ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯ ᠦᠢᠯᠡᠰ ᠤᠨ ᠨᠢᠭᠡᠴᠢ ᠶᠢᠨ ᠥᠨᠳᠥᠷ ᠳᠡᠰ ᠳᠠᠪᠬᠤᠷᠭ᠎ᠠ ᠶᠢᠨ ᠪᠣᠯᠤᠨ ᠳᠤᠲᠠᠭᠳᠠᠵᠤ ᠪᠠᠶᠢᠭ᠎ᠠ ᠪᠠᠴᠢᠮ ᠬᠡᠷᠡᠭᠰᠡᠬᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠨᠢᠭᠤᠷᠳᠠᠨ ᠰᠢᠯᠭᠠᠬᠤ  ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/11/30
ᠡᠯ᠎ᠡ ᠰᠢᠯᠭᠠᠭᠤᠯᠤᠭᠴᠢ᠄      ︽ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯ ᠦᠢᠯᠡᠰ ᠤᠨ ᠨᠢᠭᠡᠴᠡ ᠶᠢᠨ ᠳᠡᠭᠡᠳᠦ ᠲᠠᠰ ᠳᠠᠪᠬᠤᠷᠭ᠎ᠠ ᠪᠠ ᠪᠠᠴᠢᠮ ᠬᠡᠷᠡᠭᠰᠡᠬᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠯᠪᠠᠨ ᠵᠠᠷ︾ ᠢ ᠦᠨᠳᠦᠰᠦᠯᠡᠨ᠂ ᠬᠢᠷᠢ ᠬᠡᠮ ᠢ ᠬᠢᠨᠠᠨ ᠪᠠᠶᠢᠴᠠᠭᠠᠵᠤ ᠪᠠᠲᠤᠯᠠᠭᠰᠠᠨ ᠬᠥᠮᠦᠰ ᠤᠨ ᠨᠢᠭᠤᠷᠲᠠᠨ ᠰᠢᠯᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠂ ᠪᠣᠳᠠᠲᠠᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠨᠢᠭᠤᠷᠳᠠᠨ ᠰᠢᠯᠭᠠᠬᠤ ᠴᠠᠭ      2023 ᠤᠨ ᠤ 12 ᠰᠠᠷ᠎ᠠ ᠶᠢᠨ 9 ᠤ ᠡᠳᠤᠷ ︵ᠭᠠᠷᠠᠭ ᠤᠨ ᠵᠢᠷᠭᠤᠭᠠᠨ︶ ᠰᠢᠯᠭᠠᠭᠤᠯᠤᠭᠴᠢ ᠨᠢ ᠡᠷᠬᠡᠪᠰᠢ 7᠄ 30-8᠄ 00 ᠪᠤᠯ ᠲᠠᠯᠠᠪᠠᠢ ᠳᠤ ᠣᠷᠣᠵᠤ ᠰᠢᠪᠠᠭ᠎ᠠ ᠳᠠᠳᠠᠬᠤ ᠬᠡᠷᠡᠭᠲᠡᠢ᠃      ᠬᠤᠶᠠᠷ᠂ ᠨᠢᠭᠤᠷᠳᠠᠨ ᠰᠢᠯᠭᠠᠬᠤ ᠭᠠᠵᠠᠷ      ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠭᠤᠷᠪᠠᠳᠤᠭᠠᠷ ᠳᠤᠮᠳᠠᠳᠤ ᠰᠤᠷᠭᠠᠭᠤᠯᠢ ︵ᠡᠪ ᠬᠠᠮᠲᠤ ᠵᠠᠯᠠᠭᠤᠴᠤᠳ ᠤᠨ ᠳᠤᠮᠳᠠᠳᠤ ᠰᠤᠷᠭᠠᠭᠤᠯᠢ᠂ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠯᠢ ᠰᠢᠶᠠᠨ ᠵᠠᠮ᠂ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠵᠡᠭᠦᠨ ᠡᠭᠦᠳᠡ ᠰᠤᠷᠭᠠᠭᠤᠯᠢ ᠶᠢᠨ ᠬᠦᠷᠢᠶᠡᠨ ᠳᠤ ᠣᠷᠣᠪᠠ︶᠃      ᠭᠤᠷᠪᠠ᠂ ᠨᠢᠭᠤᠷᠳᠠᠨ ᠰᠢᠯᠭᠠᠬᠤ ᠬᠡᠯᠪᠡᠷᠢ      ᠨᠢᠭᠤᠷᠳᠠᠨ ᠰᠢᠯᠭᠠᠬᠤ ᠬᠡᠯᠪᠡᠷᠢ ᠨᠢ ᠪᠦᠲᠦᠴᠡ ᠲᠠᠢ ᠨᠢᠭᠤᠷᠳᠠᠬᠤ ᠰᠢᠯᠭᠠᠯᠲᠠ ᠪᠠᠶᠢᠵᠤ᠂ ᠬᠤᠪᠢ ᠶᠢᠨ ᠬᠡᠮᠵᠢᠭᠳᠡᠯ ᠨᠢ 100 ᠬᠤᠪᠢ᠂ ᠨᠢᠭᠤᠷᠳᠠᠬᠤ ᠰᠢᠯᠭᠠᠯᠲᠠ ᠶᠢᠨ ᠬᠢᠷᠢ ᠪᠦᠲᠦᠮᠵᠢ ᠶᠢ ᠦᠯᠡᠳᠡᠭᠡᠬᠦ ᠠᠷᠪᠠᠲᠤ ᠶᠢᠨ ᠲᠣᠭᠠᠨ ᠤ ᠰᠡᠭᠦᠯ ᠤᠨ ᠬᠤᠶᠠᠷ ᠣᠷᠣᠨᠲᠤ ᠠᠷᠪᠠᠲᠤ ᠶᠢᠨ ᠲᠤᠭ᠎ᠠ ᠪᠣᠯᠤᠨ᠎ᠠ᠃ ᠰᠢᠯᠭᠠᠭᠤᠯᠤᠭᠴᠢ ᠨᠢᠭᠡᠪᠦᠷᠢ ᠰᠡᠳᠬᠢᠵᠦ᠂ ᠠᠰᠠᠭᠤᠯᠲᠠ ᠬᠠᠷᠢᠭᠤᠯᠬᠤ ︵ᠰᠢᠯᠭᠠᠭᠤᠯᠤᠭᠴᠢ ᠶᠢᠨ ᠠᠰᠠᠭᠤᠯᠲᠠ ᠶᠢ ᠪᠠᠭᠲᠠᠭᠠᠨ᠎ᠠ︶ ᠴᠠᠭ ᠢ 8 ᠮᠢᠨᠦ᠋ᠲ ᠤᠨ ᠳᠣᠲᠣᠷ᠎ᠠ ᠬᠢᠵᠠᠭᠠᠷᠯᠠᠨ᠎ᠠ᠃ ᠰᠡᠳᠦᠪ ᠬᠠᠷᠢᠭᠤᠯᠤᠭᠰᠠᠨ ᠤ ᠳᠠᠷᠠᠭ᠎ᠠ ᠲᠤᠬᠠᠢ ᠶᠢᠨ ᠲᠠᠯᠠᠪᠠᠢ ᠳᠤ ᠨᠢᠭᠤᠷᠳᠠᠨ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠪᠡ᠃      ᠳᠥᠷᠪᠡ᠂ ᠨᠢᠭᠤᠷᠲᠠᠨ ᠰᠢᠯᠭᠠᠬᠤ ᠦᠨᠡᠮᠯᠡᠯ      ᠨᠢᠭᠤᠷᠳᠠᠨ ᠰᠢᠯᠭᠠᠬᠤ ᠵᠥᠪᠰᠢᠶᠡᠷᠡᠯ ᠪᠠ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ︵ᠲᠦᠷ ᠴᠠᠭ ᠤᠨ ᠪᠡᠶ᠎ᠡ ᠶᠢᠨ ᠦᠨᠡᠮᠯᠡᠯ᠂ ᠫᠠᠰᠫᠣᠷᠲ ᠵᠢᠴᠢ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠤᠭ ᠮᠠᠲ᠋ᠧᠷᠢᠶᠠᠯ︶᠃ ᠨᠢᠭᠤᠷᠳᠠᠨ ᠰᠢᠯᠭᠠᠬᠤ ᠲᠡᠮᠳᠡᠭ ᠳᠠᠷᠤᠮᠠᠯᠯᠠᠬᠤ ᠠᠷᠭ᠎ᠠ᠄      1. ᠬᠤᠪᠢ ᠬᠥᠮᠦᠨ ᠤ ᠮᠡᠳᠡᠭᠡ ᠵᠠᠩᠭᠢ ᠶᠢ ᠳᠠᠩᠰᠠᠯᠠᠭᠤᠯᠬᠤ᠄ ᠰᠢᠯᠭᠠᠭᠤᠯᠤᠭᠴᠢ ᠡᠷᠬᠡᠪᠰᠢ 2023 ᠣᠨ ᠤ 11 ᠰᠠᠷ᠎ᠠ ᠶᠢᠨ 30 ᠤ ᠡᠳᠦᠷ ᠤᠨ 9᠄ 00 ᠠᠴᠠ 12 ᠰᠠᠷ᠎ᠠ ᠶᠢᠨ 3 ᠤ ᠡᠳᠦᠷ ᠤᠨ 12᠄ 00 ᠪᠣᠯᠲᠠᠯ᠎ᠠ ᠰᠢᠯᠭᠠᠭᠤᠯᠬᠤ ᠶᠢ ᠵᠥᠪᠰᠢᠶᠡᠷᠡᠭᠰᠡᠨ ᠦᠨᠡᠮᠯᠡᠯ ᠳᠠᠷᠤᠮᠠᠯᠯᠠᠬᠤ ᠰᠢᠰᠲ᠋ᠧᠮ ᠳᠤ ᠬᠤᠪᠢ ᠬᠥᠮᠦᠨ ᠤ ᠰᠡᠭᠦᠳᠡᠷ ︵ᠳᠠᠩᠰᠠᠯᠠᠭᠤᠯᠤᠨ︶ ᠳᠠᠮᠵᠢᠭᠤᠯᠬᠤ ᠬᠡᠷᠡᠭᠲᠡᠶ᠃      2. ᠰᠢᠯᠭᠠᠨ ᠠᠪᠬᠤ ᠶᠢ ᠵᠥᠪᠰᠢᠶᠡᠷᠡᠭᠰᠡᠨ ᠦᠨᠡᠮᠯᠡᠯ᠄ 2023 ᠣᠨ ᠤ 12 ᠳ᠋ᠤᠭᠠᠷ ᠰᠠᠷ᠎ᠠ ᠶᠢᠨ 3 ᠤ ᠡᠳᠦᠷ ᠤᠨ 15᠄ 00 ᠠᠴᠠ ᠡᠬᠢᠯᠡᠨ ᠰᠢᠯᠭᠠᠨ ᠠᠪᠬᠤ ᠶᠢ ᠵᠥᠪᠰᠢᠶᠡᠷᠡᠨ᠎ᠡ᠃      ᠬᠤᠪᠢ ᠬᠥᠮᠦᠨ ᠤ ᠮᠡᠳᠡᠭᠡ ᠵᠠᠩᠭᠢ ᠶᠢ ᠳᠠᠩᠰᠠᠯᠠᠬᠤ ᠵᠢᠴᠢ  ᠵᠦᠪᠰᠢᠶᠡᠷᠡᠬᠦ ᠦᠨᠡᠮᠯᠡᠯ ᠢ ᠳᠠᠷᠤᠮᠠᠯᠯᠠᠬᠤ ᠳᠤ  ᠡᠷᠬᠡᠪᠰᠢ ᠳᠣᠣᠷᠠᠬᠢ ᠬᠠᠶ᠋ᠢᠭ ᠲᠤ ᠲᠡᠮᠳᠡᠭᠯᠡᠬᠦ ᠬᠡᠷᠡᠭᠲᠡᠢ᠄      https://www.qgsydw.com/ksbm/authorizationredirect_uri=%2fksbm%2fauthorized%3fredirect_uri%3d%252fksbm%252fmain.html%253fzkxmid%253d3441      ᠲᠠᠪᠤ᠂ ᠨᠢᠭᠤᠷᠳᠠᠨ ᠰᠢᠯᠭᠠᠬᠤ ᠳᠤ ᠠᠩᠬᠠᠷᠬᠤ ᠵᠦᠢᠯ      1. ᠨᠢᠭᠤᠷᠲᠠᠨ ᠰᠢᠯᠭᠠᠬᠤ ᠳᠤ ᠣᠷᠣᠯᠴᠠᠭᠰᠠᠨ ᠬᠥᠮᠦᠰ ᠨᠢᠭᠤᠷᠲᠠᠨ ᠰᠢᠯᠭᠠᠬᠤ ᠴᠠᠭ ᠢ ᠠᠩᠬᠠᠷᠴᠤ᠂ ᠨᠢᠭᠤᠷᠲᠠᠨ ᠰᠢᠯᠭᠠᠬᠤ ᠳᠤ ᠣᠷᠣᠯᠴᠠᠭᠰᠠᠨ ᠬᠥᠮᠦᠰ ᠨᠢᠭᠤᠷᠲᠠᠨ ᠰᠢᠯᠭᠠᠬᠤ ᠴᠡᠭ ᠲᠤ ᠬᠦᠷᠴᠦ᠂ ᠰᠢᠯᠭᠠᠯᠲᠠ ᠬᠦᠯᠢᠶᠡᠬᠦ ᠲᠠᠰᠤᠭ ᠲᠤ ᠭᠠᠷ ᠤᠨ ᠥᠰᠥᠭ ᠵᠢᠷᠤᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠲᠤᠬᠠᠶ ᠶᠢᠨ ᠲᠠᠯᠠᠪᠤᠷ ᠲᠤᠨᠢ ᠨᠢᠭᠤᠷᠲᠠᠨ ᠰᠢᠯᠭᠠᠬᠤ ᠳᠠᠷᠠᠭᠠᠯᠠᠯ ᠤᠨ ᠨᠣᠮᠧᠷ ᠢ ᠰᠣᠩᠭᠤᠨ ᠠᠪᠴᠤ᠂ ᠰᠢᠪᠠᠭ᠎ᠠ ᠰᠤᠭᠤᠯᠬᠤ ᠲᠠᠰ ᠳᠠᠷᠠᠭᠠᠯᠠᠯ ᠤᠨ ᠳ᠋ᠤᠭᠠᠷ ᠢᠶᠠᠷ ᠨᠢᠭᠤᠷᠲᠠᠨ ᠰᠢᠯᠭᠠᠬᠤ ᠳᠤ ᠣᠷᠣᠯᠴᠠᠨ᠎ᠠ᠃      2. ᠨᠢᠭᠤᠷᠲᠠᠨ ᠰᠢᠯᠭᠠᠬᠤ ᠰᠢᠯᠭᠠᠭᠤᠯᠤᠭᠴᠢ ᠰᠢᠯᠭᠠᠭᠤᠯᠬᠤ ᠪᠠᠷ ᠬᠦᠯᠢᠶᠡᠬᠦ ᠶᠠᠪᠤᠴᠠ ᠳᠤ ᠰᠢᠯᠭᠠᠯᠲᠠ ᠶᠢ ᠬᠦᠯᠢᠶᠡᠬᠦ ᠲᠠᠰᠤᠭ ᠢᠶᠠᠷ ᠳᠤᠷ᠎ᠠ ᠪᠠᠷ ᠢᠶᠠᠨ ᠣᠷᠣᠵᠤ ᠭᠠᠷᠴᠤ ᠪᠣᠯᠬᠤ ᠥᠬᠡᠶ᠂ ᠡᠯ᠎ᠡ ᠵᠦᠢᠯ ᠤᠨ ᠴᠢᠮᠡᠭᠡ ᠬᠤᠯᠪᠣᠭᠠᠨ ᠤ ᠪᠠᠭᠠᠵᠢ ︵ᠤᠶᠤᠨᠲᠤ ᠭᠠᠷ ᠴᠠᠭ ᠵᠢᠴᠢ ᠡᠯ᠎ᠡ ᠲᠥᠷᠥᠯ ᠤᠨ ᠴᠢᠮᠡᠭᠡ ᠬᠤᠯᠪᠣᠭᠠᠨ ᠤ ᠴᠢᠳᠠᠮᠵᠢ ᠲᠠᠢ  ᠡᠯᠧᠺᠲᠷᠤᠨ ᠦᠢᠯᠡᠳᠭᠦᠨ ᠢ ᠪᠠᠭᠲᠠᠭᠠᠵᠤ ᠪᠣᠯᠬᠤ ᠥᠬᠡᠶ︶ ᠢ ᠬᠡᠷᠡᠭᠯᠡᠵᠦ ᠪᠣᠯᠬᠤ ᠥᠬᠡᠶ᠂ ᠠᠪᠴᠤ ᠶᠠᠪᠤᠭ᠎ᠠ ᠴᠢᠮᠡᠭᠡ ᠬᠤᠯᠪᠣᠭᠠᠨ ᠤ ᠪᠠᠭᠠᠵᠢ ᠶᠢ ᠡᠷᠬᠡᠪᠰᠢ ᠠᠵᠢᠯᠲᠠᠳ ᠲᠤ ᠲᠤᠰᠢᠶᠠᠨ ᠬᠠᠳᠠᠭᠠᠯᠠᠭᠤᠯᠬᠤ ᠬᠡᠷᠡᠭᠲᠡᠶ᠃ ᠶᠠᠮᠠᠷᠪᠠ ᠠᠷᠭ᠎ᠠ ᠮᠠᠶ᠋ᠢᠭ ᠢᠶᠠᠷ ᠰᠢᠯᠭᠠᠭᠴᠢ ᠪᠤᠶᠤ ᠰᠢᠯᠭᠠᠯᠲᠠ ᠶᠢᠨ ᠲᠠᠯᠠᠪᠤᠷ ᠤᠨ ᠠᠵᠢᠯᠲᠠᠨ ᠳᠤ ᠥᠪᠡᠷ ᠤᠨ ᠣᠪᠣᠭ ᠨᠡᠷ᠎ᠡ᠂ ᠰᠢᠯᠭᠠᠯᠲᠠ ᠶᠢᠨ ᠳ᠋ᠤᠭᠠᠷ ᠵᠡᠷᠭᠡ ᠮᠡᠳᠡᠭᠡ ᠵᠠᠩᠭᠢ ᠪᠠᠨ ᠵᠠᠳᠠᠷᠠᠭᠤᠯᠵᠤ ᠪᠣᠯᠬᠤ ᠦᠭᠡᠢ᠂ ᠵᠥᠷᠢᠴᠡᠭᠰᠡᠳ ᠤᠨ ᠨᠢᠭᠤᠷᠲᠠᠨ ᠰᠢᠯᠭᠠᠭᠰᠠᠨ ᠬᠢᠷᠢ ᠪᠦᠲᠦᠮᠵᠢ ᠶᠢ ᠲᠡᠭ ᠬᠤᠪᠢ ᠪᠠᠷ ᠰᠢᠢᠳᠪᠦᠷᠢᠯᠡᠨ᠎ᠡ᠃ ᠠᠵᠢᠯ ᠤᠨ ᠣᠨᠴᠠᠯᠢᠭ ᠤᠨ ᠬᠤᠪᠴᠠᠰᠤ ᠵᠠᠰᠠᠯ᠂ ᠵᠠᠰᠠᠯ ᠴᠢᠮᠡᠭᠯᠡᠯ ᠢ ᠡᠮᠦᠰᠴᠦ ᠪᠣᠯᠬᠤ ᠦᠭᠡᠶ᠂ ᠵᠥᠷᠢᠴᠡᠭᠰᠡᠳ ᠤᠨ ᠨᠢᠭᠤᠷᠳᠠᠨ ᠰᠢᠯᠭᠠᠭᠰᠠᠨ ᠬᠢᠷᠢ ᠪᠦᠲᠦᠮᠵᠢ ᠶᠢ ᠲᠡᠭ ᠬᠤᠪᠢ ᠪᠠᠷ  ᠰᠢᠢᠳᠪᠦᠷᠢᠯᠡᠨ᠎ᠡ᠃      ᠵᠢᠷᠭᠤᠭ᠎ᠠ᠂ ᠬᠢᠷᠢ ᠪᠦᠳᠦᠮᠵᠢ ᠶᠢ ᠨᠡᠶᠢᠳᠡᠯᠡᠬᠦ      ᠨᠢᠭᠤᠷᠲᠠᠨ ᠰᠢᠯᠭᠠᠭᠰᠠᠨ ᠬᠢᠷᠢ ᠪᠦᠲᠦᠮᠵᠢ᠂ ᠪᠡᠶ᠎ᠡ ᠶᠢᠨ ᠪᠠᠶᠢᠴᠠᠭᠠᠯᠲᠠ᠂ ᠰᠢᠨᠵᠢᠯᠡᠨ ᠪᠠᠶᠢᠴᠠᠭᠠᠬᠤ ᠵᠢᠱᠢᠭᠳᠡᠭᠴᠢ ᠶᠢᠨ ᠨᠡᠷᠡᠰ ᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ  ᠫᠤᠷᠲ᠋ᠧᠯ ᠰᠦᠯᠵᠢᠶ᠎ᠡ ︵http://www.rev.gov.cn︶ ᠳᠤ  ᠨᠡᠶᠢᠲᠡᠯᠡᠨ᠎ᠡ᠃      ᠠᠰᠠᠭᠤᠨ ᠯᠠᠪᠯᠠᠬᠤ ᠤᠲᠠᠰᠤ᠄ 0472 - 5255909᠂ 5255960                             ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯ ᠦᠢᠯᠡᠰ                                  ᠤᠨ ᠨᠢᠭᠡᠴᠢ ᠶᠢᠨ ᠴᠢᠳᠠᠪᠤᠷᠢᠲᠠᠨ ᠣᠷᠣᠭᠤᠯᠤᠨ  ᠠᠪᠴᠢᠷᠠᠬᠤ                                           ᠠᠵᠢᠯ ᠤᠨ ᠤᠳᠤᠷᠢᠳᠬᠤ ᠳᠤᠭᠤᠶᠢᠯᠠᠩ                                      2023 ᠣᠨ ᠤ 11 ᠰᠠᠷ᠎ᠠ ᠶᠢᠨ 30 ᠤ ᠡᠳᠦᠷ
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号