ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ᠄ ᠠᠷᠠᠳ ᠤᠨ ᠲᠥᠯᠥᠭᠡ ᠦᠢᠯᠡᠴᠢᠯᠡᠨ᠎ᠡ᠂ ᠡᠨᠡᠬᠦ ᠨᠡᠶᠢᠭᠡᠮ ᠲᠣᠭᠤᠷᠢᠭ ᠦᠨᠡᠬᠡᠷ ᠭᠤᠶᠤ ᠪᠠᠶᠢᠨ᠎ᠠ
ᠨᠡᠶᠢᠲᠡᠯᠡᠭᠰᠡᠨ ᠴᠠᠭ᠄
2023/12/1
    ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠬᠠᠶᠢᠷ᠎ᠠ ᠲᠠᠢ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ  ᠶᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ ᠰᠠᠶᠢᠨ ᠳᠤᠷ᠎ᠠ ᠶᠢᠨ ᠦᠢᠯᠡᠴᠢᠯᠡᠭᠡᠨ ᠤ ᠣᠶᠢᠯᠠᠭᠠᠭᠳᠠᠬᠤᠨ ᠢ ᠤᠯᠠᠮᠵᠢᠯᠠᠵᠤ᠂ ᠨᠡᠶᠢᠭᠡᠮ ᠣᠷᠣᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠰᠠᠭᠤᠭᠠᠯᠢ ᠠᠷᠠᠳ ᠤᠨ ᠭᠡᠷ ᠪᠦᠯᠢ ᠳᠤ ᠬᠦᠷᠭᠡᠬᠦ ᠶᠢ ᠠᠬᠢᠭᠤᠯᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠪᠣᠯᠣᠨ ᠡᠷᠡᠭᠦᠯ ᠮᠡᠨᠳᠦ ᠶᠢᠨ ᠬᠡᠪ ᠴᠢᠨᠠᠷ ᠢ ᠲᠡᠭᠡᠭᠰᠢᠯᠡᠭᠦᠯᠦᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠮᠢᠨ ᠰᠢᠨ ᠯᠦ ᠵᠡᠭᠡᠯᠢ ᠭᠤᠳᠤᠮᠵᠢ ᠶᠢᠨ ᠭᠠᠯ ᠪᠠᠮᠪᠠᠷ ᠵᠠᠮ ᠤᠨ ᠨᠡᠶᠢᠭᠡᠮ ᠣᠷᠣᠨ ᠤ ᠬᠢᠨ ᠪᠤᠭᠤᠲᠤ ᠶᠢᠨ ᠬᠤᠢ ᠴᠧᠩ ᠲᠠᠷᠢᠬᠢᠨ ᠰᠠᠯᠠᠭ᠎ᠠ ᠶᠢᠨ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠬᠤᠸᠠ ᠢ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠡᠮᠴᠢᠯᠡᠭᠡᠨ ᠤ ᠠᠩᠭᠢ ᠲᠠᠢ ᠬᠠᠮᠲᠤᠷᠠᠨ ︽ᠠᠷᠠᠳ ᠤᠨ ᠲᠥᠯᠥᠭᠡ ᠦᠢᠯᠡᠴᠢᠯᠡᠬᠦ · ᠬᠠᠶᠢᠷ᠎ᠠ ᠬᠠᠯᠠᠮᠵᠢ ᠶᠢᠨ ᠵᠢᠷᠤᠮ ᠤᠨ ᠡᠮᠴᠢᠯᠡᠭᠡ︾᠎ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃
   ᠣᠶᠢᠷ᠎ᠠ ᠳᠤ᠂ ᠭᠠᠯ ᠪᠠᠮᠪᠠᠷ ᠵᠠᠮ ᠤᠨ ᠨᠡᠶᠢᠭᠡᠮ ᠲᠣᠭᠤᠷᠢᠭ᠂ ᠮᠢᠨ ᠰᠢᠨ ᠭᠡᠷ ᠣᠷᠣᠨ ᠨᠡᠶᠢᠭᠡᠮ ᠲᠣᠭᠤᠷᠢᠭ᠂ ᠱᠧᠩ ᠲᠠᠩ ᠵᠠᠮ ᠤᠨ ᠨᠡᠶᠢᠭᠡᠮ ᠲᠣᠭᠤᠷᠢᠭ᠂ ᠷᠦᠩ ᠲᠠᠢ ᠵᠠᠮ ᠤᠨ ᠨᠡᠶᠢᠭᠡᠮ  ᠲᠣᠭᠤᠷᠢᠭ ᠤᠨ ᠣᠯᠠᠨ ᠰᠦᠯᠵᠢᠶᠡᠨ ᠤ ᠠᠵᠢᠯᠲᠠᠨ ᠬᠤᠸᠠ ᠢ ᠶᠢᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠡᠮᠴᠢᠯᠡᠭᠡᠨ ᠤ ᠠᠩᠭᠢ ᠶᠢᠨ ᠭᠡᠰᠢᠭᠦᠳ ᠲᠤ ᠪᠠᠷ᠎ᠠ ᠪᠣᠯᠵᠤ ᠬᠠᠶᠢᠷ᠎ᠠ ᠬᠠᠯᠠᠮᠵᠢ ᠬᠦᠷᠲᠡᠭᠡᠭᠰᠡᠨ ᠪᠠᠶᠢᠨ᠎ᠠ᠃ ᠰᠠᠭᠤᠭᠠᠯᠢ ᠠᠷᠠᠳ ᠤᠨ ᠪᠦᠯᠦᠭᠯᠡᠯ ᠤᠨ ᠳᠠᠮᠵᠢᠭᠤᠯᠤᠨ ᠲᠠᠷᠬᠠᠭᠠᠬᠤ ᠠᠵᠢᠯᠯᠠᠭ᠎ᠠ ᠶᠢᠨ ᠤᠬᠠᠭᠤᠯᠭ᠎ᠠ ᠪᠠᠷ ᠳᠠᠮᠵᠢᠭᠤᠯᠤᠨ᠂ ᠬᠠᠮᠲᠤ ᠪᠠᠷ ᠡᠷᠦᠬᠡ ᠳᠤ ᠬᠦᠷᠴᠦ ᠫᠠᠷᠺᠢᠨᠰᠤᠨ ᠡᠪᠡᠳᠴᠢᠨ ᠲᠠᠢ ᠨᠠᠰᠤᠲᠠᠨ᠂ ᠲᠠᠷᠢᠬᠢᠨ ᠤ ᠰᠠ ᠡᠪᠡᠳᠴᠢᠨ ᠲᠠᠢ ᠬᠡᠦᠬᠡᠳ ᠤᠨ ᠭᠡᠷ ᠪᠦᠯᠢ ᠪᠠ ᠲᠠᠷᠢᠬᠢᠨ ᠤ ᠰᠠ ᠡᠪᠡᠳᠴᠢᠨ ᠲᠠᠢ ᠡᠪᠡᠳᠴᠢᠲᠡᠨ ᠵᠡᠷᠭᠡ ᠰᠠᠭᠤᠭᠠᠯᠢ ᠠᠷᠠᠳ ᠢ ᠰᠤᠷᠪᠤᠯᠵᠢᠯᠠᠨ ᠣᠶᠢᠯᠠᠭᠠᠭᠰᠠᠨ ᠪᠥᠭᠡᠳ ᠰᠠᠭᠤᠭᠠᠯᠢ ᠠᠷᠠᠳ ᠲᠤ ᠪᠠᠰᠠ ᠡᠷᠡᠭᠦᠯ ᠮᠡᠨᠳᠦ ᠶᠢᠨ ᠯᠠᠪᠯᠠᠯᠲᠠ ᠬᠠᠩᠭᠠᠭᠰᠠᠨ ᠪᠠᠶᠢᠨ᠎ᠠ᠃
   ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠡᠮᠵᠢᠨ᠂ ᠰᠠᠶᠢᠨ ᠳᠤᠷ᠎ᠠ ᠶᠢᠨ ᠠᠵᠢᠯᠯᠠᠭᠴᠢᠳ ᠬᠦᠴᠢᠷ ᠪᠡᠷᠬᠡᠰᠢᠶᠡᠯ ᠠᠴᠠ ᠠᠶᠤᠬᠤ ᠦᠭᠡᠢ ᠪᠠᠷ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠢᠷᠭᠡᠳ ᠲᠠᠢ ᠰᠡᠳᠬᠢᠯ ᠵᠢᠷᠦᠬᠡ ᠪᠠᠨ ᠬᠤᠯᠪᠣᠵᠤ᠂ ᠰᠠᠭᠤᠭᠠᠯᠢ ᠠᠷᠠᠳ ᠢ ᠬᠠᠶᠢᠷᠠᠯᠠᠨ ᠬᠠᠯᠠᠮᠵᠢᠯᠠᠬᠤ︾ ᠦᠢᠯᠡᠴᠢᠯᠡᠭᠡᠨ ᠤ ᠵᠣᠷᠢᠯᠲᠠ ᠶᠢ ᠦᠢᠯᠡᠳᠦᠯᠭᠡᠵᠢᠭᠦᠯᠵᠦ᠂ ᠨᠡᠶᠢᠭᠡᠮ ᠣᠷᠣᠨ ᠤ ᠰᠠᠭᠤᠭᠠᠯᠢ ᠠᠷᠠᠳ ᠤᠨ ᠬᠠᠯᠠᠭᠤᠨ ᠬᠦᠷᠢᠶᠡᠯᠡᠯ ᠪᠠ ᠥᠨᠳᠥᠷ ᠦᠨᠡᠯᠡᠯᠲᠡ ᠶᠢ ᠣᠯᠣᠭᠰᠠᠨ ᠪᠠᠶᠢᠨ᠎ᠠ᠃ ᠰᠠᠭᠤᠭᠠᠯᠢ ᠠᠷᠠᠳ ᠢᠯᠡᠷᠬᠡᠶᠢᠯᠡᠬᠦ ᠳᠡᠭᠡᠨ᠂ ᠡᠶᠢᠮᠦᠷᠬᠦ ᠠᠯᠪᠠᠨ ᠵᠢᠷᠤᠮ ᠤᠨ ᠡᠮᠴᠢᠯᠡᠭᠡ ᠨᠢ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠲᠡᠳᠡᠨ ᠳᠤ ᠥᠪᠡᠷ ᠤᠨ ᠡᠷᠡᠭᠦᠯ ᠮᠡᠨᠳᠦ ᠶᠢᠨ ᠪᠠᠶᠢᠳᠠᠯ ᠢᠶᠠᠨ ᠣᠶᠢᠯᠠᠭᠠᠭᠤᠯᠤᠭᠰᠠᠨ ᠪᠥᠭᠡᠳ ᠲᠤᠰᠬᠠᠢ ᠮᠡᠷᠭᠡᠵᠢᠯ ᠤᠨ ᠡᠷᠡᠭᠦᠯ ᠮᠡᠨᠳᠦ ᠶᠢᠨ ᠵᠢᠯᠣᠭᠤᠳᠤᠯᠭ᠎ᠠ ᠬᠦᠷᠲᠡᠭᠡᠭᠰᠡᠨ ᠪᠠᠶᠢᠨ᠎ᠠ ᠭᠡᠵᠡᠢ᠃    ᠵᠠᠯᠭᠠᠭᠠᠳ᠂ ᠭᠠᠯ ᠪᠠᠮᠪᠠᠷ ᠵᠠᠮ ᠤᠨ ᠨᠡᠶᠢᠭᠡᠮ ᠣᠷᠣᠨ ᠤ ᠬᠢᠨ ᠦᠷᠭᠦᠯᠵᠢᠯᠡᠨ ᠬᠠᠶᠢᠷ᠎ᠠ ᠬᠠᠯᠠᠮᠵᠢ ᠬᠦᠷᠭᠡᠬᠦ ᠵᠢᠷᠤᠮ ᠤᠨ ᠡᠮᠴᠢᠯᠡᠭᠡ ᠶᠢ ᠭᠡᠷ ᠲᠤᠨᠢ ᠣᠷᠣᠭᠤᠯᠬᠤ ᠠᠵᠢᠯᠯᠠᠭ᠎ᠠ ᠥᠷᠨᠢᠭᠦᠯᠵᠦ᠂ ᠨᠡᠶᠢᠭᠡᠮ ᠣᠷᠣᠨ ᠤ ᠨᠠᠩ ᠣᠯᠠᠨ ᠰᠠᠭᠤᠭᠠᠯᠢ ᠠᠷᠠᠳ ᠲᠤ ᠴᠢᠨᠠᠷ ᠰᠠᠶᠢᠲᠠᠢ ᠡᠮᠴᠢᠯᠡᠭᠡᠨ ᠤ ᠵᠢᠷᠤᠮ ᠤᠨ ᠡᠮᠴᠢᠯᠡᠭᠡ ᠶᠢᠨ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂ ᠪᠢᠳᠡ ᠪᠠᠰᠠ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠠᠩ ᠣᠯᠠᠨ ᠳᠡᠮᠵᠢᠯᠭᠡ ᠪᠠ ᠡᠬᠢ ᠪᠠᠶᠠᠯᠢᠭ ᠢ ᠲᠡᠮᠡᠴᠡᠨ ᠣᠯᠵᠤ᠂ ᠨᠡᠶᠢᠭᠡᠮ ᠣᠷᠣᠨ ᠤ ᠰᠠᠭᠤᠭᠠᠯᠢ ᠠᠷᠠᠳ ᠲᠤ ᠨᠠᠩ ᠣᠯᠠᠨ ᠬᠠᠶᠢᠷ᠎ᠠ ᠬᠠᠯᠠᠮᠵᠢ ᠪᠠ ᠬᠠᠪᠰᠤᠷᠤᠯᠭ᠎ᠠ ᠬᠠᠩᠭᠠᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号