ᠤᠮᠠᠷᠠᠲᠤ ᠶᠢᠨ ᠬᠤᠪᠣᠷ ᠰᠢᠷᠣᠢ ᠶᠢᠨ ᠠᠩᠬᠠᠨ ᠤ ᠪᠦᠯᠦᠭ ᠳᠤᠮᠳᠠ ᠵᠡᠷᠭᠡ ᠶᠢᠨ ᠬᠤᠪᠣᠷ ᠰᠢᠷᠣᠢ ᠶᠢᠨ ᠲᠡᠮᠦᠷᠯᠢᠭ ᠤᠨ ᠦᠢᠯᠡᠳᠬᠦᠨ ᠢ ᠬᠡᠪᠴᠢᠶᠡᠵᠢᠭᠦᠯᠦᠨ ᠦᠢᠯᠡᠳᠪᠦᠷᠢᠯᠡᠪᠡ
ᠨᠡᠶᠢᠲᠡᠯᠡᠭᠰᠡᠨ ᠴᠠᠭ᠄
2023/11/8
    ᠲᠦᠷᠦᠭᠦᠬᠡᠨ᠂ ᠤᠮᠠᠷᠠᠲᠤ ᠶᠢᠨ ᠬᠤᠪᠣᠷ ᠰᠢᠷᠣᠢ ᠶᠢᠨ ᠠᠩᠬᠠᠨ ᠤ ᠪᠦᠯᠦᠭ ᠳᠤᠮᠳᠠ ᠵᠡᠷᠭᠡ ᠶᠢᠨ ᠬᠤᠪᠣᠷ ᠰᠢᠷᠣᠢ ᠶᠢᠨ ᠲᠡᠮᠦᠷᠯᠢᠭ ᠤᠨ ᠦᠢᠯᠡᠳᠬᠦᠨ ︱ ︱ ᠲᠡᠮᠦᠷᠯᠢᠭ ᠭᠠᠳᠣᠯᠢᠨ ᠪᠣᠯᠣᠨ ᠭᠠᠳᠣᠯᠢᠨ ᠲᠡᠮᠦᠷ ᠤᠨ ᠬᠠᠶᠢᠯᠤᠰᠢ ᠶᠢ ᠷᠦᠢ ᠰᠢᠨ ᠺᠣᠮᠫᠠᠨᠢ ᠳᠤ ᠬᠡᠪᠴᠢᠶᠡᠵᠢᠭᠦᠯᠦᠨ ᠦᠢᠯᠡᠳᠪᠦᠷᠢᠯᠡᠬᠦ ᠶᠢ ᠪᠡᠶᠡᠯᠡᠭᠦᠯᠪᠡ᠂ ᠡᠭᠦᠨ ᠳᠤ ᠭᠠᠳᠣᠯᠢᠨ ᠲᠡᠮᠦᠷ ᠤᠨ ᠬᠠᠶᠢᠯᠤᠰᠢ ᠶᠢᠨ ᠲᠤᠷᠰᠢᠯᠲᠠ ᠶᠢᠨ ᠦᠢᠯᠡᠳᠬᠦᠨ ᠢ ᠨᠢᠭᠡᠨᠲᠡ ᠳᠣᠣᠷᠠᠳᠤ ᠤᠷᠤᠰᠬᠠᠯ ᠤᠨ ᠰᠣᠷᠢᠨᠵᠢᠨ ᠮᠠᠲ᠋ᠧᠷᠢᠶᠠᠯ ᠤᠨ ᠠᠵᠤ ᠠᠬᠤᠶᠢᠯᠠᠯ ᠳᠤ ᠲᠤᠰᠢᠶᠠᠨ ᠥᠭᠴᠦ ᠲᠤᠷᠰᠢᠨ ᠬᠡᠷᠡᠭᠯᠡᠭᠦᠯᠪᠡ᠃ ᠲᠣᠰ ᠲᠤᠷᠰᠢᠯᠲᠠ ᠶᠢᠨ ᠱᠤᠭᠤᠮ ᠨᠢ ᠤᠮᠠᠷᠠᠲᠤ ᠶᠢᠨ ᠬᠤᠪᠣᠷ ᠰᠢᠷᠣᠢ ᠶᠢᠨ ᠳᠤᠮᠳᠠ ᠵᠡᠷᠭᠡ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠬᠦᠷᠢᠶᠡᠨ ᠳᠠᠬᠢ ᠬᠤᠭᠤᠰᠤᠨ ᠢ ᠨᠥᠬᠦᠪᠦᠷᠢᠯᠡᠵᠦ᠂ ᠤᠮᠠᠷᠠᠲᠤ ᠶᠢᠨ ᠬᠤᠪᠣᠷ ᠰᠢᠷᠣᠢ ᠶᠢᠨ ᠨᠠᠷᠢᠯᠢᠭ ᠣᠨᠣᠴᠠᠲᠠᠢ ᠪᠠᠷ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ ᠳᠤ ᠬᠦᠴᠦᠨ ᠨᠡᠮᠡᠷᠢᠯᠡᠵᠦ᠂ ᠡᠬᠢ ᠪᠠᠶᠠᠯᠢᠭ ᠤᠨ ᠥᠷᠲᠡᠭ ᠤᠨ ᠵᠠᠭᠠᠭ ᠬᠢᠵᠠᠭᠠᠷ ᠢ ᠥᠷᠭᠡᠳᠬᠡᠨ᠂ ᠠᠵᠤ ᠠᠬᠤᠶᠢᠯᠠᠯ ᠳᠤ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠨᠡᠭᠡᠭᠡᠵᠦ ᠥᠭᠭᠦᠭᠰᠡᠨ ᠪᠠᠶᠢᠨ᠎ᠠ᠃    ᠤᠮᠠᠷᠠᠲᠤ ᠶᠢᠨ ᠬᠤᠪᠣᠷ ᠰᠢᠷᠣᠢ ᠶᠢᠨ ᠷᠦᠢ ᠰᠢᠨ ᠺᠣᠮᠫᠠᠨᠢ ᠶᠢᠨ ᠬᠦᠨᠳᠦ ᠬᠤᠪᠣᠷ ᠰᠢᠷᠣᠢ ᠶᠢᠨ ᠲᠡᠮᠦᠷᠯᠢᠭ ᠵᠢᠴᠢ ᠬᠠᠶᠢᠯᠤᠰᠢ ᠶᠢᠨ ᠲᠤᠷᠰᠢᠯᠲᠠ ᠶᠢᠨ ᠱᠤᠭᠤᠮ ᠤᠨ ᠲᠠᠩ ᠵᠤᠤᠬ᠎ᠠ ᠶᠢᠨ ᠭᠠᠷᠤᠯᠲᠠ᠂ ᠮᠠᠲ᠋ᠧᠷᠢᠶᠠᠯ ᠤᠨ ᠬᠠᠷᠢᠴᠠᠯ᠂ ᠦᠢᠯᠡᠳᠬᠦᠨ ᠤ ᠲᠣᠬᠢᠷᠠᠭᠤᠯᠤᠯᠲᠠ ᠶᠢᠨ ᠲᠣᠭᠲᠠᠪᠤᠷᠢᠲᠤ ᠴᠢᠨᠠᠷ ᠨᠢ ᠴᠥᠮ ᠤᠯᠤᠰ ᠤᠨ ᠳᠣᠲᠣᠭᠠᠳᠤ ᠶᠢᠨ ᠠᠳᠠᠯᠢ ᠠᠵᠢᠯ ᠲᠥᠷᠥᠯ ᠤᠨ ᠲᠡᠷᠢᠭᠦᠨ ᠤ ᠭᠦᠢᠴᠡᠳᠬᠡᠯ ᠲᠤᠭ᠎ᠠ ᠳᠤ ᠬᠦᠷᠴᠦ᠂ ᠪᠦᠷᠢᠮᠦᠰᠦᠨ ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠵᠢᠯ ᠳᠤ 350 ᠲᠣᠨ ᠳᠤᠮᠳᠠ ᠵᠡᠷᠭᠡ ᠶᠢᠨ ᠬᠦᠨᠳᠦ ᠬᠤᠪᠣᠷ ᠲᠡᠮᠦᠷᠯᠢᠭ ᠵᠢᠴᠢ ᠬᠠᠶᠢᠯᠤᠰᠢ ᠶᠢ ᠦᠢᠯᠡᠳᠪᠦᠷᠢᠯᠡᠵᠦ ᠪᠣᠯᠣᠨ᠎ᠠ᠃ ᠲᠣᠰ ᠳᠤᠮᠳᠠ ᠵᠡᠷᠭᠡ ᠶᠢᠨ ᠲᠤᠷᠰᠢᠯᠲᠠ ᠶᠢᠨ ᠱᠤᠭᠤᠮ ᠢ 2022 ᠣᠨ ᠠᠴᠠ ᠡᠬᠢᠯᠡᠨ ᠪᠡᠯᠡᠳᠬᠡᠨ ᠪᠠᠶᠢᠭᠤᠯᠵᠤ᠂ ᠣᠲᠣ ᠨᠢᠭᠡᠨᠲᠡ ᠲᠤᠷᠰᠢᠨ ᠦᠢᠯᠡᠳᠪᠦᠷᠢᠯᠡᠬᠦ ᠨᠥᠬᠦᠴᠡᠯ ᠢ ᠪᠦᠷᠢᠯᠳᠦᠭᠦᠯᠦᠭᠰᠡᠨ ᠪᠠᠶᠢᠨ᠎ᠠ᠃ ᠭᠤᠣᠯ ᠪᠣᠯᠬᠤ ᠲᠥᠬᠦᠭᠡᠷᠦᠮᠵᠢ ᠳᠤ ᠬᠤᠭᠤᠰᠤᠨ ᠳᠠᠬᠢ ᠳᠤᠮᠳᠠ ᠳᠠᠪᠲᠠᠮᠵᠢ ᠶᠢᠨ ᠨᠥᠯᠥᠭᠡᠨ ᠵᠤᠤᠬ᠎ᠠ ᠪᠣᠯᠣᠨ ᠬᠤᠪᠣᠷ ᠰᠢᠷᠣᠢ ᠶᠢᠨ ᠬᠠᠶᠢᠯᠤᠮᠠᠯ ᠳᠠᠪᠤᠰᠤᠨ ᠤ ᠴᠠᠬᠢᠯᠭᠠᠨ ᠵᠠᠳᠠᠯᠤᠯ ᠤᠨ ᠵᠤᠤᠬ᠎ᠠ ᠪᠠᠭᠲᠠᠨ᠎ᠠ᠂ ᠺᠠᠯᠼ ᠤᠨ ᠢᠯᠴᠢ ᠪᠠᠷ ᠠᠩᠭᠢᠵᠢᠷᠠᠭᠤᠯᠬᠤ ᠤᠷᠠᠯᠠᠯ ᠪᠣᠯᠣᠨ ᠥᠪᠡᠷᠲᠡᠭᠡᠨ ᠬᠤᠷᠣᠭᠳᠠᠭᠤᠯᠬᠤ ᠪᠢᠯᠢᠭ ᠲᠤᠶᠢᠯ ᠤᠨ ᠴᠠᠬᠢᠯᠭᠠᠨ ᠵᠠᠳᠠᠯᠤᠯ ᠤᠨ ᠤᠷᠠᠯᠠᠯ ᠢ ᠬᠡᠷᠡᠭᠯᠡᠵᠦ᠂ ᠭᠠᠳᠣᠯᠢᠨ᠂ ᠭᠠᠳᠣᠯᠢᠨ ᠤ ᠲᠡᠮᠦᠷ ᠤᠨ ᠬᠠᠶᠢᠯᠤᠰᠢ ᠵᠡᠷᠭᠡ ᠲᠠᠩ ᠭᠠᠭᠴᠠ ᠬᠤᠪᠣᠷ ᠰᠢᠷᠣᠢ ᠶᠢᠨ ᠲᠡᠮᠦᠷᠯᠢᠭ ᠵᠢᠴᠢ ᠬᠠᠶᠢᠯᠤᠰᠢ ᠶᠢᠨ ᠦᠢᠯᠡᠳᠬᠦᠨ ᠢ ᠦᠢᠯᠡᠳᠪᠦᠷᠢᠯᠡᠵᠦ ᠪᠣᠯᠣᠨ᠎ᠠ᠂ ᠵᠢᠱᠢᠯᠲᠡ ᠪᠠᠷ ᠡᠨᠡ ᠵᠢᠯ ᠤᠨ ᠰᠡᠭᠦᠯᠴᠢ ᠪᠠᠷ ᠵᠢᠯ ᠳᠤ 150 ᠲᠣᠨ ᠳᠤᠮᠳᠠ ᠵᠡᠷᠭᠡ ᠶᠢᠨ ᠬᠤᠪᠣᠷ ᠰᠢᠷᠣᠢ ᠶᠢᠨ ᠲᠡᠮᠦᠷᠯᠢᠭ ᠵᠢᠴᠢ ᠬᠠᠶᠢᠯᠤᠰᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠪᠦᠷᠢᠯᠳᠦᠭᠦᠯᠦᠨ᠎ᠡ  ᠃ ᠡᠭᠦᠨ ᠤ ᠬᠠᠮᠲᠤ᠂ ᠪᠣᠯᠪᠠᠰᠤᠷᠠᠭᠤᠯᠬᠤ ᠥᠪᠡᠷ ᠤᠨ ᠥᠷᠲᠡᠭ᠂ ᠶᠡᠷᠦᠩᠬᠡᠢ ᠮᠠᠲ᠋ᠧᠷᠢᠶᠠᠯ ᠤᠨ ᠬᠠᠷᠢᠴᠠᠯ ᠵᠡᠷᠭᠡ ᠠᠵᠤ ᠠᠬᠤᠢ ᠮᠡᠷᠭᠡᠵᠢᠯ ᠤᠨ ᠭᠦᠢᠴᠡᠳᠬᠡᠯ ᠲᠤᠭ᠎ᠠ ᠶᠢ ᠬᠦᠴᠦᠯᠡᠨ ᠰᠢᠯᠢᠳᠡᠭᠵᠢᠭᠦᠯᠵᠦ᠂ ᠦᠢᠯᠡᠳᠬᠦᠨ ᠤ ᠶᠠᠰᠤ ᠴᠢᠨᠠᠷ ᠪᠠ ᠦᠷ᠎ᠡ ᠠᠰᠢᠭ ᠤᠨ ᠬᠤᠣᠰ ᠳᠡᠭᠡᠭᠰᠢᠯᠡᠯᠲᠡ ᠶᠢ ᠠᠬᠢᠭᠤᠯᠤᠨ᠎ᠠ  ᠃ ᠬᠤᠪᠣᠷ ᠰᠢᠷᠣᠢ ᠶᠢᠨ ᠲᠡᠮᠦᠷᠯᠢᠭ ᠵᠢᠴᠢ ᠬᠠᠶᠢᠯᠤᠰᠢ ᠶᠢᠨ ᠦᠢᠯᠡᠳᠬᠦᠨ ᠢ ᠨᠠᠷᠢᠯᠢᠭ ᠡᠳ᠋ᠰᠢᠭᠦᠯᠬᠦ ᠮᠡᠷᠭᠡᠵᠢᠯ ᠢ ᠲᠦᠷᠭᠡᠳᠬᠡᠨ ᠣᠷᠣᠭᠤᠯᠵᠤ ᠢᠷᠡᠨ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠬᠦᠨᠳᠦ ᠬᠤᠪᠣᠷ ᠰᠢᠷᠣᠢ ᠶᠢᠨ ᠲᠡᠮᠦᠷᠯᠢᠭ ᠵᠢᠴᠢ ᠬᠠᠶᠢᠯᠤᠰᠢ ᠶᠢᠨ ᠲᠥᠷᠥᠯ ᠤᠨ ᠦᠢᠯᠡᠳᠬᠦᠨ ᠢ ᠵᠠᠬᠢᠶᠠᠯᠠᠨ ᠦᠢᠯᠡᠳᠴᠦ᠂ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠦᠢᠯᠡᠳᠪᠦᠷᠢᠯᠡᠬᠦ ᠱᠤᠭᠤᠮ ᠤᠨ ᠲᠠᠰ ᠳᠡᠪᠰᠢᠭᠦᠯᠬᠦ ᠪᠠ ᠣᠯᠠᠨ ᠡᠰᠢᠵᠢᠭᠦᠯᠦᠨ ᠬᠥᠭᠵᠢᠭᠦᠯᠬᠦ ᠶᠢ ᠪᠡᠶᠡᠯᠡᠭᠦᠯᠦᠨ᠎ᠡ᠃    ᠳᠠᠷᠠᠭᠠᠴᠢ ᠶᠢᠨ ᠠᠯᠬᠤᠮ ᠳᠤ᠂ ᠤᠮᠠᠷᠠᠲᠤ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠢᠳᠡᠪᠬᠢᠲᠡᠢ ᠲᠣᠬᠢᠷᠠᠭᠤᠯᠤᠨ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠳᠬᠠᠨ ᠳᠤᠮᠳᠠ ᠵᠡᠷᠭᠡ ᠶᠢᠨ ᠬᠤᠪᠣᠷ ᠰᠢᠷᠣᠢ ᠶᠢᠨ ᠲᠡᠮᠦᠷᠯᠢᠭ ᠵᠢᠴᠢ ᠬᠠᠶᠢᠯᠤᠰᠢ ᠦᠢᠯᠡᠳᠬᠦ ᠵᠠᠩᠭᠢᠯᠠᠭ᠎ᠠ ᠶᠢᠨ ᠮᠡᠷᠭᠡᠵᠢᠯ ᠳᠤ ᠦᠷᠭᠦᠯᠵᠢᠯᠡᠨ ᠰᠤᠳᠤᠯᠤᠨ ᠨᠡᠭᠡᠭᠡᠬᠦ ᠪᠣᠭᠤᠮᠲᠠ ᠰᠢᠪᠲᠤᠯᠬᠤ ᠶᠢ ᠥᠷᠨᠢᠭᠦᠯᠵᠦ᠂ ᠳᠤᠮᠳᠠ ᠵᠡᠷᠭᠡ ᠶᠢᠨ ᠬᠤᠪᠣᠷ ᠰᠢᠷᠣᠢ ᠶᠢᠨ ᠲᠡᠮᠦᠷᠯᠢᠭ ᠤᠨ ᠬᠦᠷᠢᠶᠡᠨ ᠳᠠᠬᠢ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠪᠡᠶᠡᠯᠡᠭᠦᠯᠵᠦ᠂ ᠳᠡᠯᠡᠬᠡᠢ ᠶᠢᠨ ᠲᠡᠷᠢᠭᠦᠨ ᠵᠡᠷᠭᠡ ᠶᠢᠨ ᠬᠤᠪᠣᠷ ᠰᠢᠷᠣᠢ ᠶᠢᠨ ᠳᠠᠭᠠᠭᠤᠯᠤᠭᠴᠢ ᠠᠵᠤ ᠠᠬᠤᠶᠢᠯᠠᠯ ᠢ ᠪᠠᠶᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠤᠷᠲ᠋ᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号