ᠣᠶᠢᠷ᠎ᠠ ᠶᠢᠨ ᠡᠳᠦᠷ ᠤᠳ ᠲᠤ᠂ ᠬᠥᠯᠥᠨ ᠪᠤᠶᠢᠷ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠠᠭᠠᠷ ᠮᠠᠨᠳᠠᠯ ᠤᠨ ᠣᠷᠴᠢᠨ | ᠲᠣᠭᠤᠷᠢᠨ ᠤ ᠶᠠᠰᠤ ᠴᠢᠨᠠᠷ ᠢ ᠪᠠᠲᠤᠯᠠᠬᠤ ᠪᠠᠷ ᠭᠤᠣᠯᠳᠠᠯᠭ᠎ᠠ ᠪᠣᠯᠭᠠᠨ᠂ ᠬᠠᠤᠯᠢ ᠬᠡᠷᠡᠭᠵᠢᠭᠦᠯᠦᠯᠲᠡ | ᠪᠠᠶᠢᠴᠠᠭᠠᠯᠲᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠠᠭᠠᠷ ᠮᠠᠨᠳᠠᠯ ᠤᠨ ᠣᠷᠴᠢᠨ | ᠲᠣᠭᠤᠷᠢᠨ ᠤ ᠰᠢᠯᠢᠳᠡᠭ ᠶᠠᠰᠤ ᠴᠢᠨᠠᠷ ᠢᠶᠠᠷ ︽ᠠᠷᠪᠠᠨ ᠳᠥᠷᠪᠡᠳᠦᠭᠡᠷ ᠡᠪᠦᠯ︾ ᠢ ᠠᠮᠵᠢᠯᠲᠠ ᠲᠠᠢ ᠡᠷᠭᠢᠯᠡᠬᠦ ᠳᠤ | ᠬᠦᠴᠦ ᠨᠡᠮᠡᠷᠢᠯᠡᠵᠦ ᠪᠠᠶᠢᠨ᠎ᠠ᠃ | ᠣᠶᠢᠯᠠᠭᠠᠭᠰᠠᠨ ᠢᠶᠠᠷ᠂ ᠬᠥᠯᠥᠨ ᠪᠤᠶᠢᠷ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ ᠲᠥᠪ ᠬᠤᠲᠠ ᠶᠢᠨ ᠲᠣᠭᠤᠷᠢᠭ ᠤᠨ PM2. | 5 ᠶᠢᠨ ᠹᠠᠺᠲ᠋ᠣᠷ ᠲᠣᠭᠤᠰᠤ ᠶᠢ ᠨᠥᠯᠥᠭᠡᠯᠡᠳᠡᠭ 77 ᠴᠡᠭ ᠲᠤ ᠴᠢᠭᠯᠡᠭᠦᠯᠦᠨ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠠᠵᠢᠯ ᠥᠷᠨᠢᠭᠦᠯᠪᠡ᠃ ᠵᠢᠭᠰᠠᠭᠠᠨ ᠪᠠᠶᠢᠴᠠᠭᠠᠬᠤ ᠶᠠᠪᠤᠴᠠ ᠳᠤ᠂ ᠬᠡᠰᠡᠭ ᠠᠵᠤ ᠠᠬᠤᠶᠢᠯᠠᠯ ᠠᠮᠢᠳᠤ | ᠪᠣᠳᠠᠰ ᠤᠨ ᠮᠠᠰᠳᠤ ᠲᠣᠭᠤᠭᠠᠲᠤ ᠳᠤ ᠲᠦᠭᠦᠬᠡᠢ ᠨᠡᠭᠦᠷᠡᠰᠦᠨ ᠪᠣᠬᠢᠷᠲᠤᠯ ᠶᠡᠬᠡᠲᠡᠢ ᠲᠦᠯᠡᠰᠢ ᠶᠢ ᠰᠢᠲᠠᠭᠠᠵᠤ ᠪᠠᠶᠢᠬᠤ | ᠂ ᠣᠨᠴᠠ ᠵᠠᠷᠢᠮ ᠬᠥᠮᠥᠷᠭᠡ ᠳᠤ 10 ᠲᠣᠨ ᠠᠴᠠ ᠳᠣᠷᠣᠭᠰᠢᠬᠢ ᠠᠭᠤᠷᠰᠢᠯᠲᠠ ᠲᠣᠭᠤᠭᠠᠲᠤ ᠶᠢ ᠰᠢᠭᠰᠢᠨ ᠬᠠᠶᠠᠭ᠎ᠠ | ᠦᠭᠡᠢ᠂ ᠲᠦᠭᠦᠬᠡᠢ ᠨᠡᠭᠦᠷᠡᠰᠦ ᠣᠪᠣᠭᠠᠯᠠᠬᠤ ᠲᠠᠯᠠᠪᠠᠶ ᠵᠢᠴᠢ ᠠᠷᠠᠯᠵᠢᠶᠠᠨ ᠤ ᠪᠧᠲ᠋ᠤᠨ ᠦᠷᠲᠡᠭᠡᠨ ᠳᠤ | ᠪᠢᠲᠡᠭᠦᠮᠵᠢᠯᠡᠭᠰᠡᠨ ᠲᠦᠯᠡᠰᠢ ︵ᠨᠡᠭᠦᠷᠡᠰᠦ︶ ᠶᠢᠨ ᠬᠥᠮᠥᠷᠭᠡ ᠪᠠᠶᠢᠭᠤᠯᠤᠭᠰᠠᠨ ᠦᠭᠡᠢ ᠵᠡᠷᠭᠡ ᠬᠤᠭ ᠲᠣᠭᠤᠰᠤᠨ ᠤ | ᠬᠡᠮ ᠠᠰᠠᠭᠤᠳᠠᠯ ᠨᠡᠶᠢᠲᠡ 17 ᠪᠠᠶᠢᠬᠤ ᠶᠢ ᠢᠯᠡᠷᠡᠭᠦᠯᠵᠦ᠂ ᠣᠲᠣ ᠪᠣᠯᠲᠠᠯ᠎ᠠ ᠨᠢᠭᠡᠨᠲᠡ ᠴᠡᠭᠴᠡᠯᠡᠨ ᠵᠠᠰᠠᠵᠤ | ᠳᠠᠭᠤᠰᠬᠠᠪᠠ᠃ ᠡᠭᠦᠨ ᠤ ᠬᠠᠮᠲᠤ᠂ ᠤᠷᠤᠯᠳᠤᠭᠠᠨ ᠠᠴᠠ ᠡᠮᠦᠨ᠎ᠡ ᠦᠷᠭᠦᠯᠵᠢᠯᠡᠨ ᠪᠣᠭᠤᠮᠲᠠ ᠰᠢᠪᠲᠤᠯᠵᠤ᠂ ᠠᠵᠤ | ᠦᠢᠯᠡᠳᠪᠦᠷᠢ ᠠᠵᠤ ᠠᠬᠤᠶᠢᠯᠠᠯ ᠤᠨ ᠪᠠᠷᠢᠮᠵᠢᠶᠠᠨ ᠠᠴᠠ ᠬᠡᠲᠦᠷᠡᠲᠡᠯ᠎ᠡ ᠭᠠᠳᠠᠭᠰᠢᠯᠠᠭᠤᠯᠬᠤ᠂ ᠬᠤᠯᠠᠭᠠᠢ ᠪᠠᠷ | ᠭᠠᠳᠠᠭᠰᠢᠯᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠶᠢ ᠬᠡᠪ ᠤᠨ ᠪᠤᠰᠤ ᠪᠠᠷ ᠠᠵᠢᠯᠯᠠᠭᠤᠯᠬᠤ ᠪᠠ | ᠰᠦᠯᠵᠢᠶᠡᠨ ᠳᠡᠭᠡᠷᠡᠬᠢ ᠬᠢᠨᠠᠨ ᠰᠢᠨᠵᠢᠯᠲᠡ ᠶᠢᠨ ᠳ᠋ᠠᠶᠢᠲ᠋ᠠ ᠶᠢ ᠬᠠᠭᠤᠷᠮᠠᠭᠯᠠᠨ ᠵᠣᠬᠢᠶᠠᠬᠤ ᠵᠡᠷᠭᠡ ᠣᠷᠴᠢᠨ | ᠲᠣᠭᠤᠷᠢᠨ ᠤ ᠬᠠᠤᠯᠢ ᠠᠴᠠ ᠵᠥᠷᠢᠴᠡᠭᠰᠡᠨ ᠨᠡᠶᠢᠲᠡᠯᠢᠭ ᠠᠵᠢᠯᠯᠠᠭ᠎ᠠ ᠤᠳ ᠲᠤ ᠴᠢᠩᠭ᠎ᠠ ᠴᠣᠬᠢᠯᠲᠠ ᠥᠭᠴᠦ᠂ | ᠬᠠᠮᠢᠶᠠᠷᠤᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠬᠦᠴᠦᠲᠡᠢ ᠪᠥᠭᠡᠳ | ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃ |