ ᠲᠤ ᠬᠤᠳᠠᠯᠳᠤᠨ ᠠᠪᠴᠤ ᠬᠠᠳᠠᠭᠠᠯᠠᠬᠤ ᠠᠵᠤ ᠠᠬᠤᠶᠢᠯᠠᠯ ᠢ ᠰᠣᠩᠭᠤᠨ ᠲᠣᠭᠲᠠᠭᠠᠬᠤ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠢᠯᠡ ᠪᠠᠷ ᠳᠠᠭᠠᠭᠠᠴᠢᠯᠠᠯᠲᠠ ᠵᠠᠷᠯᠠᠬᠤ ᠶᠢ ᠬᠡᠷᠡᠭᠵᠢᠭᠦᠯᠬᠦ ᠬᠡᠯᠪᠡᠷᠢ ᠶᠢᠨ ᠰᠢᠯᠢᠳᠡᠭ ᠢ ᠰᠣᠩᠭᠤᠨ  ᠲᠣᠭᠲᠠᠭᠠᠨ᠎ᠠ᠃ ᠠᠮᠤ ᠪᠤᠳᠠᠭᠠᠨ ᠤ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠳ ᠬᠥᠮᠥᠷᠭᠡ ᠳᠤ ᠬᠠᠳᠠᠭᠠᠯᠠᠵᠤ ᠪᠠᠶᠢᠭ᠎ᠠ ᠠᠮᠤ ᠪᠤᠳᠠᠭᠠᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠮᠤ ᠪᠤᠳᠠᠭᠠᠨ ᠤ ᠬᠥᠮᠥᠷᠭᠡ ᠳᠤ ᠬᠠᠳᠠᠭᠠᠯᠠᠵᠤ ᠪᠠᠶᠢᠭ᠎ᠠ ᠪᠠᠶᠢᠳᠠᠯ ᠢ ᠪᠠᠶᠢᠴᠠᠭᠠᠬᠤ ᠲᠠᠢ ᠤᠶᠠᠯᠳᠤᠭᠤᠯᠤᠨ᠂ ᠬᠥᠮᠥᠷᠭᠡ ᠳᠤ ᠬᠠᠳᠠᠭᠠᠯᠠᠵᠤ ᠪᠠᠶᠢᠭ᠎ᠠ ᠠᠮᠤ ᠪᠤᠳᠠᠭ᠎ᠠ ᠪᠠᠷᠢᠮᠵᠢᠶ᠎ᠠ ᠠᠴᠠ ᠬᠡᠲᠦᠷᠡᠭᠰᠡᠨ ᠪᠠᠶᠢᠳᠠᠯ ᠢ ᠬᠢᠨᠠᠨ ᠬᠡᠮᠵᠢᠬᠦ ᠠᠵᠢᠯ ᠢ ᠥᠷᠨᠢᠭᠦᠯᠦᠨ᠎ᠡ᠃      ᠭᠤᠷᠪᠠᠳᠤᠭᠠᠷ ᠪᠦᠯᠦᠭ    ᠰᠢᠢᠳᠪᠦᠷᠢᠯᠡᠬᠦ᠂ 11 ︱ 14 ᠳ᠋ᠣᠭᠡᠷ ᠵᠤᠷᠪᠤᠰ᠃ ᠳᠠᠭᠠᠭᠠᠨ ᠬᠠᠳᠠᠭᠠᠯᠠᠬᠤ ᠠᠵᠤ ᠠᠬᠤᠶᠢᠯᠠᠯ ᠤᠨ ᠰᠠᠩ ᠬᠥᠮᠥᠷᠭᠡ ᠶᠢᠨ ᠪᠠᠭᠲᠠᠭᠠᠮᠵᠢ ᠨᠢ ᠡᠷᠬᠡᠪᠰᠢ ᠳᠠᠭᠠᠭᠠᠨ ᠬᠠᠳᠠᠭᠠᠯᠠᠬᠤ ᠬᠡᠪᠴᠢᠶ᠎ᠡ ᠠᠴᠠ ᠶᠡᠭᠡ ᠪᠠᠶᠢᠵᠤ᠂ ᠰᠠᠩ ᠬᠥᠮᠥᠷᠭᠡ ᠶᠢᠨ ᠨᠥᠬᠦᠴᠡᠯ ᠨᠢ ᠤᠯᠤᠰ ᠤᠨ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠳᠤ ᠨᠡᠶᠢᠴᠡᠭᠰᠡᠨ ᠪᠠᠶᠢᠬᠤ᠃ ᠠᠮᠤ ᠪᠤᠳᠠᠭ᠎ᠠ ᠬᠠᠳᠠᠭᠠᠯᠠᠬᠤ ᠴᠢᠳᠠᠮᠵᠢ᠂ ᠬᠥᠮᠥᠷᠭᠡ ᠶᠢᠨ ᠬᠡᠯᠪᠡᠷᠢ᠂ ᠠᠮᠤ ᠪᠤᠳᠠᠭ᠎ᠠ ᠣᠷᠣᠭᠤᠯᠵᠤ ᠭᠠᠷᠭᠠᠬᠤ ᠠᠷᠭ᠎ᠠ ᠮᠠᠶ᠋ᠢᠭ᠂ ᠠᠮᠤ ᠪᠤᠳᠠᠭᠠᠨ ᠤ ᠲᠥᠷᠥᠯ ᠵᠦᠢᠯ᠂ ᠠᠮᠤ ᠪᠤᠳᠠᠭ᠎ᠠ ᠬᠠᠳᠠᠭᠠᠯᠠᠬᠤ ᠦᠶᠡᠯᠡᠯ ᠤᠨ ᠬᠤᠭᠤᠴᠠᠭ᠎ᠠ ᠵᠡᠷᠭᠡ ᠯᠦᠭᠡ ᠵᠣᠬᠢᠴᠠᠯᠳᠤᠭᠰᠠᠨ ᠬᠥᠮᠥᠷᠭᠡᠯᠡᠨ ᠬᠠᠳᠠᠭᠠᠯᠠᠬᠤ ᠲᠥᠬᠦᠭᠡᠷᠦᠮᠵᠢ ᠲᠠᠢ ᠪᠠᠶᠢᠬᠤ ᠬᠡᠷᠡᠭᠲᠡᠢ᠃ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠠᠮᠤ ᠪᠤᠳᠠᠭᠠᠨ ᠤ ᠶᠠᠰᠤ ᠴᠢᠨᠠᠷ ᠢ ᠪᠠᠶᠢᠴᠠᠭᠠᠨ ᠰᠢᠯᠭᠠᠬᠤ ᠬᠡᠮᠵᠢᠭᠦᠷᠯᠢᠭ ᠪᠠ ᠲᠠᠯᠠᠪᠤᠷ ᠭᠠᠵᠠᠷ ᠲᠠᠢ ᠪᠠᠶᠢᠵᠤ᠂ ᠣᠷᠣᠨ ᠤ ᠲᠡᠰ ᠤᠨ ᠨᠥᠭᠡᠴᠡ ᠠᠮᠤ ᠪᠤᠳᠠᠭᠠᠨ ᠤ ᠬᠠᠳᠠᠭᠠᠯᠠᠯᠲᠠ ᠶᠢᠨ ᠬᠤᠭᠤᠴᠠᠭᠠᠨ ᠳᠠᠬᠢ ᠳᠤᠯᠠᠭᠠᠨ ᠤ ᠬᠡᠮᠵᠢᠶ᠎ᠡ᠂ ᠤᠰᠤ᠂ ᠬᠤᠷᠣᠬᠠᠢ ᠶᠢᠨ ᠬᠥᠨᠥᠭᠡᠯ ᠤᠨ ᠨᠢᠭᠲᠠᠴᠠ ᠶᠢ ᠪᠠᠶᠢᠴᠠᠭᠠᠨ ᠰᠢᠯᠭᠠᠬᠤ ᠨᠥᠬᠦᠴᠡᠯ ᠢ ᠪᠦᠷᠢᠳᠦᠭᠦᠯᠦᠭᠰᠡᠨ ᠪᠠᠶᠢᠬᠤ᠃ ᠲᠤᠰᠬᠠᠢ ᠮᠡᠷᠭᠡᠵᠢᠯ ᠤᠨ ᠪᠣᠯᠪᠠᠰᠤᠷᠠᠯ ᠭᠥᠷᠳᠡᠭᠰᠡᠨ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠯᠭᠤᠭᠰᠠᠨ ᠬᠢᠷᠢ ᠬᠡᠮ ᠤᠨ ᠦᠨᠡᠮᠯᠡᠯ ᠢ ᠣᠯᠣᠭᠰᠠᠨ ᠠᠮᠤ ᠪᠤᠳᠠᠭ᠎ᠠ ᠶᠢ ᠬᠠᠳᠠᠭᠠᠯᠠᠨ ᠬᠠᠮᠢᠶᠠᠷᠬᠤ᠂ ᠰᠢᠯᠭᠠᠨ ᠪᠠᠶᠢᠴᠠᠭᠠᠬᠤ᠂ ᠰᠡᠷᠭᠡᠶᠢᠯᠡᠨ ᠵᠠᠰᠠᠬᠤ ᠵᠡᠷᠭᠡ ᠬᠠᠮᠢᠶᠠᠷᠤᠯᠲᠠ ᠶᠢᠨ ᠮᠡᠷᠭᠡᠵᠢᠯ ᠤᠨ ᠠᠵᠢᠯᠲᠠᠨ ᠲᠠᠢ ᠪᠠᠶᠢᠬᠤ᠃ ᠡᠵᠡᠩᠨᠡᠯᠲᠡ ᠬᠠᠮᠢᠶᠠᠷᠤᠯᠲᠠ ᠪᠠ ᠢᠲᠡᠭᠡᠯ ᠬᠦᠨᠳᠦ ᠪᠠᠷ ᠰᠠᠶᠢᠨ᠂ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠵᠢᠭᠡᠯᠡᠯᠭᠡ ᠶᠢᠨ ᠬᠢᠷᠢ ᠬᠡᠮ ᠢ ᠪᠦᠷᠢᠳᠦᠭᠦᠯᠵᠦ᠂ ᠲᠣᠭᠲᠠᠭᠠᠭᠰᠠᠨ ᠢᠲᠡᠭᠡᠮᠵᠢ ᠶᠢᠨ ᠵᠡᠷᠭᠡ ᠳᠡᠰ ᠤᠨ ᠪᠠᠷᠢᠮᠵᠢᠶ᠎ᠠ ᠳᠤ ᠬᠦᠷᠦᠭᠰᠡᠨ᠃ ᠣᠶᠢᠷ᠎ᠠ ᠶᠢᠨ ᠵᠢᠯ ᠳᠤ ᠬᠠᠤᠯᠢ ᠶᠢ ᠬᠦᠨᠳᠦ ᠨᠣᠴᠢᠲᠠᠢ ᠵᠥᠷᠢᠴᠡᠨ ᠡᠵᠡᠩᠨᠡᠭᠰᠡᠨ ᠪᠠ ᠠᠮᠤ ᠪᠤᠳᠠᠭᠠᠨ ᠤ ᠲᠠᠯ᠎ᠠ ᠪᠠᠷ ᠬᠢ ᠬᠦᠨᠳᠦ ᠨᠣᠴᠢᠲᠠᠢ ᠠᠳᠡᠯ ᠬᠡᠷᠡᠭ ᠤᠨ ᠲᠡᠮᠳᠡᠭᠯᠡᠯ ᠪᠠᠶᠢᠬᠤ ᠦᠭᠡᠢ᠃      ᠳᠥᠷᠪᠡᠳᠦᠭᠡᠷ ᠪᠦᠯᠦᠭ     ᠵᠠᠷᠤᠳᠠᠯ᠂ 15 ︱ 17 ᠳ᠋ᠤᠭᠠᠷ ᠵᠤᠷᠪᠤᠰ᠃ ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ ᠶᠢ ᠰᠢᠢᠳᠪᠦᠷᠢᠯᠡᠬᠦ ᠵᠠᠷᠤᠳᠠᠯ ᠢ ᠡᠭᠦᠷᠭᠡᠯᠡᠬᠦ ᠳᠡᠭᠡᠨ ᠠᠮᠤ ᠪᠤᠳᠠᠭᠠᠨ ᠤ ᠡᠷᠬᠡ ᠶᠢᠨ ᠰᠢᠨᠵᠢ ᠴᠢᠨᠠᠷ ᠪᠠ ᠡ᠊ᠨᠳᠡᠯ ᠤᠨ ᠬᠠᠷᠢᠭᠤᠴᠠᠯᠭ᠎ᠠ ᠶᠢᠨ ᠶᠣᠰᠣᠭᠠᠷ ᠢᠯᠭᠠᠭ᠎ᠠ ᠲᠠᠢ ᠪᠠᠷ ᠬᠠᠨᠳᠤᠬᠤ ᠬᠡᠷᠡᠭᠲᠡᠢ᠃ ᠲᠤᠬᠠᠢ ᠶᠢᠨ ᠭᠠᠵᠠᠷ ᠤᠨ ᠠᠮᠤ ᠪᠤᠳᠠᠭ᠎ᠠ ᠦᠢᠯᠡᠳᠪᠦᠷᠢᠯᠡᠬᠦ᠂ ᠠᠮᠤ ᠪᠤᠳᠠᠭ᠎ᠠ ᠶᠢᠨ ᠥᠰᠦᠯᠲᠡ ᠬᠤᠷᠢᠶᠠᠯᠲᠠ ᠶᠢᠨ ᠶᠠᠪᠤᠴᠠ ᠳᠤ᠂ ᠬᠥᠷᠥᠰᠥ ᠰᠢᠷᠣᠢ᠂ ᠠᠭᠤᠷ ᠠᠮᠢᠰᠬᠤᠯ᠂ ᠡᠪᠡᠳᠴᠢᠨ ᠬᠤᠷᠣᠬᠠᠢ ᠶᠢᠨ ᠬᠥᠨᠥᠭᠡᠯ ᠵᠡᠷᠭᠡ ᠪᠤᠰᠤᠳᠴᠢ ᠬᠦᠴᠦᠨ ᠵᠦᠢᠯ ᠠᠴᠠ ᠪᠣᠯᠵᠤ ᠠᠮᠤ ᠪᠤᠳᠠᠭᠠᠨ ᠤ ᠡᠷᠡᠭᠦᠯ ᠬᠠᠮᠠᠭᠠᠯᠠᠯ ᠤᠨ ᠭᠦᠢᠴᠡᠳᠬᠡᠬᠦ ᠲᠤᠭ᠎ᠠ ᠪᠠᠷᠢᠮᠵᠢᠶ᠎ᠠ ᠠᠴᠠ ᠬᠡᠲᠦᠷᠡᠭᠰᠡᠨ ᠪᠠᠶᠢᠪᠠᠯ᠂ ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ ᠶᠢ ᠰᠢᠢᠳᠪᠦᠷᠢᠯᠡᠬᠦ ᠠᠴᠠ ᠪᠣᠯᠤᠭᠰᠠᠨ ᠵᠠᠷᠤᠳᠠᠯ ᠢ  ᠠᠮᠤ ᠪᠤᠳᠠᠭ᠎ᠠ ᠶᠢᠨ ᠦᠢᠯᠡᠳᠪᠦᠷᠢᠯᠡᠯ ᠤᠨ ᠬᠠᠷᠢᠶ᠎ᠠ ᠭᠠᠵᠠᠷ ᠤᠨ ᠡᠳ᠋ ᠤᠨ ᠵᠠᠰᠠᠭ ᠠᠴᠠ ᠰᠢᠢᠳᠪᠦᠷᠢᠯᠡᠨ᠎ᠡ᠃ ᠬᠡᠷᠪᠡ ᠠᠮᠤ ᠪᠤᠳᠠᠭ᠎ᠠ ᠡᠵᠡᠩᠨᠡᠭᠴᠢ ᠤᠯᠤᠰ ᠤᠨ ᠲᠣᠭᠲᠠᠭᠠᠭᠰᠠᠨ ᠶᠠᠰᠤ ᠴᠢᠨᠠᠷ ᠤᠨ ᠪᠠᠷᠢᠮᠵᠢᠶ᠎ᠠ ᠶᠢ ᠵᠥᠷᠢᠴᠡᠨ ᠬᠤᠳᠠᠯᠳᠤᠨ ᠠᠪᠤᠭᠰᠠᠨ᠂ ᠰᠠᠶᠢᠲᠤᠷ ᠬᠠᠳᠠᠭᠠᠯᠠᠭᠰᠠᠨ ᠦᠭᠡᠢ ᠵᠡᠷᠭᠡ ᠵᠣᠷᠢᠭᠤᠳᠠ ᠰᠢᠯᠲᠠᠭᠠᠨ ᠠᠴᠠ ᠪᠣᠯᠵᠤ ᠠᠮᠤ ᠪᠤᠳᠠᠭᠠᠨ ᠤ ᠶᠠᠰᠤ ᠴᠢᠨᠠᠷ ᠨᠢ ᠪᠠᠷᠢᠮᠵᠢᠶ᠎ᠠ ᠠᠴᠠ ᠬᠡᠲᠦᠷᠡᠭᠰᠡᠨ ᠪᠠᠶᠢᠪᠠᠯ᠂ ᠡᠭᠦᠨ ᠠᠴᠠ ᠪᠣᠯᠤᠭᠰᠠᠨ ᠵᠠᠷᠤᠳᠠᠯ ᠪᠠ ᠦᠨ᠎ᠡ ᠶᠢᠨ ᠵᠥᠷᠢᠶ᠎ᠡ ᠶᠢᠨ ᠬᠤᠬᠢᠷᠠᠯ ᠢ ᠪᠦᠬᠦᠨ ᠢ ᠡᠵᠡᠩᠨᠡᠭᠴᠢ ᠡᠭᠦᠷᠭᠡᠯᠡᠨ᠎ᠡ᠃      ᠲᠠᠪᠤᠳᠤᠭᠠᠷ ᠪᠦᠯᠦᠭ    ᠬᠢᠨᠠᠨ ᠬᠠᠮᠢᠶᠠᠷᠬᠤ᠂ 18 ︱ 20 ᠳ᠋ᠤᠭᠠᠷ ᠵᠤᠷᠪᠤᠰ᠃ ᠠᠮᠤ ᠪᠤᠳᠠᠭᠠᠨ ᠤ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠮᠤ ᠪᠤᠳᠠᠭᠠᠨ ᠤ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ ᠶᠢ ᠬᠤᠳᠠᠯᠳᠤᠨ ᠠᠪᠬᠤ᠂ ᠬᠠᠳᠠᠭᠠᠯᠠᠬᠤ ᠪᠠ ᠪᠣᠷᠣᠯᠠᠭᠤᠯᠬᠤ ᠶᠢ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠵᠤ᠂ ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ ᠶᠢ ᠴᠡᠭ ᠲᠣᠭᠲᠠᠭᠠᠨ ᠬᠤᠳᠠᠯᠳᠤᠨ ᠠᠪᠬᠤ᠂ ᠲᠦᠷᠦᠯ ᠬᠤᠪᠢᠶᠠᠨ ᠬᠠᠳᠠᠭᠠᠯᠠᠬᠤ᠂ ᠬᠠᠨᠳᠤᠯᠭ᠎ᠠ ᠲᠠᠢ ᠪᠠᠷ ᠪᠣᠷᠣᠯᠠᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠢᠳᠡᠭᠡᠨ ᠤ ᠵᠦᠢᠯ ᠦᠢᠯᠡᠳᠪᠦᠷᠢᠯᠡᠨ ᠡᠵᠡᠩᠨᠡᠭᠴᠢ ᠶᠢ ᠰᠢᠪᠠᠳᠠᠵᠤ ᠪᠠᠶᠢᠭᠠᠳ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ ᠶᠢ ᠰᠢᠢᠳᠪᠦᠷᠢᠯᠡᠬᠦ ᠵᠠᠷᠤᠳᠠᠯ ᠢ ᠪᠠᠲᠤᠯᠠᠬᠤ ᠠᠵᠢᠯ ᠢ ᠬᠠᠷᠢᠭᠤᠴᠠᠨ᠎ᠠ᠃ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠬᠠᠮᠠᠭᠠᠯᠠᠯᠲᠠ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠬᠠᠮᠢᠶ᠎ᠠ ᠪᠦᠬᠦᠢ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠢ᠃ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠠᠮᠵᠢᠯᠴᠠᠭ᠎ᠠ ᠪᠠᠨ ᠴᠢᠩᠭᠠᠳᠬᠠᠨ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠪᠠ ᠬᠥᠮᠥᠷᠭᠡ ᠳᠤ ᠬᠠᠳᠠᠭᠠᠯᠠᠵᠤ ᠪᠠᠶᠢᠭ᠎ᠠ ᠶᠠᠰᠤ ᠴᠢᠨᠠᠷ ᠤᠨ ᠠᠮᠤᠷ ᠲᠦᠪᠰᠢᠨ ᠢ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠳᠠᠮᠵᠢᠭᠤᠯᠬᠤ ᠪᠠ ᠮᠡᠳᠡᠭᠡ ᠵᠠᠩᠭᠢ ᠨᠡᠶᠢᠲᠡᠯᠡᠬᠦ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃       ᠵᠢᠷᠭᠤᠳᠤᠭᠠᠷ ᠪᠦᠯᠦᠭ    ᠬᠠᠤᠯᠢ ᠶᠢᠨ ᠬᠠᠷᠢᠭᠤᠴᠠᠯᠭ᠎ᠠ᠂ 21 ︱  22 ᠳ᠋ᠤᠭᠠᠷ ᠵᠤᠷᠪᠤᠰ᠃ ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ ᠶᠢ ᠬᠤᠳᠠᠯᠳᠤᠨ ᠠᠪᠴᠤ ᠬᠠᠳᠠᠭᠠᠯᠠᠬᠤ᠂ ᠪᠣᠷᠣᠯᠠᠭᠤᠯᠬᠤ ᠬᠤᠪᠢᠷᠠᠭᠤᠯᠤᠯᠲᠠ ᠶᠢᠨ ᠶᠠᠪᠤᠴᠠ ᠳᠤ᠂ ᠲᠣᠰ ᠠᠷᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠳᠬᠡᠨ ᠲᠣᠷᠭᠠᠨ᠎ᠠ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃  ᠡᠯ᠎ᠡ ᠰᠠᠯᠠᠭ᠎ᠠ ᠮᠥᠴᠢᠷ ᠤᠳ ᠲᠣᠰ ᠠᠷᠭ᠎ᠠ ᠶᠢᠨ ᠲᠣᠭᠲᠠᠭᠠᠯ ᠶᠣᠰᠣᠭᠠᠷ ᠬᠢᠨᠠᠯᠲᠠ ᠬᠠᠮᠢᠶᠠᠷᠤᠯᠲᠠ ᠪᠠᠨ ᠬᠡᠷᠡᠭᠵᠢᠭᠦᠯᠵᠦ᠂ ᠲᠣᠰ ᠠᠷᠭ᠎ᠠ ᠶᠢᠨ ᠲᠣᠭᠲᠠᠭᠠᠯ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠠᠴᠠ ᠪᠣᠯᠵᠤ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠬᠤ ᠠᠵᠢᠯᠲᠠᠨ ᠪᠠ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ  ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠳᠣᠯᠣᠳᠤᠭᠠᠷ ᠪᠦᠯᠦᠭ     ᠳᠠᠭᠠᠯᠳᠤᠭᠤᠯᠤᠭᠰᠠᠨ ᠳᠦᠷᠢᠮ᠂ 23 ᠳ᠋ᠤᠭᠠᠷ ᠵᠤᠷᠪᠤᠰ ᠵᠦᠢᠯ᠃ ᠳᠠᠭᠠᠯᠳᠤᠭᠤᠯᠤᠭᠰᠠᠨ ᠳᠦᠷᠢᠮ ᠤᠨ ᠲᠣᠭᠲᠠᠭᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠤᠤᠯ ᠤᠨ ︽ᠠᠷᠭ᠎ᠠ︾ ᠶᠢ ᠬᠦᠴᠦᠨ ᠦᠭᠡᠢ ᠪᠣᠯᠭᠠᠨ᠎ᠠ᠃      ᠳᠥᠷᠪᠡ᠂ ᠵᠠᠩᠭᠢᠯᠠᠭ᠎ᠠ ᠶᠢᠨ ᠦᠭᠡ ᠶᠢᠨ ᠲᠠᠶᠢᠯᠪᠤᠷᠢ      ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ᠄ ᠬᠦᠨᠳᠦ ᠲᠡᠮᠦᠷᠯᠢᠭ᠂ ᠵᠢᠩᠬᠢᠨᠢ ᠮᠦᠬᠦ ᠶᠢᠨ ᠬᠤᠣᠷᠲᠤ ᠡᠳ᠋᠂ ᠲᠠᠷᠢᠶᠠᠨ ᠡᠮ ᠤᠨ ᠦᠯᠡᠳᠡᠭᠳᠡᠯ ᠵᠡᠷᠭᠡ ᠬᠤᠣᠷ ᠬᠥᠨᠥᠭᠡᠯ ᠲᠠᠢ ᠪᠣᠳᠠᠰ ᠤᠨ ᠠᠭᠤᠯᠤᠭᠳᠠᠴᠠ ᠨᠢ ᠤᠯᠤᠰ ᠤᠨ ᠢᠳᠡᠭᠡᠨ ᠤ ᠠᠶᠤᠯᠭᠦᠢ ᠶᠢᠨ ᠪᠠᠷᠢᠮᠵᠢᠶ᠎ᠠ ᠶᠢᠨ ᠬᠢᠵᠠᠭᠠᠷ ᠬᠡᠮᠵᠢᠶ᠎ᠡ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠡᠷᠳᠡᠨᠢ ᠰᠢᠰᠢ᠂ ᠲᠤᠲᠤᠷᠭ᠎ᠠ᠂ ᠪᠤᠭᠤᠳᠠᠢ ᠵᠡᠷᠭᠡ ᠲᠦᠭᠦᠬᠡᠢ ᠠᠮᠤ ᠶᠢ ᠵᠢᠭᠠᠵᠤ ᠪᠠᠶᠢᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号