ᠣᠶᠢᠷ᠎ᠠ ᠶᠢᠨ ᠬᠤᠭᠤᠴᠠᠭᠠᠨ ᠳᠤ᠂ ᠬᠤᠪᠣᠷ ᠰᠢᠷᠣᠢ ᠶᠢᠨ ᠬᠦᠷᠢᠶᠡᠯᠡᠩ ᠤᠨ ᠡᠬᠢ ᠪᠠᠶᠠᠯᠢᠭ ᠬᠢᠭᠡᠳ ᠠᠮᠢ | ᠠᠬᠤᠢ ᠶᠢᠨ ᠣᠷᠴᠢᠨ ᠲᠣᠭᠤᠷᠢᠨ ᠤ ᠰᠤᠳᠤᠯᠭᠠᠨ ᠤ ᠭᠠᠵᠠᠷ ᠤᠨ ᠬᠤᠪᠣᠷ ᠰᠢᠷᠣᠢ ᠶᠢ ᠰᠠᠯᠭᠠᠬᠤ ᠪᠠ ᠬᠡᠷᠡᠭᠯᠡᠭᠡᠨ ᠤ | ᠰᠤᠳᠤᠯᠭᠠᠨ ᠤ ᠲᠠᠰᠤᠭ ᠤᠨ ᠰᠤᠳᠤᠯᠤᠨ ᠨᠡᠭᠡᠭᠡᠭᠰᠡᠨ ︽ᠹᠯᠣᠷ ᠠᠭᠤᠯᠤᠭᠰᠠᠨ ᠬᠠᠶᠠᠭᠳᠠᠮᠠᠯ ᠬᠦᠴᠢᠯ ᠢᠶᠠᠷ ᠬᠥᠩᠭᠡᠨ | ᠬᠤᠪᠣᠷ ᠰᠢᠷᠣᠢ ᠶᠢᠨ ᠹᠯᠣᠷᠲᠤ ᠨᠢᠭᠡᠳᠪᠦᠷᠢ ᠦᠢᠯᠡᠳᠬᠦ ᠮᠡᠷᠭᠡᠵᠢᠯ︾ ᠨᠢ ᠡᠩ ᠤᠨ ᠵᠥᠪᠰᠢᠶᠡᠷᠡᠯ ᠤᠨ ᠠᠷᠭ᠎ᠠ | ᠮᠠᠶ᠋ᠢᠭ ᠢᠶᠠᠷ ᠥᠪᠥᠷ ᠮᠣᠩᠭᠤᠯ ᠤᠨ ᠬᠤᠪᠣᠷ ᠰᠢᠷᠣᠢ ᠶᠢᠨ ᠴᠢᠳᠠᠮᠵᠢ ᠶᠢᠨ ᠮᠠᠲ᠋ᠧᠷᠢᠶᠠᠯ ᠤᠨ ᠰᠢᠨ᠎ᠡ ᠶᠢ ᠡᠭᠦᠳᠬᠦ | ᠲᠥᠪ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠯᠤᠭ᠎ᠠ 5 ᠵᠢᠯ ᠤᠨ ᠬᠤᠭᠤᠴᠠᠭ᠎ᠠ ᠲᠠᠢ ᠮᠡᠷᠭᠡᠵᠢᠯ ᠤᠨ | ᠵᠥᠪᠰᠢᠶᠡᠷᠡᠯ ᠤᠨ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ᠃ | ᠣᠶᠢᠯᠠᠭᠠᠭᠰᠠᠨ ᠢᠶᠠᠷ᠂ ︽ᠹᠯᠣᠷ ᠠᠭᠤᠯᠤᠭᠰᠠᠨ ᠬᠠᠶᠠᠭᠳᠠᠮᠠᠯ ᠬᠦᠴᠢᠯ ᠢᠶᠠᠷ ᠬᠥᠩᠭᠡᠨ ᠬᠤᠪᠣᠷ ᠰᠢᠷᠣᠢ ᠶᠢᠨ | ᠹᠯᠣᠷᠲᠤ ᠨᠢᠭᠡᠳᠪᠦᠷᠢ ᠦᠢᠯᠡᠳᠬᠦ ᠮᠡᠷᠭᠡᠵᠢᠯ︾ ᠨᠢ ᠵᠠᠬ᠎ᠠ ᠳᠡᠯᠭᠡᠭᠦᠷ ᠤᠨ ᠬᠤᠪᠣᠷ ᠰᠢᠷᠣᠢ ᠶᠢᠨ ᠴᠢᠳᠠᠮᠵᠢ ᠶᠢᠨ | ᠮᠠᠲ᠋ᠧᠷᠢᠶᠠᠯ ᠤᠨ ᠬᠡᠷᠡᠭᠯᠡᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠭᠦᠢᠴᠡᠳ ᠤᠶᠠᠯᠳᠤᠵᠤ᠂ ᠹᠯᠣᠷ ᠠᠭᠤᠯᠤᠭᠰᠠᠨ | ᠬᠠᠶᠠᠭᠳᠠᠮᠠᠯ ᠬᠦᠴᠢᠯ ᠬᠢᠭᠡᠳ ᠥᠨᠳᠥᠷ ᠥᠳᠬᠡᠴᠡ ᠲᠠᠢ ᠬᠤᠪᠣᠷ ᠰᠢᠷᠣᠢ ᠶᠢᠨ ᠠᠭᠤᠰᠤᠮᠠᠯ ᠤᠨ ᠬᠠᠷᠢᠯᠴᠠᠨ | ᠨᠡᠶᠢᠯᠡᠯᠳᠦᠭᠰᠡᠨ ᠮᠥᠬᠦᠯᠢᠭ ᠤᠨ ᠳ᠋ᠢᠶᠠᠮᠧᠲᠷ ᠨᠢ ᠡᠵᠡᠮᠳᠡᠵᠦ ᠪᠣᠯᠬᠤ ᠲᠠᠯᠠᠰᠲᠤ ᠬᠡᠯᠪᠡᠷᠢ ᠶᠢᠨ ᠹᠯᠣᠷᠲᠤ ᠬᠤᠪᠣᠷ | ᠰᠢᠷᠣᠢ ᠶᠢᠨ ᠦᠢᠯᠡᠳᠬᠦᠨ ᠤ ᠵᠠᠩᠭᠢᠯᠠᠭ᠎ᠠ ᠶᠢᠨ ᠮᠡᠷᠭᠡᠵᠢᠯ ᠤᠨ ᠬᠦᠴᠢᠷ ᠠᠰᠠᠭᠤᠳᠠᠯ ᠢ ᠠᠮᠵᠢᠯᠲᠠ ᠲᠠᠢ | ᠰᠢᠢᠳᠪᠦᠷᠢᠯᠡᠵᠦ᠂ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠠᠶᠢᠵᠢᠭᠤᠯᠤᠭᠰᠠᠨ ᠤ ᠳᠠᠷᠠᠭ᠎ᠠ ᠬᠤᠪᠣᠷ ᠰᠢᠷᠣᠢ ᠶᠢᠨ | ᠡᠷᠦᠳᠡᠰᠦ ᠶᠢᠨ ᠬᠠᠮᠲᠤ ᠪᠠᠷ ᠳᠠᠭᠠᠯᠳᠤᠨ ᠡᠭᠦᠰᠦᠭᠰᠡᠨ ᠹᠯᠣᠷ ᠤᠨ ᠡᠬᠢ ᠪᠠᠶᠠᠯᠢᠭ ᠢ ᠥᠨᠳᠥᠷ ᠥᠷᠲᠡᠭᠵᠢᠭᠦᠯᠦᠨ | ᠠᠰᠢᠭᠯᠠᠬᠤ ᠳᠤ ᠨᠢᠭᠡ ᠢᠵᠢ ᠠᠷᠪᠢᠲᠠᠢ᠂ ᠶᠠᠪᠤᠭᠳᠠᠭᠤᠰᠢᠲᠠᠢ ᠰᠢᠢᠳᠪᠦᠷᠢᠯᠡᠬᠦ ᠲᠥᠰᠥᠯ ᠢ ᠬᠠᠩᠭᠠᠵᠤ᠂ ᠬᠤᠪᠣᠷ | ᠰᠢᠷᠣᠢ ᠶᠢᠨ ᠲᠡᠮᠦᠷᠯᠢᠭ ᠤᠨ ᠳᠣᠣᠷ᠎ᠠ ᠥᠳᠬᠡᠴᠡ ᠲᠠᠢ ᠹᠯᠣᠷ ᠠᠭᠤᠯᠤᠭᠰᠠᠨ ᠬᠠᠶᠠᠭᠳᠠᠮᠠᠯ ᠬᠦᠴᠢᠯ ᠢ ᠶᠡᠷᠦᠩᠬᠡᠶᠢᠯᠡᠨ | ᠵᠠᠰᠠᠬᠤ ᠶᠢ ᠨᠠᠩ ᠰᠠᠶᠢᠲᠤᠷ ᠲᠦᠯᠬᠢᠨ ᠠᠬᠢᠭᠤᠯᠵᠤ ᠪᠣᠯᠣᠨ᠎ᠠ᠃ | ᠲᠣᠰ ᠤᠳᠠᠭᠠᠨ ᠤ ᠦᠷ᠎ᠡ ᠪᠦᠲᠦᠭᠡᠯ ᠤᠨ ᠳᠡᠯᠭᠡᠷᠡᠭᠦᠯᠦᠯᠲᠡ ᠨᠢ ᠮᠠᠨ ᠤ ᠤᠯᠤᠰ ᠤᠨ ᠹᠯᠣᠷ ᠤᠨ ᠡᠬᠢ | ᠪᠠᠶᠠᠯᠢᠭ ᠤᠨ ᠬᠠᠩᠭᠠᠯᠭ᠎ᠠ ᠶᠢᠨ ᠣᠳᠣᠬᠢ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠬᠤ ᠶᠢᠨ ᠬᠠᠮᠲᠤ ᠬᠤᠪᠣᠷ | ᠰᠢᠷᠣᠢ ᠶᠢᠨ ᠹᠯᠣᠷᠲᠤ ᠭᠢᠯᠠᠶᠢᠯᠭᠠᠬᠤ ᠨᠤᠨᠳᠠᠭ ᠵᠢᠴᠢ ᠹᠯᠣᠷᠲᠤ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠢ | ᠨᠡᠭᠡᠭᠡᠨ ᠬᠥᠭᠵᠢᠭᠦᠯᠬᠦ ᠪᠠ ᠬᠠᠩᠭᠠᠬᠤ ᠪᠠᠶᠢᠷᠢᠰᠢᠯ ᠢ ᠨᠥᠯᠥᠭᠡᠯᠡᠬᠦ ᠶᠢᠨ ᠬᠠᠮᠲᠤ ᠬᠤᠪᠣᠷ ᠰᠢᠷᠣᠢ ᠶᠢᠨ ᠠᠵᠢᠯ | ᠲᠥᠷᠥᠯ ᠤᠨ ᠪᠣᠬᠢᠷᠲᠤᠯ ᠦᠭᠡᠢ ᠡᠷᠭᠢᠯᠲᠡᠲᠦ ᠬᠥᠭᠵᠢᠯᠲᠡ ᠪᠠ ᠬᠠᠶᠠᠭᠳᠠᠮᠠᠯ ᠦᠭᠡᠢ ᠬᠤᠲᠠ ᠶᠢᠨ ᠴᠢᠨᠠᠷ ᠰᠠᠶᠢᠲᠠᠢ | ᠪᠦᠲᠦᠭᠡᠨ ᠪᠠᠶᠢᠭᠤᠯᠤᠯᠲᠠ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠣᠨ᠎ᠠ᠃ |