ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ︽ᠪᠥᠬᠦ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ︾ ᠴᠢᠳᠬᠤᠬᠤ ᠠᠵᠤ ᠦᠢᠯᠡᠰ ᠤᠨ ᠦᠨᠳᠦᠷ ᠲᠦᠪᠰᠢᠨ ᠢ ᠴᠣᠭᠴᠠᠯᠠᠵᠣ ᠪᠣᠢ
ᠨᠡᠶᠢᠲᠡᠯᠡᠭᠰᠡᠨ ᠴᠠᠭ᠄
2023/11/8
   ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠲᠦᠷᠭᠡᠨ ᠬᠤᠷᠠᠮᠳᠤᠵᠤ᠂ ᠰᠢᠨ᠎ᠡ ᠶᠢ ᠡᠭᠦᠳᠬᠦ ᠨᠡᠭᠡᠭᠡᠯᠲᠡ ᠦᠷᠭᠦᠯᠵᠢᠯᠡᠨ ᠭᠦᠨᠵᠡᠭᠡᠶᠢᠷᠡᠵᠦ᠂ ︽ᠤᠯᠤᠰ ᠤᠨ ᠲᠠᠰ ᠤᠨ ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ︽ᠤᠯᠤᠰ ᠤᠨ ᠲᠠᠰ ᠤᠨ ᠭᠠᠳᠠᠭᠠᠳᠤ ᠳᠠᠬᠢ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ︾ ︽ᠤᠯᠤᠰ ᠤᠨ ᠲᠠᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠠᠪᠴᠠᠩ︾ ᠵᠡᠷᠭᠡ ᠲᠠᠪᠴᠠᠩ ᠤᠨ ᠳᠠᠪᠠᠭᠤᠯᠢᠭ ᠲᠤ ᠲᠦᠰᠢᠭᠯᠡᠨ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ᠂ ᠳᠠᠪᠠᠯᠲᠠ ᠲᠠᠢ ᠬᠥᠭᠵᠢᠬᠦ ᠶᠢ ᠪᠡᠶᠡᠯᠡᠭᠦᠯᠬᠦ ᠰᠢᠨ᠎ᠡ ᠠᠶᠠᠨ ᠵᠠᠮ ᠢᠶᠠᠷ ᠡᠷᠡᠯᠬᠡᠭᠯᠡᠨ ᠤᠷᠤᠭᠰᠢᠯᠠᠵᠤ ᠪᠠᠶᠢᠨ᠎ᠠ᠃    ᠡᠳᠦᠭᠡ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ︾ ᠨᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠥᠭᠵᠢᠯᠲᠡ ᠶᠢᠨ ᠵᠠᠩᠭᠢᠯᠠᠭ᠎ᠠ ᠶᠢᠨ ᠦᠭᠡ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠳᠤ ᠰᠤᠷᠤᠯᠴᠠᠭᠰᠠᠳ ᠤᠨ ᠦᠢᠯᠡᠰ ᠪᠣᠰᠬᠠᠬᠤ ᠬᠦᠷᠢᠶᠡᠯᠡᠩ᠂ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠦᠢᠯᠡᠴᠢᠯᠡᠭᠡᠨ ᠤ ᠲᠥᠪ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠶᠢᠨ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ ᠬᠤᠪᠣᠷ ᠰᠢᠷᠣᠢ ᠶᠢᠨ ᠲᠤᠰᠬᠠᠢ ᠮᠡᠷᠭᠡᠵᠢᠯ ᠤᠨ ᠨᠡᠪᠴᠢᠭᠦᠯᠦᠭᠦᠷ ᠁ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨ᠎ᠡ ᠶᠢ ᠡᠭᠦᠳᠬᠦ ᠭᠠᠯ ᠪᠠᠳᠠᠷᠠᠩᠭᠤᠢ ᠪᠠᠷ ᠬᠥᠭᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠴᠢᠭᠯᠡᠭᠰᠡᠨ ᠵᠦᠭ ᠲᠤ ᠪᠠᠨ ᠰᠠᠭᠤᠳ ᠦᠭᠡᠢ ᠣᠷᠣᠭᠰᠢᠯᠠᠵᠣ ᠪᠣᠢ᠃     ᠡᠨᠡ ᠵᠢᠯ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠦᠬᠦ ᠣᠷᠣᠨ ᠪᠦᠰᠡ ᠶᠢᠨ ᠰᠢᠨ᠎ᠡ ᠶᠢ ᠡᠭᠦᠳᠬᠦ ᠠᠴᠢᠶᠠᠯᠠᠪᠤᠷᠢ ᠡᠳᠦᠷ ᠢᠷᠡᠬᠦᠶ᠎ᠡ ᠲᠡᠭᠦᠯᠳᠡᠷᠵᠢᠪᠡ᠃ ︽ᠨᠢᠭᠡ ᠣᠷᠣᠨ ᠨᠢᠭᠡ ᠬᠦᠷᠢᠶᠡᠯᠡᠩ᠂ ᠨᠢᠭᠡ ᠰᠠᠭᠤᠷᠢ ᠨᠢᠭᠡ ᠲᠥᠪ︾ ᠤᠨ ᠪᠠᠶᠢᠷᠢᠰᠢᠯ ᠠᠩᠬ᠎ᠠ ᠠᠯᠬᠤᠮ ᠢᠯᠡᠷᠡᠵᠦ᠂ ᠲᠡᠭᠦᠨ ᠤ ᠭᠤᠣᠯᠳᠠᠯᠭ᠎ᠠ ᠳᠤ ᠬᠤᠪᠣᠷ ᠰᠢᠷᠣᠢ ᠶᠢᠨ ᠠᠵᠤ ᠦᠢᠯᠡᠰ ᠢᠶᠠᠷ ᠭᠤᠣᠯ ᠪᠣᠯᠭᠠᠭᠰᠠᠨ ︽ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠬᠡᠷᠡᠭᠯᠡᠭᠡᠨ ᠤ ᠠᠵᠤ ᠦᠢᠯᠡᠰ ᠤᠨ ᠬᠦᠷᠢᠶᠡᠯᠡᠩ ᠣᠷᠣᠨ︾᠂ ᠬᠤᠪᠣᠷ ᠰᠢᠷᠣᠢ ᠶᠢᠨ ᠲᠣᠮᠣ ᠠᠰᠠᠷ ᠤᠨ ᠡᠷᠬᠢᠨ ᠲᠣᠭᠤᠷᠢᠨ ᠤ ᠠᠰᠠᠷ ᠢᠶᠠᠷ ᠭᠤᠣᠯ ᠪᠣᠯᠭᠠᠭᠰᠠᠨ ︽ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ︾᠂ ᠬᠤᠪᠣᠷ ᠰᠢᠷᠣᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠰᠢᠨ᠎ᠡ ᠶᠢ ᠡᠭᠦᠳᠬᠦ ᠪᠠᠷ ᠭᠤᠣᠯ ᠪᠣᠯᠭᠠᠭᠰᠠᠨ ︽ᠤᠯᠤᠰ ᠤᠨ ᠬᠤᠪᠣᠷ ᠰᠢᠷᠣᠢ ᠶᠢᠨ ᠴᠢᠳᠠᠮᠵᠢ ᠶᠢᠨ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ︾᠂ ᠬᠤᠪᠣᠷ ᠰᠢᠷᠣᠢ ᠶᠢᠨ ᠠᠵᠤ ᠦᠢᠯᠡᠰ ᠤᠨ ᠬᠤᠰᠢᠭᠤᠷᠠᠯ ᠮᠡᠷᠭᠡᠵᠢᠯ ᠢ ᠰᠢᠪᠲᠤᠯᠬᠤ ᠪᠠᠷ ᠭᠤᠣᠯ ᠪᠣᠯᠭᠠᠭᠰᠠᠨ ︽ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ︾ ᠪᠠᠭᠲᠠᠨ᠎ᠠ᠃     ᠡᠨᠡ ᠵᠢᠯ ᠤᠨ ᠲᠦᠷᠦᠭᠦᠦ 10 ᠰᠠᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠰᠢᠨ᠎ᠡ ᠶᠢ ᠡᠭᠦᠳᠬᠦ ᠠᠮᠢ ᠠᠬᠤᠢ ᠶᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ︾ ᠠᠵᠠ ᠲᠣᠬᠢᠶᠠᠯ ᠢ ᠡᠵᠡᠮᠳᠡᠨ᠂ ︽ᠠᠳᠠᠯ ᠦᠢᠯᠡᠰ ᠴᠣᠭᠴᠠᠯᠠᠬᠤ ᠵᠤᠯᠵᠠᠭ᠎ᠠ ᠮᠣᠳᠣᠨ ᠤ ᠬᠦᠷᠢᠶᠡᠯᠡᠩ + ᠨᠡᠪᠴᠢᠭᠦᠯᠦᠭᠦᠷ + ᠬᠤᠷᠳᠤᠳᠬᠠᠭᠤᠷ + ᠠᠵᠤ ᠦᠢᠯᠡᠰ ᠤᠨ ᠰᠠᠭᠤᠷᠢᠨ ᠭᠠᠵᠠᠷ︾ ᠤᠨ ᠳᠥᠷᠪᠡ ᠶᠢ ᠨᠢᠭᠡ ᠴᠣᠭᠴᠠᠵᠢᠭᠤᠯᠤᠨ ᠱᠠᠲᠤ ᠬᠤᠪᠢᠶᠠᠭᠰᠠᠨ᠂ ᠬᠦᠷᠢᠶ᠎ᠡ ᠴᠠᠷᠠᠭ᠎ᠠ ᠬᠤᠪᠢᠶᠠᠭᠰᠠᠨ᠂ ᠰᠦᠯᠵᠢᠶᠡᠵᠢᠭᠰᠡᠨ ᠪᠦᠯᠦᠭᠯᠡᠨ ᠬᠥᠭᠵᠢᠬᠦ ᠵᠠᠭᠪᠤᠷ ᠢ ᠪᠣᠶ ᠪᠣᠯᠭᠠᠬᠤ ᠶᠢ ᠠᠬᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠶ ᠬᠥᠭᠵᠢᠭᠡᠨ᠂ ᠡᠵᠡᠩᠨᠡᠯᠲᠡ ᠶᠢᠨ ᠭᠤᠣᠯ ᠴᠣᠭᠴᠠ ᠶᠢ 2541 ᠰᠢᠨ᠎ᠡ ᠪᠠᠷ ᠨᠡᠮᠡᠭᠳᠡᠭᠦᠯᠵᠦ᠂ 23.6% ᠪᠠᠷ ᠨᠡᠮᠡᠭᠳᠡᠭᠦᠯᠪᠠ᠂ ᠡᠭᠦᠨ ᠳᠤ ᠠᠵᠤ ᠠᠬᠤᠶᠢᠯᠠᠯ 1355 ᠪᠠᠶᠢᠵᠤ᠂ ᠠᠵᠤ ᠠᠬᠤᠶᠢᠯᠠᠯ ᠤᠨ ᠶᠡᠷᠦᠩᠬᠡᠢ ᠲᠤᠭ᠎ᠠ ᠶᠢ 1.2 ᠲᠦᠮᠡᠨ ᠡᠷᠦᠬᠡ ᠳᠤ ᠬᠦᠷᠦᠭᠦᠯᠪᠠ᠃     ᠡᠮᠦᠨ᠎ᠡ 10 ᠰᠠᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠦᠢᠯᠡᠰ ᠪᠣᠰᠬᠠᠵᠤ ᠰᠢᠨ᠎ᠡ ᠶᠢ ᠡᠭᠦᠳᠬᠦ ᠶᠢ ᠪᠦᠬᠦ ︽ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠪᠢ ᠬᠤᠷᠠᠮᠳᠤᠭᠤᠯᠬᠤ ᠳᠦᠷᠢᠮ︾ ᠤᠨ ᠲᠠᠪᠴᠠᠩ ᠢ ᠤᠷᠢᠳᠠᠪᠠᠷ ᠬᠡᠷᠡᠭᠯᠡᠵᠦ᠂ ᠰᠤᠳᠤᠯᠤᠨ ᠨᠡᠭᠡᠭᠡᠬᠦ ᠣᠷᠣᠭᠤᠯᠤᠯᠲᠠ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠦᠷ᠎ᠡ ᠶᠢᠨ ᠠᠵᠤ ᠠᠬᠤᠶᠢᠯᠠᠯ ᠢ ᠪᠣᠶᠢᠵᠢᠭᠤᠯᠬᠤ ᠶᠢ ᠴᠢᠩᠭᠠᠳᠬᠠᠪᠠ᠃ ᠣᠳᠣᠬᠠᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠤᠯᠤᠰ ᠤᠨ ᠲᠠᠰ ᠤᠨ ᠲᠤᠰᠬᠠᠢ ᠮᠡᠷᠭᠡᠵᠢᠯ ᠤᠨ ᠣᠨᠴᠠ ᠰᠢᠨ᠎ᠡ ︽ᠵᠢᠵᠢᠭ ᠠᠪᠤᠷᠭᠤ ᠬᠥᠮᠥᠨ︾ ᠤ ᠳᠤᠮᠳᠠ ᠵᠢᠵᠢᠭ ᠠᠵᠤ ᠠᠬᠤᠶᠢᠯᠠᠯ ᠤᠨ ᠵᠥᠪᠰᠢᠶᠡᠷᠡᠯ ᠢ ᠨᠡᠶᠢᠲᠡ 10 ᠣᠯᠵᠤ᠂ ᠪᠤᠭᠤᠲᠤ ᠬᠤᠲᠠ ᠶᠢᠨ 63% ᠶᠢ ᠡᠵᠡᠯᠡᠪᠡ  ᠃ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠢ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ 28 ᠡᠷᠦᠬᠡ ᠪᠠᠶᠢᠵᠤ᠂ ᠪᠤᠭᠤᠲᠤ ᠬᠤᠲᠠ ᠶᠢᠨ 48% ᠶᠢ ᠡᠵᠡᠯᠡᠪᠡ᠃ ᠲᠢᠶᠠᠨ ᠾᠧ ᠰᠣᠷᠢᠨᠵᠢᠨ ᠮᠠᠲ᠋ᠧᠷᠢᠶᠠᠯ᠂ ᠶᠢᠩ ᠰᠧ ᠲᠧ ᠬᠤᠪᠣᠷ ᠰᠣᠷᠢᠨᠵᠢᠨ ᠨᠢᠭᠡᠨᠲᠡ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠤᠨ ᠵᠠᠬ᠎ᠠ ᠳᠡᠯᠭᠡᠭᠦᠷ ᠲᠤ ᠭᠠᠷᠭᠠᠬᠤ ᠬᠢᠨᠠᠨ ᠪᠠᠶᠢᠴᠠᠭᠠᠯᠲᠠ ᠶᠢ ᠥᠩᠭᠡᠷᠡᠭᠡᠭᠡᠳ᠂ ᠤᠳᠤ ᠶᠠᠭ ᠳᠠᠩᠰᠠᠯᠠᠭᠤᠯᠬᠤ ᠠᠵᠢᠯ ᠢ ᠭᠦᠢᠴᠡᠳᠬᠡᠵᠦ ᠪᠠᠶᠢᠨ᠎ᠠ᠃     ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠰ ᠲᠠᠢ ᠭᠠᠷ ᠬᠤᠯᠪᠣᠨ ᠤᠷᠤᠭᠰᠢᠯᠠᠵᠤ᠂ ᠡᠨᠡ ᠵᠢᠯ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠭᠤᠣᠯᠳᠠᠯᠭ᠎ᠠ ᠲᠠᠢ ︽ᠨᠢᠭᠡ ᠣᠷᠣᠨ ᠨᠢᠭᠡ ᠬᠦᠷᠢᠶᠡᠯᠡᠩ ᠳᠤ ᠨᠢᠭᠡ ᠰᠠᠭᠤᠷᠢ ᠨᠢᠭᠡ ᠲᠥᠪ︾ ᠤᠨ ᠲᠣᠭᠤᠷᠢᠨ ᠳᠤ ︽ᠬᠤᠶᠠᠷ ᠬᠤᠪᠣᠷ ᠰᠢᠷᠣᠢ ᠶᠢᠨ ᠰᠠᠭᠤᠷᠢᠨ︾ ᠢ ᠪᠦᠲᠦᠭᠡᠨ ᠪᠠᠶᠢᠭᠤᠯᠬᠤ ᠠᠵᠠ ᠲᠣᠬᠢᠶᠠᠯ ᠢ ᠠᠮᠵᠢᠨ ᠶᠡᠭᠡ ᠳᠡᠭᠡᠳᠦ ᠰᠤᠷᠭᠠᠭᠤᠯᠢ ᠶᠢᠨ ᠪᠠᠶᠢᠩᠭᠤ ᠶᠢᠨ ᠬᠠᠷᠢᠴᠠᠭ᠎ᠠ  ᠶᠢ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠠᠬᠢᠭᠤᠯᠣᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠪᠦᠬᠦ ᠬᠦᠴᠦᠨ ᠢᠶᠠᠷ ᠢᠶᠠᠨ ᠬᠥᠭᠵᠢᠭᠡᠪᠡ᠃ ᠣᠷᠣᠨ ᠤ ᠳᠣᠲᠣᠷᠠᠬᠢ ᠨᠡᠪᠴᠢᠭᠦᠯᠦᠭᠦᠷ᠂ ᠬᠤᠷᠳᠤᠳᠬᠠᠭᠤᠷ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠵᠡᠷᠭᠡ ᠲᠠᠪᠴᠠᠩ ᠤᠨ ᠠᠴᠢᠶᠠᠯᠠᠪᠤᠷᠢ ᠳᠤ ᠲᠦᠰᠢᠭᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ  ᠲᠡᠭᠡᠭᠰᠢᠯᠡᠭᠦᠯᠪᠠ᠃ ᠤᠮᠠᠷᠠᠲᠤ ᠶᠢᠨ ᠬᠤᠪᠣᠷ ᠰᠢᠷᠣᠢ ᠶᠢᠨ ᠪᠦᠬᠦ ᠤᠯᠤᠰ ᠤᠨ ᠠᠩᠬᠠᠳᠠᠭᠴᠢ ᠢᠵᠢ ᠬᠠᠲᠠᠭᠤ ᠲᠥᠯᠥᠪᠲᠦ ᠤᠰᠤᠲᠥ᠋ᠷᠥᠭᠴᠢ ᠬᠠᠳᠠᠭᠠᠯᠠᠬᠤ ᠰᠢᠰᠲ᠋ᠧᠮ ᠤᠨ ᠵᠢᠱᠢᠶ᠎ᠡ ᠦᠵᠡᠭᠦᠯᠬᠦ ᠲᠣᠨᠣᠭᠯᠠᠯ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠵᠤ᠂ ᠤᠮᠠᠷᠠᠲᠤ ᠶᠢᠨ ᠬᠤᠪᠢ ᠣᠷᠣᠭᠤᠯᠤᠭᠰᠠᠨ ᠪᠦᠬᠦ ᠪᠥᠮᠪᠥᠷᠴᠡᠭ ᠤᠨ ᠠᠩᠬᠠᠳᠠᠭᠴᠢ ᠢᠵᠢ ᠪᠦᠷᠢᠨ ᠵᠠᠭᠤᠨ ᠲᠣᠨ ᠤ ᠲᠡᠰ ᠤᠨ ᠤᠰᠤᠲᠥ᠋ᠷᠥᠭᠴᠢ ᠲᠦᠯᠡᠰᠢ ᠶᠢᠨ ᠠᠭᠤᠷᠬᠠᠢ ᠶᠢᠨ ᠬᠡᠷᠡᠭᠯᠡᠭᠡᠨ ᠤ ᠲᠡᠷᠭᠡ NTH150 ᠶᠢ ᠰᠦᠯᠵᠢᠶᠡᠨ ᠠᠴᠠ ᠪᠠᠭᠤᠯᠭᠠᠵᠤ᠂ ᠱᠤᠸᠠᠩ ᠯᠢᠶᠠᠩ ᠰᠢᠨ᠎ᠡ ᠡᠨᠧᠷᠭᠢ ᠶᠢᠨ ᠠᠵᠤ ᠦᠢᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠫᠠᠶᠢᠰᠠ ᠰᠡᠬᠦᠵᠦ᠂ ᠤᠮᠠᠷᠠᠲᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠪᠠᠷᠠᠭᠤᠨ ᠬᠤᠶᠢᠲᠤ ᠣᠷᠣᠨ ᠤ ᠠᠩᠬᠠᠳᠠᠭᠴᠢ ᠮᠠᠰᠢᠨ ᠬᠥᠮᠥᠨ ᠤ ᠰᠤᠳᠤᠯᠤᠨ ᠨᠡᠭᠡᠭᠡᠬᠦ ᠲᠥᠪ ᠢ ᠪᠠᠶᠢᠭᠤᠯᠪᠠ᠃     ᠬᠤᠪᠣᠷ ᠰᠢᠷᠣᠢ ᠶᠢᠨ ᠠᠵᠤ ᠦᠢᠯᠡᠰ ᠪᠣᠯ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠮᠠᠩᠯᠠᠢ ᠪᠠᠶᠢᠵᠤ᠂ ᠲᠡᠭᠦᠨ ᠲᠠᠢ ᠵᠡᠷᠭᠡᠪᠡᠷ ᠤᠷᠤᠭᠰᠢᠯᠠᠭᠰᠠᠨ ᠰᠢᠨ᠎ᠡ ᠡᠨᠧᠷᠭᠢ ᠶᠢᠨ ᠠᠵᠤ ᠦᠢᠯᠡᠰ ᠴᠦ ᠤᠯᠠᠠ ᠬᠢᠯᠠᠰ ᠴᠡᠭ ᠲᠠᠢ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠰ ᠤᠨ ᠳᠠᠭᠠᠭᠤᠯᠭ᠎ᠠ ᠪᠠᠷ᠂ ᠱᠤᠸᠠᠩ ᠯᠢᠶᠠᠩ ᠬᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ ᠳᠤ ᠨᠢᠭᠡᠨᠲᠡ 100GW ᠲᠠᠩ ᠲᠠᠯᠠᠰᠲᠤ ᠴᠠᠬᠢᠭᠤᠷ ᠤᠨ ᠮᠠᠲᠸᠡᠷᠢᠶᠠᠯ᠂ 80GW ᠲᠠᠩ ᠲᠠᠯᠠᠰᠲᠤ ᠴᠠᠬᠢᠭᠤᠷ ᠤᠨ ᠢᠵᠢ ᠪᠦᠷᠢᠳᠦᠭᠰᠡᠨ ᠰᠢᠨ᠎ᠡ ᠮᠠᠲ᠋ᠧᠷᠢᠶᠠᠯ  ᠢ ᠠᠩᠬ᠎ᠠ ᠠᠯᠬᠤᠮ ᠪᠦᠷᠢᠯᠳᠦᠭᠦᠯᠵᠦ᠂ 20GW ︵ᠨᠢᠭᠡᠳᠦᠭᠡᠷ ᠬᠤᠭᠤᠴᠠᠭ᠎ᠠ ︶ ᠶᠢᠨ ᠬᠡᠷᠡᠯ ᠴᠡᠨᠡᠭ ᠤᠨ ᠲᠣᠨᠣᠭᠯᠠᠯ ᠤᠨ ᠠᠵᠤ ᠦᠢᠯᠡᠰ ᠤᠨ ᠬᠡᠪᠴᠢᠶ᠎ᠡ ᠨᠢ ᠳᠡᠯᠡᠬᠡᠢ ᠶᠢᠨ ᠲᠡᠰ ᠤᠨ ᠴᠡᠪᠡᠷ ᠡᠨᠧᠷᠭᠢ ᠶᠢ ᠰᠢᠢᠳᠪᠦᠷᠢᠯᠡᠬᠦ ᠲᠥᠰᠥᠯ ᠤᠨ ᠬᠠᠩᠭᠠᠯᠭ᠎ᠠ ᠶᠢᠨ ᠬᠠᠷᠠᠯᠲᠠ ᠲᠡᠰᠢ ᠤᠷᠤᠭᠰᠢᠯᠠᠵᠤ ᠪᠤᠢ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠱᠤᠸᠠᠩ ᠯᠢᠶᠠᠩ ᠪᠦᠯᠦᠭᠯᠡᠯ᠂ ᠳᠤᠮᠳᠠᠳᠤ ᠤᠯᠤᠰ ᠤᠨ ᠵᠦᠩ ᠴᠧ᠂ ᠲᠢᠶᠠᠨ ᠱᠦᠨ ᠹᠧᠩ ᠡᠨᠧᠷᠭᠢ᠂ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠤᠯᠠᠨ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ ᠢᠶᠠᠷ ᠲᠤᠯᠭᠠᠭᠤᠷᠢᠯᠠᠯ ᠪᠣᠯᠭᠠᠵᠤ᠂ ᠬᠡᠯᠬᠢᠶ᠎ᠡ ᠶᠢ ᠤᠷᠲᠤᠳᠬᠠᠨ ᠴᠢᠩᠭᠠᠳᠬᠠᠵᠤ ᠬᠡᠯᠬᠢᠶ᠎ᠡ ᠶᠢ ᠥᠷᠭᠡᠳᠬᠡᠨ ᠨᠦᠭᠦᠪᠦᠷᠢᠯᠡᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ︽ᠰᠢᠨ᠎ᠡ ᠥᠨᠳᠦᠷᠯᠢᠭ︾  ᠢ ᠪᠦᠬᠦ ᠬᠦᠴᠦᠨ ᠢᠶᠠᠷ ᠴᠣᠭᠴᠠᠯᠠᠵᠤ ᠪᠠᠶᠢᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号