ᠲᠥᠷᠥ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠶᠠᠰᠤ ᠴᠢᠨᠠᠷ ᠤᠨ | ᠬᠥᠭᠵᠢᠯᠲᠡ ᠶᠢᠨ ᠬᠥᠲᠥᠯᠪᠦᠷᠢ︾ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠪᠣᠷ ᠰᠢᠷᠣᠶ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠪᠠᠨ ᠴᠢᠩᠭᠠᠳᠬᠠᠬᠤ ᠶᠢ ᠤᠯᠠᠮ | ᠨᠢᠭᠡ ᠠᠯᠬᠤᠮ ᠵᠣᠷᠢᠭᠵᠢᠭᠤᠯᠵᠤ᠂ ᠦᠢᠯᠡᠳᠬᠦᠨ᠂ ᠢᠨᠵᠧᠨᠧᠷᠢᠩ ᠪᠠ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠦᠨ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠠ ᠵᠠᠬ᠎ᠠ ᠳᠡᠯᠭᠡᠭᠦᠷ ᠤᠨ ᠥᠷᠢᠰᠥᠯᠳᠦᠬᠦ | ᠬᠦᠴᠦᠨ ᠢ ᠴᠢᠩᠭᠠᠷᠠᠭᠤᠯᠵᠤ᠂ ᠮᠠᠨ ᠤ ᠣᠷᠣᠨ ᠤ ᠠᠵᠤ ᠠᠬᠤᠶ ᠨᠡᠶᠢᠭᠡᠮ ᠤᠨ ᠡᠷᠡᠭᠦᠯ ᠢᠶᠠᠷ ᠦᠷᠭᠦᠯᠵᠢᠯᠡᠨ | ᠬᠥᠭᠵᠢᠬᠦ ᠶᠢ ᠠᠬᠢᠭᠤᠯᠤᠨ᠂ ︽ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ᠂ ᠶᠠᠰᠤ ᠴᠢᠨᠠᠷ ᠢᠶᠠᠷ ᠠᠵᠤ | ᠠᠬᠤᠶᠢᠯᠠᠯ ᠢ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠵᠦ᠂ ᠭᠠᠷᠮᠠᠭᠠᠶ | ᠠᠮᠵᠢᠯᠲᠠ ᠪᠦᠲᠦᠮᠵᠢ ᠶᠢ ᠬᠥᠭᠡᠭᠡᠴᠡᠯᠳᠦᠵᠦ᠂ ᠠᠵᠤ ᠠᠬᠤᠶᠢᠯᠠᠯ ᠤᠨ ᠥᠷᠢᠰᠥᠯᠳᠦᠬᠦ ᠬᠦᠴᠦᠨ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠂ ︽ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ 20 ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ︾ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠬᠠᠮᠢᠶᠠᠷᠤᠯᠲᠠ ᠶᠢᠨ ᠵᠥᠪᠯᠡᠯ ︽ᠬᠠᠮᠢᠶᠠᠷᠤᠯᠲᠠ ᠶᠢᠨ ᠵᠥᠪᠯᠡᠯ ᠤᠨ ᠶᠠᠰᠤ ᠴᠢᠨᠠᠷ ᠤᠨ ᠱᠠᠩᠨᠠᠯ︾ ᠭᠡᠬᠦ | ᠱᠠᠩᠨᠠᠯ ᠤᠨ ᠵᠦᠢᠯ ᠢ ᠪᠠᠶᠢᠭᠤᠯᠪᠠ᠃ | ᠨᠢᠭᠡ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠬᠠᠮᠢᠶᠠᠷᠤᠯᠲᠠ ᠶᠢᠨ | ᠵᠥᠪᠯᠡᠯ ᠤᠨ ᠶᠠᠰᠤ ᠴᠢᠨᠠᠷ ᠤᠨ ᠱᠠᠩᠨᠠᠯ︾ ᠤᠨ ᠱᠠᠩᠨᠠᠯ ᠢ ᠪᠠᠶᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ | ᠶᠠᠰᠤ ᠴᠢᠨᠠᠷ ᠪᠣᠯ ᠠᠵᠤ ᠠᠬᠤᠶ ᠶᠢᠨ ᠬᠥᠭᠵᠢᠯᠲᠡ ᠳᠠᠬᠢ ᠨᠢᠭᠡᠨ ᠪᠠᠶᠢᠯᠳᠤᠬᠤ ᠪᠣᠳᠣᠯᠭ᠎ᠠ ᠶᠢᠨ ᠠᠰᠠᠭᠤᠳᠠᠯ | ᠪᠣᠯᠬᠤ ᠪᠥᠭᠡᠳ ᠶᠠᠰᠤ ᠴᠢᠨᠠᠷ ᠤᠨ ᠬᠢᠷᠢ ᠬᠡᠮᠵᠢᠶᠡᠨ ᠤ ᠥᠨᠳᠥᠷ ᠳᠣᠤᠷ᠎ᠠ ᠪᠠᠶᠢᠬᠤ ᠨᠢ ᠨᠢᠭᠡ ᠭᠠᠵᠠᠷ ᠣᠷᠣᠨ ᠤ | ᠠᠵᠤ ᠠᠬᠤᠶ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ ᠪᠣᠯᠤᠨ ᠬᠠᠮᠢᠶᠠᠷᠤᠯᠲᠠ ᠶᠢᠨ ᠬᠢᠷᠢ | ᠬᠡᠮᠵᠢᠶᠡᠨ ᠤ ᠶᠡᠷᠦᠩᠬᠡᠶᠢᠯᠡᠭᠰᠡᠨ ᠲᠤᠰᠬᠠᠯ ᠪᠣᠯᠬᠤᠷ ᠣᠷᠣᠨ ᠨᠤᠲᠤᠭ ᠤᠨ ᠠᠵᠤ ᠠᠬᠤᠶ ᠪᠣᠯᠤᠨ ᠭᠠᠳᠠᠭᠠᠳᠤ | ᠠᠷᠠᠯᠵᠢᠶᠠᠨ ᠤ ᠬᠥᠭᠵᠢᠯᠲᠡ ᠶᠢ ᠨᠥᠯᠥᠭᠡᠯᠡᠬᠦ ᠴᠢᠬᠤᠯᠠ ᠬᠦᠴᠦᠨ ᠵᠦᠢᠯ ᠤᠨ ᠨᠢᠭᠡ ᠪᠣᠯᠤᠭᠰᠠᠨ ᠪᠠᠶᠢᠨ᠎ᠠ᠃ | ᠢᠯᠠᠩᠭᠤᠶ᠎ᠠ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠰᠢᠨ᠎ᠡ ᠬᠡᠪ ᠪᠠᠶᠢᠳᠠᠯ ᠳᠤ ᠣᠷᠣᠬᠤ ᠶᠢ ᠳᠠᠭᠠᠯᠳᠤᠨ | ᠂ ᠬᠡᠪᠴᠢᠶ᠎ᠡ ᠶᠢᠨ ᠬᠤᠷᠳᠤᠴᠠ ᠶᠢᠨ ᠬᠡᠯᠪᠡᠷᠢ ᠠᠴᠠ ᠶᠠᠰᠤ ᠴᠢᠨᠠᠷ ᠦᠷ᠎ᠡ ᠠᠰᠢᠭ ᠤᠨ ᠬᠡᠯᠪᠡᠷᠢ ᠲᠡᠰᠢ ᠬᠤᠪᠢᠷᠠᠵᠤ᠂ | ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠪᠠ ᠭᠤᠣᠯᠯᠠᠬᠤ ᠥᠷᠢᠰᠥᠯᠳᠦᠬᠦ ᠬᠦᠴᠦᠨ ᠢ | ᠨᠡᠮᠡᠭᠳᠡᠭᠦᠯᠬᠦ ᠪᠠᠷ ᠪᠦᠲᠦᠴᠡ ᠶᠢᠨ ᠲᠣᠬᠢᠷᠠᠭᠤᠯᠤᠯᠲᠠ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢᠨ | ᠭᠠᠷᠳᠠᠬᠤ ᠴᠡᠭ ᠪᠣᠯᠭᠠᠵᠤ᠂ ᠶᠠᠰᠤ ᠴᠢᠨᠠᠷ ᠤᠨ ᠳᠡᠭᠡᠭᠰᠢᠯᠡᠯᠲᠡ ᠪᠠᠷ ᠪᠠᠭᠠᠰᠬᠠᠬᠤ ᠬᠤᠷᠳᠤᠴᠠ ᠶᠢ ᠤᠳᠠᠭᠠᠰᠢᠷᠠᠭᠤᠯᠬᠤ | ᠬᠡᠷᠡᠭᠲᠡᠶ᠃ ᠵᠠᠰᠠᠭ ᠤᠨ ᠣᠷᠳᠣᠨ ᠪᠠᠶᠢᠭᠤᠯᠤᠭᠰᠠᠨ ᠶᠠᠰᠤ ᠴᠢᠨᠠᠷ ᠤᠨ ᠱᠠᠩᠨᠠᠯ ᠪᠣᠯ ᠳᠡᠯᠡᠬᠡᠶ ᠳᠡᠭᠡᠷ᠎ᠡ ᠶᠠᠰᠤ | ᠴᠢᠨᠠᠷ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ ᠨᠢᠭᠡ ᠵᠦᠢᠯ ᠤᠨ ᠨᠡᠶᠢᠳᠡᠮ ᠬᠡᠷᠡᠭᠯᠡᠬᠦ ᠠᠷᠭ᠎ᠠ ᠪᠠᠷᠢᠯ | ᠪᠣᠯᠬᠤ ᠲᠤᠯᠠ ᠮᠠᠨ ᠤ ᠣᠷᠣᠨ ᠤ ᠦᠢᠯᠡᠳᠬᠦᠨ ᠤ ᠶᠠᠰᠤ ᠴᠢᠨᠠᠷ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠥᠷᠢᠰᠥᠯᠳᠦᠬᠦ ᠴᠢᠳᠠᠪᠤᠷᠢ ᠶᠢ ᠨᠡᠮᠡᠭᠳᠡᠭᠦᠯᠦᠨ᠂ | ᠳᠡᠭᠡᠳᠦ ᠰᠢᠨ᠎ᠡ ᠮᠡᠷᠭᠡᠵᠢᠯ ᠤᠨ ᠤᠷᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢ | ᠠᠬᠢᠭᠤᠯᠬᠤ ᠶᠢᠨ ᠲᠤᠰᠠᠳᠠ᠂ ᠮᠠᠨ ᠤ ᠣᠷᠣᠨ ᠳᠤ ︽ᠬᠠᠮᠢᠶᠠᠷᠤᠯᠲᠠ ᠶᠢᠨ ᠵᠥᠪᠯᠡᠯ ᠤᠨ ᠶᠠᠰᠤ ᠴᠢᠨᠠᠷ ᠤᠨ ᠱᠠᠩᠨᠠᠯ︾ | ᠤᠨ ᠱᠠᠩᠨᠠᠯ ᠤᠨ ᠵᠦᠢᠯ ᠢ ᠲᠦᠷᠭᠡᠬᠡᠨ ᠪᠠᠶᠢᠭᠤᠯᠬᠤ ᠴᠢᠬᠤᠯᠠᠲᠠᠶ ᠪᠠᠶᠢᠨ᠎ᠠ᠃ ᠡᠨᠡ ᠪᠣᠯ ︽ᠶᠠᠰᠤ ᠴᠢᠨᠠᠷ ᠤᠨ | ᠬᠥᠭᠵᠢᠯᠲᠡ ᠶᠢᠨ ᠬᠥᠲᠥᠯᠪᠦᠷᠢ ︵2011 - 2020︶︾ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠂ ᠬᠤᠲᠠ ᠶᠢᠨ ᠵᠠᠰᠠᠭ ᠤᠨ ᠣᠷᠳᠣᠨ ᠤ ︽ᠶᠠᠰᠤ | ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ | ᠰᠠᠨᠠᠯ ᠤᠳ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ︽ | ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠢᠨ ᠶᠠᠰᠤ ᠴᠢᠨᠠᠷ ᠤᠨ ᠱᠠᠩᠨᠠᠯ︾ ᠢ ᠪᠠᠢᠭᠤᠯᠬᠤ ᠳᠤ | ᠬᠠᠮᠢᠶᠠᠷᠤᠯᠲᠠ ᠶᠢᠨ ᠵᠥᠪᠯᠡᠯ ᠤᠨ ᠶᠠᠰᠤ ᠴᠢᠨᠠᠷ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠪᠠ ᠠᠵᠤ | ᠠᠬᠤᠢᠯᠠᠯ ᠢ ᠬᠠᠯᠠᠮᠵᠢᠯᠠᠨ ᠲᠡᠳᠭᠦᠬᠦ ᠶᠢ ᠭᠦᠢᠴᠡᠳ ᠬᠠᠷᠠᠭᠤᠯᠵᠤ᠂ ᠥᠷᠭᠡᠨ ᠣᠯᠠᠨ ᠠᠵᠤ ᠠᠬᠤᠢᠯᠠᠯ ᠤᠨ | ᠲᠡᠷᠢᠭᠦᠨ ᠤ ᠬᠠᠮᠢᠶᠠᠷᠤᠯᠲᠠ ᠶᠢᠨ ᠣᠨᠣᠯᠵᠢᠬᠤᠨ ᠢ ᠴᠢᠷᠮᠠᠢᠨ ᠠᠬᠢᠭᠤᠯᠵᠤ᠂ ᠭᠠᠷᠮᠠᠭᠠᠢ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢᠨ ᠵᠠᠭᠪᠤᠷ ᠢ ᠭᠦᠨᠵᠡᠭᠡᠢ ᠬᠡᠷᠡᠭᠵᠢᠭᠦᠯᠵᠦ᠂ ᠦᠢᠯᠡᠳᠬᠦᠨ ᠤ ᠶᠠᠰᠤ ᠴᠢᠨᠠᠷ ᠪᠣᠯᠤᠨ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠦᠨ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠶᠠᠰᠤ ᠴᠢᠨᠠᠷ ᠤᠨ ᠬᠥᠭᠵᠢᠯᠲᠡ ᠶᠢᠨ | ᠶᠡᠷᠦᠩᠬᠡᠢ ᠬᠢᠷᠢ ᠲᠦᠪᠰᠢᠨ ᠢ ᠳᠡᠭᠡᠭᠰᠢᠯᠡᠭᠦᠯᠬᠦ ᠳᠤ ᠠᠰᠢᠭᠲᠠᠢ᠂ ᠡᠬᠢ ᠪᠠᠶᠠᠯᠢᠭ ᠢ ᠰᠢᠯᠢᠳᠡᠭᠵᠢᠭᠦᠯᠦᠨ | ᠲᠣᠬᠢᠷᠠᠭᠤᠯᠬᠤ ᠪᠠ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠳᠤ ᠠᠰᠢᠭᠲᠠᠢ᠃ ᠠᠴᠢ ᠬᠤᠯᠪᠣᠭᠳᠠᠯ ᠨᠢ | ᠴᠢᠬᠤᠯᠠ ᠶᠡᠭᠡ᠃ | 2014 ᠤᠨ ᠤ ᠵᠢᠯ ᠤᠨ ᠡᠴᠦᠰ ᠲᠤ᠂ ᠤᠯᠤᠰ ᠤᠨ ᠶᠠᠰᠤ ᠴᠢᠨᠠᠷ ᠤᠨ ᠪᠠᠶᠢᠴᠠᠭᠠᠯᠲᠠ ᠶᠢᠨ ᠶᠡᠷᠦᠩᠬᠡᠢ | ᠲᠣᠪᠴᠢᠶ᠎ᠠ ᠠᠴᠠ ᠪᠤᠭᠤᠲᠤ ᠬᠤᠲᠠ ᠶᠢᠨ ︽ᠪᠥᠬᠦ ᠤᠯᠤᠰ ᠤᠨ ᠶᠠᠰᠤ ᠴᠢᠨᠠᠷ ᠤᠨ ᠬᠦᠴᠦᠷᠬᠡᠭ ᠬᠤᠲᠠ ᠶᠢᠨ ᠵᠢᠱᠢᠶ᠎ᠡ | ᠦᠵᠡᠭᠦᠯᠬᠦ ᠬᠤᠲᠠ︾ ᠶᠢ ᠡᠭᠦᠳᠦᠨ ᠪᠠᠶᠢᠭᠤᠯᠬᠤ ᠶᠢ ᠵᠥᠪᠰᠢᠶᠡᠷᠡᠵᠦ᠂ ᠬᠤᠲᠠ ᠶᠢᠨ ᠵᠠᠰᠠᠭ ᠤᠨ ᠣᠷᠳᠣᠨ ᠠᠴᠠ | ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠶᠠᠰᠤ ᠴᠢᠨᠠᠷ ᠤᠨ ᠬᠥᠭᠵᠢᠯᠲᠡ ᠶᠢᠨ ᠠᠵᠢᠯ ᠤᠨ | ᠬᠠᠷᠠᠯᠲᠠ ᠶᠢ ᠰᠢᠯᠭᠠᠨ ᠬᠢᠨᠠᠬᠤ ᠪᠠ ᠶᠡᠷᠦᠩᠬᠡᠶᠢᠯᠡᠨ ᠦᠨᠡᠯᠡᠬᠦ ᠠᠵᠢᠯ ᠢ ᠬᠡᠷᠡᠭᠵᠢᠭᠦᠯᠵᠦ᠂ ᠬᠤᠰᠢᠭᠤ ᠰᠢᠶᠠᠨ | ᠲᠣᠭᠤᠷᠢᠭ ᠲᠤ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ ᠶᠠᠰᠤ ᠴᠢᠨᠠᠷ ᠤᠨ ᠱᠠᠩᠨᠠᠯ ᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢᠨ ᠪᠣᠳᠠᠲᠤ ᠠᠮᠵᠢᠯᠲᠠ ᠶᠢ ᠰᠢᠯᠭᠠᠨ ᠬᠢᠨᠠᠬᠤ ᠳᠤᠮᠳᠠ ᠬᠤᠪᠢ ᠨᠡᠮᠡᠬᠦ | ᠲᠥᠷᠥᠯ ᠵᠦᠢᠯ ᠪᠣᠯᠭᠠᠪᠠ᠃ ᠢᠯᠠᠩᠭᠤᠶ᠎ᠠ ᠡᠨᠡ ᠵᠢᠯ ᠤᠨ ᠨᠢᠭᠡᠳᠦᠭᠡᠷ ᠰᠠᠷ᠎ᠠ ᠳᠤ ᠳᠡᠭᠡᠳᠦ ᠰᠢᠨ᠎ᠡ ᠮᠡᠷᠭᠡᠵᠢᠯ ᠤᠨ | ᠤᠷᠤᠨ ᠤ ᠬᠠᠮᠢᠶᠠᠷᠤᠯᠲᠠ ᠶᠢᠨ ᠵᠥᠪᠯᠡᠯ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ | 20 ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ︽ᠬᠠᠮᠢᠶᠠᠷᠤᠯᠲᠠ ᠶᠢᠨ | ᠵᠥᠪᠯᠡᠯ ᠤᠨ ᠶᠠᠰᠤ ᠴᠢᠨᠠᠷ ᠤᠨ ᠱᠠᠩᠨᠠᠯ︾ ᠣᠯᠤᠭᠰᠠᠨ ᠠᠵᠤ ᠠᠬᠤᠶᠢᠯᠠᠯ ᠳᠤ 10 ᠲᠦᠮᠡᠨ ᠲᠥᠭᠦᠷᠢᠭ ᠤᠨ ᠱᠠᠩᠨᠠᠯ | ᠣᠯᠭᠤᠵᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠳᠤ ︽ᠬᠠᠮᠢᠶᠠᠷᠤᠯᠲᠠ ᠶᠢᠨ ᠵᠥᠪᠯᠡᠯ ᠤᠨ | ᠶᠠᠰᠤ ᠴᠢᠨᠠᠷ ᠤᠨ ᠱᠠᠩᠨᠠᠯ︾ ᠭᠠᠷᠭᠠᠬᠤ ᠲᠤᠯᠭᠠᠮ᠎ᠠ ᠱᠠᠭᠠᠷᠳᠠᠭᠳᠠᠵᠤ ᠪᠠᠶᠢᠨ᠎ᠠ ᠭᠡᠵᠦ ᠲᠣᠳᠣᠷᠬᠠᠶ ᠲᠣᠭᠲᠠᠭᠠᠵᠠᠶ᠃ | ᠬᠤᠶᠠᠷ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠬᠠᠮᠢᠶᠠᠷᠤᠯᠲᠠ ᠶᠢᠨ | ᠵᠥᠪᠯᠡᠯ ᠤᠨ ᠶᠠᠰᠤ ᠴᠢᠨᠠᠷ ᠤᠨ ᠱᠠᠩᠨᠠᠯ︾ ᠤᠨ ᠱᠠᠩᠨᠠᠯ ᠢ ᠲᠤᠬᠢᠷᠠᠭᠤᠯᠬᠤ ᠬᠠᠤᠯᠢ ᠴᠠᠭᠠᠵᠠ ᠪᠠ ᠲᠥᠷᠥ ᠶᠢᠨ | ᠪᠣᠳᠣᠯᠭ᠎ᠠ ᠶᠢᠨ ᠦᠨᠳᠦᠰᠦᠯᠡᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾ | ᠶᠢᠨ ᠵᠢᠷᠭᠤᠳᠤᠭᠠᠷ ᠵᠦᠢᠯ ᠳᠤ᠄ ︽ᠤᠯᠤᠰ ᠠᠴᠠ ᠰᠢᠨᠵᠢᠯᠡᠬᠦ ᠤᠬᠠᠭᠠᠨᠴᠢ ᠶᠠᠰᠤ ᠴᠢᠨᠠᠷ ᠤᠨ ᠬᠠᠮᠢᠶᠠᠷᠤᠯᠲᠠ ᠶᠢᠨ | ᠠᠷᠭ᠎ᠠ ᠶᠢ ᠬᠡᠷᠡᠭᠵᠢᠭᠦᠯᠬᠦ ᠶᠢ ᠵᠣᠷᠢᠭᠵᠢᠭᠤᠯᠵᠤ᠂ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠢ ᠬᠡᠷᠡᠭᠯᠡᠨ᠎ᠡ ᠁ | ᠦᠢᠯᠡᠳᠬᠦᠨ ᠤ ᠶᠠᠰᠤ ᠴᠢᠨᠠᠷ ᠤᠨ ᠬᠠᠮᠢᠶᠠᠷᠤᠯᠲᠠ ᠨᠢ ᠲᠡᠷᠢᠭᠦᠨ ᠤ ᠪᠠ ᠦᠢᠯᠡᠳᠬᠦᠨ ᠤ ᠶᠠᠰᠤ ᠴᠢᠨᠠᠷ ᠨᠢ | ᠳᠡᠯᠡᠬᠡᠶ ᠶᠢᠨ ᠲᠡᠷᠢᠭᠦᠨ ᠤ ᠬᠢᠷᠢ ᠬᠡᠮᠵᠢᠶ᠎ᠡ ᠳᠤ ᠬᠦᠷᠦᠭᠰᠡᠨ᠂ ᠢᠯᠡᠳᠲᠡ ᠠᠮᠵᠢᠯᠲᠠ ᠪᠦᠲᠦᠮᠵᠢ ᠲᠠᠢ ᠨᠢᠭᠡᠴᠡ ᠪᠠ | ᠬᠤᠪᠢ ᠬᠥᠮᠦᠨ ᠢ ᠬᠥᠬᠢᠭᠦᠯᠦᠨ ᠱᠠᠩᠨᠠᠬᠤ ᠬᠡᠷᠡᠭᠲᠡᠶ᠃ | ︽ᠶᠠᠰᠤ ᠴᠢᠨᠠᠷ ᠤᠨ ᠬᠥᠭᠵᠢᠯᠲᠡ ᠶᠢᠨ ᠬᠦᠲᠦᠯᠪᠦᠷᠢ ︵2011 - 2020︶︾ ᠳᠠᠬᠢ ᠲᠠᠪᠤᠳᠤᠭᠠᠷ | ᠵᠣᠷᠪᠤᠰ ᠤᠨ ︽ᠶᠠᠰᠤ ᠴᠢᠨᠠᠷ ᠤᠨ ᠬᠥᠭᠵᠢᠯᠲᠡ ᠶᠢᠨ ᠲᠣᠭᠲᠠᠴᠠ︾ ᠶᠢᠨ ᠳᠥᠷᠪᠡᠳᠦᠭᠡᠷ ᠪᠠᠭ᠎ᠠ ᠴᠡᠭ ᠤᠨ ︽ᠶᠠᠰᠤ | ᠴᠢᠨᠠᠷ ᠤᠨ ᠬᠥᠭᠵᠢᠯᠲᠡ ᠶᠢᠨ ᠤᠷᠮᠠᠰᠢᠭᠤᠯᠬᠤ ᠲᠣᠭᠲᠠᠴᠠ︾ ᠶᠢᠨ ᠰᠢᠨ᠎ᠡ ᠶᠢ ᠡᠭᠦᠳᠬᠦ᠄ ︽ᠤᠯᠤᠰ ᠪᠠ ᠭᠠᠵᠠᠷ | ᠣᠷᠣᠨ ᠤ ᠶᠠᠰᠤ ᠴᠢᠨᠠᠷ ᠤᠨ ᠱᠠᠩᠨᠠᠯ ᠤᠨ ᠲᠦᠷᠢᠮ ᠢ ᠪᠠᠶᠢᠭᠤᠯᠵᠤ᠂ ᠶᠠᠰᠤ ᠴᠢᠨᠠᠷ ᠤᠨ ᠬᠠᠮᠢᠶᠠᠷᠤᠯᠲᠠ ᠨᠢ | ᠲᠡᠷᠢᠭᠦᠨ ᠤ᠂ ᠠᠮᠵᠢᠯᠲᠠ ᠪᠦᠲᠦᠮᠵᠢ ᠪᠠᠷ ᠢᠯᠡᠳᠲᠡ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠬᠥᠬᠢᠭᠦᠯᠦᠨ | ᠱᠠᠩᠨᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠥᠷᠭᠡᠨ ᠣᠯᠠᠨ ᠠᠵᠤ ᠠᠬᠤᠶᠢᠯᠠᠯ ᠪᠠ ᠪᠥᠬᠦ | ᠨᠡᠶᠢᠭᠡᠮ ᠤᠨ ᠶᠠᠰᠤ ᠴᠢᠨᠠᠷ ᠢ ᠴᠢᠬᠤᠯᠠᠴᠢᠯᠠᠬᠤ᠂ ᠦᠨᠡᠨᠴᠢ ᠢᠲᠡᠭᠡᠮᠵᠢ ᠶᠢ ᠡᠷᠬᠢᠮᠯᠡᠬᠦ᠂ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠬᠤ ᠶᠢ ᠵᠣᠷᠢᠭᠵᠢᠭᠤᠯᠤᠨ᠎ᠠ︾ ᠭᠡᠵᠦ ᠳᠤᠷᠠᠳᠪᠠ᠃ | ᠭᠤᠷᠪᠠ᠂ ︽ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠶᠠᠰᠤ ᠴᠢᠨᠠᠷ ᠤᠨ ᠱᠠᠩᠨᠠᠯ︾ | ᠢ ᠪᠠᠶᠢᠭᠤᠯᠬᠤ ᠴᠠᠭ ᠲᠣᠬᠢᠶᠠᠯ ᠪᠠ ᠨᠥᠬᠦᠴᠡᠯ | 2004 ᠣᠨ ᠳᠤ ᠱᠧᠨᠵᠧᠨ ᠬᠤᠲᠠ ᠨᠢ ᠪᠦᠬᠦ ᠤᠯᠤᠰ ᠲᠤ ᠬᠠᠮᠤᠭ ᠤᠨ ᠲᠦᠷᠦᠭᠦᠨ ᠳᠤ ︽ᠬᠤᠲᠠ ᠶᠢᠨ | ᠳᠠᠷᠤᠭ᠎ᠠ ᠶᠢᠨ ᠶᠠᠰᠤ ᠴᠢᠨᠠᠷ ᠤᠨ ᠱᠠᠩᠨᠠᠯ︾ ᠢ ᠪᠠᠶᠢᠭᠤᠯᠤᠭᠰᠠᠨ ᠠᠴᠠ ᠨᠠᠰᠢ᠂ ᠣᠳᠣᠬᠠᠨ ᠳᠤ ᠪᠦᠬᠦ ᠤᠯᠤᠰ ᠲᠤ | ᠨᠢᠭᠡᠨᠲᠡ 21 ᠮᠤᠵᠢ ︵ᠰᠢᠭᠤᠳ ᠬᠠᠷᠢᠶ᠎ᠠ ᠬᠤᠲᠠ︶᠂ 200 ᠭᠠᠷᠤᠶ ᠬᠤᠲᠠ ᠶᠢᠨ 300 ᠭᠠᠷᠤᠶ ᠲᠣᠭᠤᠷᠢᠭ ︵ | ᠬᠤᠰᠢᠭᠤ᠂ ᠰᠢᠶᠠᠨ︶ ᠳᠤ ︽ᠵᠠᠰᠠᠭ ᠤᠨ ᠣᠷᠳᠣᠨ ᠤ ᠶᠠᠰᠤ ᠴᠢᠨᠠᠷ ᠤᠨ ᠱᠠᠩᠨᠠᠯ︾ ᠤᠨ ᠱᠠᠩᠨᠠᠯ ᠭᠠᠷᠭᠠᠭᠰᠠᠨ | ᠪᠠᠶᠢᠨ᠎ᠠ᠃ 2011 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ | ᠠᠩᠬᠠᠳᠤᠭᠠᠷ ᠬᠤᠭᠤᠴᠠᠭᠠᠨ ᠤ︾ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠭᠠᠷᠭᠠᠵᠤ ᠂ 2013 ᠣᠨ ᠤ | 3 ᠰᠠᠷ᠎ᠠ ᠳᠤ ᠤᠯᠤᠰ ᠤᠨ ᠶᠠᠰᠤ ᠴᠢᠨᠠᠷ ᠢ ᠱᠢᠯᠭᠠᠨ ᠪᠠᠢᠴᠠᠭᠠᠬᠤ ᠶᠡᠷᠦᠩᠬᠡᠢ ᠲᠣᠪᠴᠢᠶ᠎ᠠ ᠠᠩᠬᠠᠳᠤᠭᠠᠷ | ᠬᠤᠭᠤᠴᠠᠭᠠᠨ ᠤ ︽ᠳᠤᠮᠳᠠᠳᠤ ᠤᠯᠤᠰ ᠤᠨ ᠶᠠᠰᠤ ᠴᠢᠨᠠᠷ ᠤᠨ ᠱᠠᠩᠨᠠᠯ︾ ᠪᠠᠢᠭᠤᠯᠵᠠᠢ᠃ 2014 ᠣᠨ ᠤ 1 | ᠰᠠᠷ᠎ᠠ ᠳᠤ ᠪᠤᠭᠤᠲᠤ ᠬᠤᠲᠠ ᠶᠢᠨ ᠵᠠᠰᠠᠭ ᠤᠨ ᠣᠷᠳᠣᠨ ᠠᠩᠬᠠᠳᠤᠭᠠᠷ ᠬᠤᠭᠤᠴᠠᠭᠠᠨ ᠤ ︽ᠵᠠᠰᠠᠭ ᠤᠨ ᠣᠷᠳᠣᠨ ᠤ | ᠶᠠᠰᠤ ᠴᠢᠨᠠᠷ ᠤᠨ ᠱᠠᠩᠨᠠᠯ︾ ᠢ ᠪᠠᠢᠭᠤᠯᠪᠠ᠃ 2012 ᠣᠨ ᠤ 9 ᠰᠠᠷ᠎ᠠ ᠳᠤ᠂ ᠬᠤᠪᠣᠷ ᠰᠢᠷᠣᠶ ᠶᠢᠨ ᠳᠡᠭᠡᠳᠦ | ᠰᠢᠨ᠎ᠡ ᠮᠡᠷᠭᠡᠵᠢᠯ ᠤᠨ ᠣᠷᠣᠨ ᠨᠢ ᠤᠯᠤᠰ ᠤᠨ ᠶᠠᠰᠤ ᠴᠢᠨᠠᠷ ᠤᠨ ᠪᠠᠶᠢᠴᠠᠭᠠᠯᠲᠠ ᠶᠢᠨ ᠶᠡᠷᠦᠩᠬᠡᠶ ᠲᠣᠪᠴᠢᠶ᠎ᠠ ᠠᠴᠠ ︽ | ᠪᠥᠬᠦ ᠤᠯᠤᠰ ᠤᠨ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠨᠠᠷᠠᠲᠤ ᠲᠥᠷᠥᠯ | ᠲᠡᠮᠳᠡᠭᠲᠦ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠣᠷᠣᠨ︾ ᠢᠶᠠᠷ ᠨᠡᠷᠡᠶᠢᠳᠦᠭᠳᠡᠪᠡ᠃ 2014 ᠣᠨ ᠤ 3 | ᠳ᠋ᠤᠭᠠᠷ ᠰᠠᠷ᠎ᠠ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠢ ᠥᠪᠡᠷᠲᠡᠭᠡᠨ ᠵᠠᠰᠠᠬᠤ | ᠣᠷᠣᠨ ᠤ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠠᠴᠠ ᠲᠦᠷᠦᠭᠦᠤ ᠪᠦᠯᠦᠭ ᠤᠨ ᠥᠪᠡᠷᠲᠡᠭᠡᠨ | ᠵᠠᠰᠠᠬᠤ ᠣᠷᠣᠨ ᠤ ᠶᠠᠰᠤ ᠴᠢᠨᠠᠷ ᠢᠶᠠᠷ ᠣᠷᠣᠨ ᠢᠶᠠᠨ ᠮᠠᠨᠳᠤᠭᠤᠯᠬᠤ ᠵᠢᠱᠢᠶ᠎ᠡ ᠦᠵᠡᠭᠦᠯᠬᠦ ᠣᠷᠣᠨ ᠤ ᠲᠤᠷᠰᠢᠯᠲᠠ ᠶᠢᠨ | ᠴᠡᠭ ᠤᠨ 6 ᠨᠢᠭᠡᠴᠢ ᠶᠢᠨ ᠨᠢᠭᠡ ᠪᠠᠷ ᠲᠣᠭᠲᠠᠭᠠᠪᠠ᠃ ᠪᠤᠭᠤᠲᠤ ᠬᠤᠲᠠ ᠶᠢᠨ ᠡᠯ᠎ᠡ ᠲᠣᠭᠤᠷᠢᠭ᠂ ᠬᠤᠰᠢᠭᠤ᠂ | ᠰᠢᠶᠠᠨ ᠤ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠶᠢ ᠠᠬᠢᠭᠤᠯᠬᠤ ᠠᠵᠤ ᠠᠬᠤᠶ ᠶᠢᠨ ᠶᠡᠭᠡ | ᠤᠷᠤᠰᠬᠠᠯ ᠤᠨ ᠳᠤᠮᠳᠠ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠤᠷᠤᠨ ᠪᠣᠯᠤᠭᠰᠠᠨ ᠤ ᠬᠤᠪᠢ ᠳᠤ | ᠂ ︽ᠬᠥᠭᠵᠢᠯᠲᠡ ᠶᠢ ᠳᠠᠶᠢᠴᠢᠯᠠᠬᠤ᠂ ᠤᠷᠢᠳᠠᠪᠠᠷ ᠬᠥᠭᠵᠢᠭᠦᠯᠬᠦ︾ ᠰᠡᠳᠬᠢᠴᠡ ᠪᠠᠨ ᠪᠥᠬᠦ ᠬᠦᠴᠦᠨ ᠢᠶᠠᠷ ᠢᠶᠠᠨ | ᠰᠠᠶᠢᠲᠤᠷ ᠪᠠᠳᠠᠷᠠᠭᠤᠯᠵᠤ᠂ ᠡᠨᠡ ᠦᠶ᠎ᠡ ᠳᠤ ︽ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠢᠨ ᠶᠠᠰᠤ ᠴᠢᠨᠠᠷ ᠤᠨ | ᠱᠠᠩᠨᠠᠯ︾ ᠢ ᠲᠣᠭᠲᠠᠭᠠᠬᠤ ᠨᠢ ᠲᠦᠢᠯ ᠤᠨ ᠴᠢᠬᠤᠯᠠ ᠶᠤᠮ᠃ ᠡᠨᠡ ᠨᠢ ᠬᠤᠪᠣᠷ ᠰᠢᠷᠣᠶ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠳᠤ ᠶᠠᠰᠤ ᠴᠢᠨᠠᠷ ᠰᠠᠶᠢᠨ ᠣᠷᠴᠢᠨ ᠲᠣᠭᠤᠷᠢᠨ ᠢ ᠡᠭᠦᠳᠦᠨ ᠪᠠᠶᠢᠭᠤᠯᠵᠤ᠂ ᠰᠢᠨ᠎ᠡ ᠶᠢ | ᠡᠭᠦᠳᠬᠦ ᠥᠭᠡᠷᠡᠴᠢᠯᠡᠯᠲᠡ᠂ ᠶᠠᠰᠤ ᠴᠢᠨᠠᠷ ᠤᠨ ᠳᠡᠭᠡᠭᠰᠢᠯᠡᠯᠲᠡ ᠶᠢ ᠢᠳᠡᠪᠬᠢᠲᠡᠶ ᠠᠬᠢᠭᠤᠯᠬᠤ ᠪᠣᠯᠤᠨ᠎ᠠ᠃ ᠡᠭᠦᠨ ᠤ | ᠬᠠᠮᠳᠤ ᠳᠡᠭᠡᠳᠤ ᠰᠢᠨ᠎ᠡ ᠤᠷᠤᠨ ᠤ ᠬᠤᠳᠠ ᠶᠢᠨ ᠳᠡᠰ᠂ ᠦᠪᠡᠷᠳᠡᠭᠡᠨ ᠵᠠᠰᠠᠬᠤ ᠤᠷᠤᠨ ᠤ ᠳᠡᠰ᠂ ᠤᠯᠤᠰ ᠤᠨ | ᠳᠡᠰ ᠤᠨ ᠶᠠᠰᠤ ᠴᠢᠨᠠᠷ ᠤᠨ ᠱᠠᠩᠨᠠᠯ ᠢ ᠡᠬᠦᠳᠤᠨ ᠪᠠᠶᠢᠭᠤᠯᠬᠤ ᠳᠤ ᠪᠠᠳᠤ ᠪᠠᠬᠢ ᠰᠠᠭᠤᠷᠢ ᠶᠢ ᠳᠠᠯᠪᠢᠵᠠᠢ᠃ |