ᠦ᠋ ᠵᠢᠶᠦ᠋ᠨ ᠵᠢᠶᠦ᠋ᠨ᠄ ︽ᠬᠤᠪᠣᠷ ᠰᠢᠷᠣᠢ ᠶᠢᠨ ᠬᠤᠶᠠᠷ ᠰᠠᠭᠤᠷᠢᠨ ᠭᠠᠵᠠᠷ︾᠎ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠭᠤᠣᠯ ᠰᠡᠳᠦᠪᠲᠦ ᠰᠤᠷᠭᠠᠨ ᠬᠥᠮᠦᠵᠢᠯ ᠢ ᠭᠦᠨᠵᠡᠭᠡᠶᠢᠷᠡᠭᠦᠯᠦᠨ ᠪᠣᠳᠠᠳᠣ ᠠᠵᠢᠯᠯᠠᠭ᠎ᠠ ᠪᠠᠷ ᠦᠷ᠎ᠡ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ
ᠨᠡᠶᠢᠲᠡᠯᠡᠭᠰᠡᠨ ᠴᠠᠭ᠄
2023/12/1
    ᠦ᠋ ᠵᠢᠶᠦ᠋ᠨ ᠵᠢᠶᠦ᠋ᠨ᠄ ︽ᠬᠤᠪᠣᠷ ᠰᠢᠷᠣᠢ ᠶᠢᠨ ᠬᠤᠶᠠᠷ ᠰᠠᠭᠤᠷᠢᠨ ᠭᠠᠵᠠᠷ︾᠎ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠭᠤᠣᠯ ᠰᠡᠳᠦᠪᠲᠦ ᠰᠤᠷᠭᠠᠨ ᠬᠥᠮᠦᠵᠢᠯ ᠢ ᠭᠦᠨᠵᠡᠭᠡᠶᠢᠷᠡᠭᠦᠯᠦᠨ ᠪᠣᠳᠠᠳᠣ ᠠᠵᠢᠯᠯᠠᠭ᠎ᠠ ᠪᠠᠷ ᠦᠷ᠎ᠡ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ                     ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ                      ᠎ ᠤᠨ ᠬᠤᠷᠢᠶ᠎ᠠ ᠶᠢᠨ ᠱᠦᠵᠢ ᠦ᠋ ᠵᠢᠶᠦ᠋ᠨ ᠵᠢᠶᠦ᠋ᠨ     ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ︽ᠬᠤᠪᠣᠷ ᠰᠢᠷᠣᠢ ᠶᠢᠨ ᠬᠤᠶᠠᠷ ᠰᠠᠭᠤᠷᠢᠨ︾᠎ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠺᠠᠳ᠋ᠷ ᠢ ᠠᠬᠢᠭᠤᠯᠬᠤ ᠳᠡᠭᠡᠷ᠎ᠡ ᠬᠦᠴᠦ ᠣᠷᠣᠭᠤᠯᠵᠤ᠂ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃   ᠨᠢᠭᠡ ᠳᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ ᠴᠢᠭᠯᠡᠯ ᠢᠶᠠᠨ ᠲᠣᠳᠣᠷᠬᠠᠶᠢᠯᠠᠨ᠎ᠠ ᠃ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ᠂ ᠨᠣᠮ ᠤᠩᠰᠢᠬᠤ ᠠᠩᠭᠢ᠂ ᠲᠤᠰᠬᠠᠢ ᠰᠡᠳᠦᠪᠲᠦ ᠨᠠᠮ ᠤᠨ ᠬᠢᠴᠢᠶᠡᠯ᠂ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠡᠷᠭᠡ ᠬᠡᠯᠪᠡᠷᠢ ᠵᠢᠴᠢ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾᠂ ︽ᠯᠦ ᠴᠧᠩ ᠤᠨ ᠬᠤᠰᠢᠭᠤᠴᠢ ᠳᠡᠭᠡᠳᠦ ᠰᠤᠷᠭᠠᠭᠤᠯᠢ︾ ᠵᠡᠷᠭᠡ ᠲᠠᠪᠴᠠᠩ ᠢᠶᠠᠷ ᠳᠠᠮᠵᠢᠭᠤᠯᠤᠨ᠂ ᠰᠢ ᠶᠢᠨ ᠫᠢᠩ  ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ  ᠶᠢ ᠭᠦᠨᠵᠡᠭᠡᠢ ᠰᠤᠷᠤᠯᠴᠠᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠤᠳᠤᠷᠢᠳᠬᠤ ᠠᠷᠭ᠎ᠠ  ᠰᠡᠳᠬᠢᠬᠦ ᠠᠷᠭ᠎ᠠ᠂ ᠠᠵᠢᠯᠯᠠᠬᠤ ᠠᠷᠭ᠎ᠠ  ᠶᠢ ᠡᠵᠡᠮᠰᠢᠵᠦ᠂ ᠪᠠᠶᠢᠳᠠᠯ  ᠢ ᠮᠠᠭᠠᠳᠯᠠᠬᠤ᠂ ᠠᠰᠠᠭᠤᠳᠠᠯ  ᠢ ᠰᠤᠳᠤᠯᠬᠤ᠂ ᠠᠰᠠᠭᠤᠳᠠᠯ  ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠳᠡ ᠦᠭᠡᠢ ᠳᠡᠭᠡᠭᠰᠢᠯᠡᠭᠦᠯᠵᠦ᠂ ︽ᠬᠤᠶᠠᠷ ᠬᠤᠪᠣᠷ ᠰᠢᠷᠣᠢ  ᠶᠢᠨ ᠰᠠᠭᠤᠷᠢᠨ︾᠎ ᠢ ᠪᠠᠶᠢᠭᠤᠯᠬᠤ ᠲᠡᠮᠡᠴᠡᠬᠦ ᠬᠠᠷᠠᠯᠲᠠ  ᠶᠢ ᠲᠣᠭᠲᠠᠭᠠᠵᠤ ᠡᠷᠡᠯᠬᠡᠭ ᠢᠶᠠᠷ ᠤᠷᠤᠭᠰᠢᠯᠠᠬᠤ ᠬᠡᠷᠡᠭᠲᠡᠢ᠃     ᠬ᠊‍ᠣᠶᠠᠷ ᠲᠤ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠬᠥᠭᠵᠢᠯᠲᠡ ᠶᠢ ᠠᠬᠢᠭᠤᠯᠬᠤ ᠬᠡᠷᠡᠭᠲᠡᠢ᠃ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾᠎ ᠢ ᠪᠦᠲᠦᠭᠡᠨ ᠪᠠᠶᠢᠭᠤᠯᠬᠤ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠣᠯ ᠭᠤᠣᠯ ᠲᠡᠶᠢᠨ ᠤ ᠲᠠᠯᠠᠪᠤᠷ ᠪᠣᠯᠣᠨ᠎ᠠ᠃ ᠪᠢᠳᠡ ᠢᠮᠠᠭᠲᠠ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠢ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾᠎ ᠢ ᠪᠦᠲᠦᠭᠡᠨ ᠪᠠᠶᠢᠭᠤᠯᠬᠤ ᠭᠤᠣᠯ ᠭᠠᠷᠳᠠᠴᠠ᠂ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠪᠣᠯᠭᠠᠵᠤ᠂ ︽ᠨᠢᠭᠡ ᠵᠢᠯ ᠳᠤ ᠳᠡᠯᠭᠡᠷᠡᠭᠦᠯᠵᠦ᠂ ᠬᠤᠶᠠᠷ ᠵᠢᠯ ᠳᠤ ᠳᠦᠷᠢ ᠲᠥᠷᠬᠦ ᠪᠠᠨ ᠭᠠᠷᠭᠠᠵᠤ᠂ ᠭᠤᠷᠪᠠᠨ ᠵᠢᠯ ᠳᠤ ᠪᠣᠳᠠᠲᠤ ᠦᠷ᠎ᠡ ᠪᠦᠲᠦᠮᠵᠢ ᠣᠯᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ 210 ᠤᠯᠤᠰ ᠤᠨ ᠵᠠᠮ ᠎ ᠠᠴᠠ ᠵᠡᠭᠦᠨᠰᠢᠬᠢ ᠣᠷᠣᠨ ᠪᠦᠰᠡ ᠶᠢᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠ ᠵᠢᠯᠤᠭᠤᠳᠬᠤ ᠭᠠᠵᠠᠷ ᠢ ᠪᠠᠶᠢᠭᠤᠯᠵᠤ᠂ ᠪᠥᠬᠦ ᠣᠷᠣᠨ ᠤ ᠬᠦᠴᠦᠨ ᠢ ᠳᠠᠶᠢᠴᠢᠯᠠᠨ 210 ᠤᠯᠤᠰ ᠤᠨ ᠵᠠᠮ  ᠎ ᠠᠴᠠ ᠵᠡᠭᠦᠨᠰᠢᠬᠢ ᠠᠵᠤ ᠦᠢᠯᠡᠰ ᠤᠨ ᠬᠦᠷᠢᠶᠡᠯᠡᠩ ᠤᠨ ᠬᠡᠷᠡᠭᠯᠡᠬᠦ ᠭᠠᠵᠠᠷ ᠢ ᠲᠠᠲᠠᠪᠤᠷᠢᠯᠠᠨ ᠨᠤᠷᠠᠭᠠᠬᠤ᠂ ᠬᠦᠴᠦᠨ ᠵᠦᠢᠯ ᠢ ᠪᠠᠲᠤᠯᠠᠬᠤ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠠᠵᠢᠯ ᠢ ᠥᠷᠨᠢᠭᠦᠯᠵᠦ᠂ ᠡᠳᠦᠭᠡ ᠨᠢᠭᠡᠨᠲᠡ 2257 ᠮᠦ ᠭᠠᠵᠠᠷ ᠰᠢᠷᠣᠢ ᠶᠢ ᠲᠠᠲᠠᠪᠤᠷᠢᠯᠠᠨ ᠨᠤᠷᠠᠭᠠᠬᠤ ᠡᠭᠦᠷᠭᠡ ᠶᠢ ᠪᠡᠶᠡᠯᠡᠭᠦᠯᠵᠦ᠂ ᠲᠥᠯᠦᠪᠵᠢᠭᠦᠯᠭᠡ ᠠᠴᠠ ᠭᠠᠷᠳᠠᠵᠤ᠂ ᠡᠷᠴᠢᠮᠵᠢᠭᠦᠯᠦᠨ ᠠᠷᠪᠢᠯᠠᠬᠤ ᠵᠠᠷᠴᠢᠮ ᠢ ᠪᠠᠷᠢᠮᠲᠠᠯᠠᠨ᠂ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠪᠡ᠃ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠤᠳᠠᠯᠳᠤᠭᠠᠴᠢᠨ ᠤᠷᠢᠬᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠥᠷᠨᠢᠭᠦᠯᠵᠦ᠂ ᠸᠧ ᠯᠦᠩ᠂ ᠾᠦᠢ ᠴᠤᠸᠠᠨ ᠵᠡᠷᠭᠡ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠬᠠᠷᠠᠯᠲᠠᠲᠤ ᠠᠵᠤ ᠠᠬᠤᠶᠢᠯᠠᠯ ᠢ 200 ᠡᠷᠦᠬᠡ ᠳᠤ ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ 20᠎ ᠠᠴᠠ ᠳᠡᠭᠡᠭᠰᠢ ᠲᠥᠷᠥᠯ ᠵᠦᠢᠯ ᠢ ᠪᠣᠳᠠᠲᠠᠶᠢᠵᠢᠭᠤᠯᠵᠤ᠂ 26  ᠎ ᠠᠴᠠ ᠳᠡᠭᠡᠭᠰᠢ ᠲᠥᠷᠥᠯ ᠵᠦᠢᠯ ᠢ ᠨᠥᠭᠡᠴᠡᠯᠡᠬᠦ ᠶᠢ ᠦᠨᠡᠨᠬᠦ ᠪᠠᠲᠤᠯᠠᠨ᠎ᠠ᠃     ᠭᠤᠷᠪᠠ ᠳᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠰᠢᠨᠲᠠᠷᠠᠰᠢ ᠦᠭᠡᠢ ᠴᠢᠷᠮᠠᠶᠢᠵᠤ ᠪᠠᠶᠢᠭᠠᠳ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠳᠣᠯᠤᠭ᠎ᠠ ᠶᠢ ᠲᠠᠶᠠᠭᠳᠠᠬᠤ︾᠂ ᠬᠤᠲᠠ ᠶᠢᠨ ᠨᠠᠮ ᠤᠨ ᠬᠤᠷᠢᠶ᠎ᠠ ᠶᠢᠨ ︽ᠲᠠᠪᠤ ᠶᠢ ᠢᠯᠠᠨ ᠳᠠᠪᠠᠵᠤ᠂ ᠲᠠᠪᠤ ᠶᠢ ᠪᠤᠶ ᠪᠣᠯᠭᠠᠬᠤ︾ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠮᠡᠳᠡᠬᠦ ᠦᠭᠡᠢ᠂ ᠰᠤᠷᠬᠤ ᠦᠭᠡᠢ᠂ ᠴᠢᠳᠠᠬᠤ ᠦᠭᠡᠢ᠂ ᠵᠢᠷᠦᠬᠡᠰᠢᠶᠡᠬᠦ᠂ ᠬᠢᠬᠦ ᠦᠭᠡᠢ ᠪᠠᠶᠢᠬᠤ ᠠᠰᠠᠭᠤᠳᠠᠯ ᠳᠤ ᠡᠷᠡᠰ ᠴᠣᠬᠢᠯᠲᠠ ᠥᠭᠴᠦ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠮᠠᠨᠳᠤᠭᠤᠯᠵᠤ᠂ ᠦᠨᠡᠨ ᠪᠣᠳᠠᠲᠠᠢ ᠪᠠᠷ ᠬᠦᠨᠳᠡᠵᠤ᠂ ᠠᠵᠤ ᠠᠬᠤᠢ ᠨᠡᠶᠢᠭᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠦᠨᠡᠨ ᠪᠣᠳᠠᠲᠠᠢ ᠪᠠᠷ ᠰᠤᠳᠤᠯᠤᠨ ᠰᠢᠢᠳᠪᠦᠷᠢᠯᠡᠵᠦ᠂ ᠠᠰᠠᠭᠤᠳᠠᠯ ᠢ ᠰᠢᠢᠳᠪᠦᠷᠢᠯᠡᠬᠦ ᠦᠭᠡᠢ ᠪᠣᠯ ᠰᠤᠯᠠᠷᠠᠬᠤ ᠦᠭᠡᠢ᠂ ᠲᠤᠶᠢᠯᠪᠤᠷᠢᠲᠠᠢ ᠰᠢᠢᠳᠪᠦᠷᠢᠯᠡᠬᠦ ᠦᠭᠡᠢ ᠪᠣᠯ ᠵᠣᠷᠢᠭᠲᠠᠢ ᠪᠠᠷ ᠰᠢᠢᠳᠪᠦᠷᠢᠯᠡᠬᠦ ᠦᠭᠡᠢ ᠪᠠᠶᠢᠬᠤ ᠶᠢ ᠪᠡᠶᠡᠯᠡᠭᠦᠯᠵᠦ᠂ ᠠᠵᠢᠯ ᠤᠨ ᠦᠷ᠎ᠡ ᠪᠦᠲᠦᠮᠵᠢ ᠪᠠᠨ ᠪᠣᠳᠠᠲᠠᠢ ᠵᠦᠢᠯᠡᠰ ᠲᠤ ᠦᠨᠡᠨ ᠬᠦ ᠢᠯᠡᠷᠡᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠡᠭᠡᠷ᠎ᠡ ᠢᠯᠡᠷᠡᠭᠦᠯᠵᠦ᠂ ᠬᠥᠭᠵᠢᠯᠲᠡ ᠶᠢᠨ ᠭᠦᠢᠴᠡᠳᠬᠡᠬᠦ ᠲᠤᠭ᠎ᠠ ᠳᠡᠭᠡᠷ᠎ᠡ ᠦᠨᠡᠨ ᠬᠦ ᠢᠯᠡᠷᠡᠭᠦᠯᠬᠦ ᠬᠡᠷᠡᠭᠲᠡᠢ᠃ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾᠎ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠥᠬᠦ ᠤᠯᠤᠰ ᠤᠨ ᠲᠡᠷᠢᠭᠦᠨ ᠲᠠᠰ ᠤᠨ ᠬᠤᠪᠣᠷ ᠰᠢᠷᠣᠢ ᠪᠠᠷ ᠤᠳᠤᠷᠢᠳᠤᠮᠵᠢ ᠪᠣᠯᠭᠠᠭᠰᠠᠨ ᠳᠠᠪᠠᠭᠤᠯᠢᠭ ᠠᠵᠤ ᠦᠢᠯᠡᠰ ᠤᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ︾᠎ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠬᠤᠪᠣᠷ ᠰᠢᠷᠣᠢ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠳᠡᠭᠡᠳᠦ ᠭᠠᠵᠠᠷ᠂ ᠴᠢᠳᠠᠪᠤᠷᠢᠲᠠᠨ ᠤ ᠥᠨᠳᠥᠷ ᠭᠠᠵᠠᠷ᠂ ᠦᠢᠯᠡᠴᠢᠯᠡᠭᠡᠨ ᠤ ᠥᠨᠳᠥᠷ ᠭᠠᠵᠠᠷ ᠢ ᠪᠣᠶ ᠪᠣᠯᠭᠠᠵᠤ᠂ 3 ᠵᠢᠯ ᠤᠨ ᠳᠣᠲᠣᠷ᠎ᠠ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 50 ᠬᠦᠴᠦᠷᠬᠡᠭ ᠲᠤ ᠳᠠᠪᠰᠢᠨ ᠣᠷᠣᠵᠤ᠂ ᠮᠠᠨ ᠤ ᠬᠤᠲᠠ ᠶᠢᠨ ᠬᠤᠪᠣᠷ ᠰᠢᠷᠣᠢ ᠶᠢᠨ ᠠᠵᠤ ᠦᠢᠯᠡᠰ ᠤᠨ ︽ᠳᠡᠯᠡᠬᠡᠢ ᠶᠢᠨ ᠲᠠᠰ ᠤᠨ ᠬᠠᠳᠠᠭᠠᠯᠠᠭᠳᠠᠴᠠ︾  ᠎ ᠠᠴᠠ ︽ᠳᠡᠯᠡᠬᠡᠢ ᠶᠢᠨ ᠲᠠᠰ ᠤᠨ ᠠᠵᠤ ᠦᠢᠯᠡᠰ︾ ᠳᠠᠰᠢ ᠤᠷᠤᠭᠰᠢᠯᠠᠬᠤ ᠶᠢ ᠠᠬᠢᠭᠤᠯᠤᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号