11 ᠳ᠋ᠦ᠋ᠭᠡᠷ ᠰᠠᠷ᠎ᠠ ᠶᠢᠨ 28 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ | ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢ | ᠪᠠᠶᠢᠭᠤᠯᠬᠤ ᠪᠠ ᠲᠠᠩᠭᠠᠷᠢᠭᠯᠠᠬᠤ ᠶᠡᠭᠡ ᠬᠤᠷᠠᠯ ᠢ ᠬᠥᠯᠥᠨ ᠪᠤᠶᠢᠷ ᠬᠤᠲᠠᠨ᠎ᠠ ᠬᠤᠷᠠᠯᠳᠤᠭᠤᠯᠪᠠ᠃ ᠥᠪᠡᠷᠲᠡᠭᠡᠨ | ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠤ ᠶᠦᠩ ᠪᠥᠸᠧ ᠬᠤᠷᠠᠯ ᠳᠤ ᠣᠷᠣᠯᠴᠠᠵᠠᠢ᠃ | ᠶᠡᠭᠡ ᠬᠤᠷᠠᠯ ᠳᠡᠭᠡᠷ᠎ᠡ ︽ᠠᠷᠪᠠᠨ ᠳᠥᠷᠪᠡᠳᠦᠭᠡᠷ ᠡᠪᠦᠯ︾ ᠤᠨ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠳᠤ ᠲᠤᠭ ᠣᠯᠭᠤᠬᠤ ᠶᠣᠰᠣᠯᠠᠯ ᠶᠠᠪᠤᠭᠳᠠᠭᠤᠯᠵᠠᠢ᠃ ᠶᠡᠭᠡ ᠬᠤᠷᠠᠯ ᠳᠤ | ᠤᠷᠤᠯᠳᠤᠭᠠᠨ ᠳᠤ ᠣᠷᠣᠯᠴᠠᠬᠤ ᠪᠦᠬᠦ ᠲᠠᠮᠢᠷᠴᠢᠳ᠂ ᠳᠠᠰᠬᠠᠯᠵᠢᠭᠤᠯᠤᠭᠴᠢ ᠨᠠᠷ ᠪᠠ ᠬᠤᠯᠪᠣᠭᠳᠠᠯ ᠪᠦᠬᠦᠢ | ᠨᠢᠭᠡᠴᠢ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠥᠨᠳᠥᠷᠰᠡᠭᠡᠵᠦ᠂ ︽ᠠᠷᠪᠠᠨ ᠳᠥᠷᠪᠡᠳᠦᠭᠡᠷ ᠡᠪᠦᠯ︾ ᠤᠨ | ᠤᠷᠤᠯᠳᠤᠭᠠᠨ ᠳᠤ ᠪᠡᠯᠡᠳᠬᠡᠬᠦ ᠶᠢᠨ ᠴᠢᠬᠤᠯᠠ ᠴᠢᠨᠠᠷ ᠬᠢᠭᠡᠳ ᠲᠤᠯᠭᠠᠮ ᠴᠢᠨᠠᠷ ᠢ ᠭᠦᠢᠴᠡᠳ ᠲᠠᠨᠢᠨ᠂ ᠵᠣᠷᠢᠭᠲᠠᠢ ᠪᠠᠷ | ᠬᠠᠷᠢᠭᠤᠴᠠᠨ ᠠᠵᠢᠯᠯᠠᠵᠤ᠂ ᠤᠷᠤᠯᠳᠤᠭᠠᠨ ᠤ ᠡᠯ᠎ᠡ ᠠᠵᠢᠯ ᠤᠳ ᠢ ᠪᠣᠳᠠᠲᠠᠢ ᠪᠥᠭᠡᠳ ᠨᠠᠷᠢᠯᠢᠭ ᠬᠢᠵᠦ᠂ | ᠤᠷᠤᠯᠳᠤᠭᠠᠨ ᠤ ᠰᠤᠷᠲᠠᠯ ᠰᠠᠬᠢᠯᠭ᠎ᠠ ᠶᠢ ᠴᠢᠩᠳᠠᠯᠠᠵᠤ᠂ ᠰᠠᠶᠢᠨ ᠰᠠᠶᠢᠬᠠᠨ ᠰᠤᠷᠲᠠᠯ ᠢᠶᠠᠷ ᠥᠪᠥᠷ ᠮᠣᠩᠭᠤᠯ ᠤᠨ | ᠵᠥᠪ ᠲᠠᠯ᠎ᠠ ᠶᠢᠨ ᠳᠦᠷᠢ ᠲᠥᠷᠬᠦ ᠶᠢ ᠬᠠᠷᠠᠭᠤᠯᠤᠨ᠂ ᠪᠣᠯᠪᠠᠰᠤᠷᠠᠯ ᠤᠨ ᠲᠠᠯᠠᠪᠠᠢ ᠳᠠᠬᠢ ᠰᠢᠷᠭᠠᠭᠤ ᠴᠢᠷᠮᠠᠶᠢᠯᠭ᠎ᠠ ᠪᠠ | ᠤᠷᠤᠯᠳᠤᠭᠠᠨ ᠤ ᠲᠠᠯᠠᠪᠠᠢ ᠳᠠᠬᠢ ᠰᠢᠯᠢᠳᠡᠭ ᠬᠢᠷᠢ ᠪᠦᠲᠦᠮᠵᠢ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠣᠯᠣᠨ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ | ᠬᠠᠨᠤᠮᠵᠢᠲᠠᠢ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠱᠠᠭᠠᠷᠳᠠᠪᠠ᠃ |