︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ︽ᠲᠠᠷᠢᠶᠠᠨ ᠭᠠᠵᠠᠷ ᠤᠨ ᠬᠠᠮᠠᠭᠠᠯᠠᠯᠲᠠ ᠶᠢ ᠦᠨᠡᠨ ᠬᠦ ᠴᠢᠩᠭᠠᠳᠬᠠᠵᠤ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠵᠦ ᠠᠰᠢᠭᠯᠠᠬᠤ ᠶᠢ ᠰᠠᠶᠢᠲᠤᠷ ᠠᠳᠬᠤᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2023/12/1
     ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 30᠎ ᠤ ᠴᠠᠭᠢᠯᠭᠠᠨ ᠮᠡᠳᠡᠭᠡ 12 ᠰᠠᠷ᠎ᠠ ᠶᠢᠨ 1᠎ ᠤ ᠡᠳᠦᠷ ᠬᠡᠪᠯᠡᠭᠳᠡᠬᠦ 23 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠲᠠᠷᠢᠶᠠᠨ ᠭᠠᠵᠠᠷ ᠤᠨ ᠬᠠᠮᠠᠭᠠᠯᠠᠯᠲᠠ ᠶᠢ ᠦᠨᠡᠨ ᠬᠦ ᠴᠢᠩᠭᠠᠳᠬᠠᠵᠤ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠵᠦ ᠠᠰᠢᠭᠯᠠᠬᠤ ᠶᠢ ᠰᠠᠶᠢᠲᠤᠷ ᠠᠳᠬᠤᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃      ᠵᠣᠬᠢᠶᠠᠯ ᠳᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠪᠣᠯᠣᠨ ᠲᠤᠯᠭᠠᠮ ᠴᠢᠨᠠᠷ ᠢ ᠭᠦᠨᠵᠡᠭᠡᠢ ᠲᠠᠨᠢᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ︾ ᠮᠥᠨ᠂ ᠲᠠᠷᠢᠶᠠᠨ ᠭᠠᠵᠠᠷ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠠᠮᠢᠨ ᠰᠤᠳᠠᠰᠤ ᠮᠥᠨ᠃ ᠮᠠᠨ ᠤ ᠨᠠᠮ ᠲᠠᠷᠢᠶᠠᠨ ᠭᠠᠵᠠᠷ ᠢ ᠬᠠᠮᠠᠭᠠᠯᠠᠬᠤ ᠠᠰᠠᠭᠤᠳᠠᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠯᠢ ᠤᠯᠠᠨ ᠬᠠᠲᠠᠭᠤ ᠠᠷᠭ᠎ᠠ ᠬᠡᠮᠵᠢᠶ᠎ᠡ ᠶᠢ ᠤᠷᠢᠳ ᠬᠤᠵᠢᠳ ᠬᠡᠷᠡᠭᠵᠢᠭᠦᠯᠵᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠦᠷᠭᠦᠯᠵᠢᠯᠡᠨ ᠪᠠᠭᠤᠷᠠᠬᠤ ᠬᠠᠨᠳᠤᠰᠢ ᠶᠢ ᠠᠩᠬ᠎ᠠ ᠠᠯᠬᠤᠮ ᠬᠤᠷᠢᠭᠯᠠᠪᠠ᠃ ᠡᠭᠦᠨ ᠤ ᠬᠠᠮᠲᠤ᠂ ᠮᠠᠨ ᠤ ᠤᠯᠤᠰ ᠤᠨ ᠬᠥᠮᠥᠨ ᠣᠯᠠᠨ ᠲᠠᠷᠢᠶᠠᠨ ᠭᠠᠵᠠᠷ ᠪᠠᠭ᠎ᠠ ᠪᠠᠶᠢᠭ᠎ᠠ ᠤᠯᠤᠰ ᠤᠨ ᠪᠠᠶᠢᠳᠠᠯ ᠬᠤᠪᠢᠷᠠᠭᠰᠠᠨ ᠦᠭᠡᠢ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠤᠯᠭᠠᠬᠤ︾᠂ ︽ᠠᠮᠤ ᠪᠤᠳᠠᠭᠠᠨ ᠤ ᠪᠤᠰᠤ ᠪᠤᠯᠭᠠᠬᠤ︾ ᠠᠰᠠᠭᠤᠳᠠᠯ ᠮᠥᠨ ᠬᠦ ᠲᠣᠪᠤᠶᠢᠮ᠎ᠠ ᠪᠠᠶᠢᠵᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠬᠤ ᠰᠠᠭᠤᠷᠢ ᠶᠢ ᠬᠠᠷᠠᠬᠠᠨ ᠪᠠᠲᠤᠯᠠᠵᠤ ᠴᠢᠳᠠᠭᠠᠳᠤᠢ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠠᠯ᠎ᠠ ᠪᠠᠷ ᠬᠢ ᠥᠷᠢ ᠰᠢᠷᠢ ᠮᠠᠰᠢ ᠣᠯᠠᠨ ᠪᠠᠶᠢᠬᠤ ᠶᠢ ᠰᠡᠷᠭᠡᠭ ᠢᠶᠠᠷ ᠲᠠᠨᠢᠵᠤ ᠣᠯᠬᠤ ᠬᠡᠷᠡᠭᠲᠡᠢ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠬᠥᠩᠭᠡᠷᠡᠭᠰᠡᠨ ᠦᠭᠡᠢ᠂ ᠬᠠᠷᠢᠨ ᠨᠡᠩ ᠪᠡᠷᠬᠡ ᠬᠠᠲᠠᠭᠤᠵᠢᠯᠲᠠᠢ ᠪᠣᠯᠵᠠᠢ ᠭᠡᠵᠦ ᠴᠢᠬᠤᠯᠠᠴᠢᠯᠠᠪᠠ᠃      ᠵᠣᠬᠢᠶᠠᠯ ᠳᠤ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠶᠡᠷᠦᠩᠬᠡᠢ ᠰᠡᠳᠬᠢᠮᠵᠢ ᠪᠠ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠪᠠ᠃ ᠵᠣᠬᠢᠶᠠᠯ ᠳᠤ᠂ ᠲᠠᠷᠢᠶᠠᠨ ᠭᠠᠵᠠᠷ ᠤᠨ ᠬᠠᠮᠠᠭᠠᠯᠠᠯᠲᠠ ᠪᠣᠯ ᠰᠢᠰᠲ᠋ᠧᠮᠲᠦ ᠢᠨᠵᠧᠨᠧᠷᠢᠩ ᠮᠥᠨ᠂ ᠣᠳᠣᠬᠠᠨ ᠳᠤ᠂ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ᠂ ᠬᠠᠤᠯᠢ ᠬᠡᠷᠡᠭᠵᠢᠭᠦᠯᠦᠯᠲᠡ ᠶᠢ ᠴᠢᠩᠳᠠᠯᠠᠬᠤ᠂ ᠰᠢᠰᠲ᠋ᠧᠮ ᠲᠠᠢ ᠠᠬᠢᠭᠤᠯᠬᠤ᠂ ᠡᠭᠦᠷᠢᠳᠡ ᠦᠷᠭᠦᠯᠵᠢᠯᠡᠨ ᠠᠰᠢᠭᠯᠠᠬᠤ ᠵᠡᠷᠭᠡ ᠴᠢᠬᠤᠯᠠ ᠶᠡᠭᠡ ᠱᠠᠭᠠᠷᠳᠠᠯᠭ᠎ᠠ ᠶᠢ ᠲᠣᠪᠤᠶᠢᠯᠭᠠᠨ ᠰᠠᠶᠢᠲᠤᠷ ᠡᠵᠡᠮᠳᠡᠬᠦ ᠬᠡᠷᠡᠭᠲᠡᠢ ᠭᠡᠵᠦ ᠳᠤᠷᠠᠳᠪᠠ᠃ ᠵᠣᠬᠢᠶᠠᠯ ᠳᠤ᠂ ᠲᠠᠷᠢᠶᠠᠨ ᠭᠠᠵᠠᠷ ᠡᠨᠡ ᠬᠦ ᠠᠮᠢᠨ ᠰᠤᠳᠠᠰᠤ ᠶᠢ ᠪᠠᠲᠤ ᠰᠠᠬᠢᠬᠤ ᠳᠤ ᠡᠷᠬᠡᠪᠰᠢ ᠬᠡᠳᠦᠨ ᠵᠠᠩᠭᠢᠯᠠᠭ᠎ᠠ ᠶᠢᠨ ᠪᠣᠳᠠᠲᠠᠢ ᠠᠷᠭ᠎ᠠ ᠪᠠᠶᠢᠬᠤ ᠬᠡᠷᠡᠭᠲᠡᠢ᠃ ᠨᠢᠭᠡ ᠳᠤ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠰᠢᠨ᠎ᠡ ᠨᠢᠭᠡ ᠡᠭᠡᠯᠵᠢ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠨᠢᠭᠡᠨᠲᠡ ᠡᠯ᠎ᠡ ᠭᠠᠵᠠᠷ ᠤᠨ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠲᠣᠳᠣᠷᠬᠠᠢ ᠲᠣᠭᠲᠠᠭᠠᠭᠰᠠᠨ ᠪᠥᠭᠡᠳ ᠪᠣᠳᠠᠲᠠᠢ ᠳᠤ ᠨᠠᠶᠢᠳᠠᠪᠤᠷᠢᠵᠢᠭᠤᠯᠵᠤ ᠵᠢᠷᠤᠭ ᠲᠥᠯᠥᠪᠯᠡᠭᠡ ᠶᠢ ᠪᠡᠶᠡᠯᠡᠭᠦᠯᠪᠡ᠃ ᠮᠤᠵᠢ ᠶᠢᠨ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ 18 ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠶᠠᠭᠠᠬᠢᠭᠰᠠᠨ ᠴᠤ ᠡᠪᠳᠡᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ᠂ ᠲᠠᠷᠢᠶᠠᠨ ᠭᠠᠵᠠᠷ ᠤᠨ ᠶᠠᠰᠤ ᠴᠢᠨᠠᠷ ᠢ ᠪᠦᠭᠦ ᠬᠦᠴᠦᠨ ᠢᠶᠠᠷ ᠢᠶᠠᠨ ᠳᠡᠭᠡᠭᠰᠢᠯᠡᠭᠦᠯᠭᠦ ᠬᠡᠷᠡᠭᠲᠡᠢ᠃ 15.46 ᠳ᠋ᠦᠩᠰᠢᠭᠤᠷ ᠮᠦ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠦᠨᠡᠨ ᠬᠦ ᠲᠠᠷᠢᠶᠠᠯᠠᠬᠤ ᠳᠤ ᠲᠣᠬᠢᠷᠠᠮᠵᠢᠲᠠᠢ ᠪᠥᠭᠡᠳ ᠭᠠᠩᠳᠠᠵᠤ ᠤᠰᠤᠲᠤᠬᠰᠠᠨ ᠴᠤ ᠬᠤᠷᠢᠶᠠᠯᠲᠠ ᠶᠢ ᠪᠠᠲᠤᠯᠠᠵᠤ ᠴᠢᠳᠠᠬᠤ᠂ ᠥᠨᠳᠥᠷ ᠤᠨᠠᠯᠳᠠ ᠲᠠᠢ ᠤᠨᠠᠯᠳᠠ ᠲᠣᠭᠲᠠᠭᠤᠨ ᠪᠠᠶᠢᠬᠤ ᠣᠳᠣᠬᠢᠴᠢᠯᠠᠭᠰᠠᠨ ᠰᠠᠶᠢᠨ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠬᠠᠤᠯᠢ ᠶᠢ ᠲᠣᠭᠲᠠᠭᠠᠬᠤ ᠶᠢ ᠲᠦᠷᠭᠡᠳᠬᠡᠵᠦ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠭᠦᠴᠢᠯᠵᠢᠭᠰᠡᠨ ᠵᠡᠷᠭᠡ ᠮᠠᠭᠤᠳᠠᠭᠰᠠᠨ ᠲᠠᠷᠢᠶᠠᠨ ᠭᠠᠵᠠᠷ ᠢ ᠵᠠᠰᠠᠬᠤ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠣᠷᠭᠠᠨᠢᠭ ᠢᠶᠠᠷ ᠶᠠᠰᠤ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠬᠦ ᠬᠡᠷᠡᠭᠲᠡᠢ᠃ ᠭᠤᠷᠪᠠ ᠳᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠬᠡᠷᠡᠭᠲᠡᠢ᠃ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠡᠯ᠎ᠡ ᠲᠥᠷᠥᠯ ᠤᠨ ᠠᠵᠢᠯᠯᠠᠭ᠎ᠠ ᠶᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠬᠠᠮᠢᠶᠠᠷᠬᠤ ᠳᠤ ᠨᠢᠭᠡᠳᠦᠯᠲᠡᠢ ᠣᠷᠣᠭᠤᠯᠬᠤ ᠬᠡᠷᠡᠭᠲᠡᠢ᠃ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠳᠦᠷᠢᠮ ᠢ ᠨᠥᠬᠦᠪᠦᠷᠢᠯᠡᠨ ᠲᠡᠭᠦᠯᠳᠡᠷᠵᠢᠭᠦᠯᠬᠦ ᠬᠡᠷᠡᠭᠲᠡᠢ᠃ ᠳᠥᠷᠪᠡ ᠳᠤ᠂ ᠲᠠᠷᠢᠶᠠᠴᠢᠳ ᠪᠣᠯᠣᠨ ᠣᠷᠣᠨ ᠨᠤᠲᠤᠭ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠠᠮᠤ ᠪᠤᠳᠠᠭ᠎ᠠ ᠲᠠᠷᠢᠬᠤ ᠠᠮᠤ ᠪᠤᠳᠠᠭ᠎ᠠ ᠶᠢ ᠴᠢᠬᠤᠯᠠᠴᠢᠯᠠᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠢ᠃ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠤᠯᠠᠨ ᠵᠦᠢᠯ ᠤᠨ ᠭᠡᠯᠪᠡᠷᠢ ᠶᠢᠨ ᠲᠠᠷᠢᠶᠠᠯᠠᠩ ᠤᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠬᠦ ᠬᠡᠷᠡᠭᠲᠡᠢ᠃ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ ᠨᠥᠬᠦᠪᠦᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ᠂ ᠭᠤᠣᠯ ᠪᠣᠷᠤᠯᠠᠭᠤᠯᠭ᠎ᠠ ᠶᠢᠨ ᠣᠷᠣᠨ᠂ ᠦᠢᠯᠡᠳᠪᠦᠷᠢᠯᠡᠯ ᠪᠣᠷᠤᠯᠠᠭᠤᠯᠭ᠎ᠠ ᠲᠡᠩᠴᠡᠭᠦᠷᠢᠲᠡᠢ ᠪᠠᠶᠢᠬᠤ ᠣᠷᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠲᠠᠷᠰᠢᠭᠰᠠᠨ ᠭᠠᠵᠠᠷ ᠢ ᠵᠠᠰᠠᠬᠤ ᠶᠢ ᠴᠢᠩᠭᠠᠳᠬᠠᠵᠤ᠂ ᠰᠠᠭᠤᠷᠢ ᠲᠤᠭ᠎ᠠ ᠶᠢ ᠲᠦᠢᠯᠪᠤᠷᠢᠲᠠᠢ ᠲᠣᠳᠣᠷᠬᠠᠢ ᠣᠶᠢᠯᠠᠭᠠᠵᠤ᠂ ᠠᠲᠠᠷᠰᠢᠭᠰᠠᠨ ᠭᠠᠵᠠᠷ ᠢ ᠠᠰᠢᠭᠯᠠᠬᠤ ᠶᠢ ᠲᠥᠷᠥᠯ ᠬᠤᠪᠢᠶᠠᠨ ᠠᠬᠢᠭᠤᠯᠬᠤ ᠬᠡᠷᠡᠭᠲᠡᠢ᠃ ᠲᠠᠪᠤ ᠳᠤ᠂ ᠡᠯ᠎ᠡ ᠲᠥᠷᠥᠯ ᠤᠨ ᠤᠯᠠᠮᠵᠢᠯᠠᠯᠲᠤ ᠪᠤᠰᠤ ᠲᠠᠷᠢᠶᠠᠨ ᠭᠠᠵᠠᠷ ᠤᠨ ᠡᠬᠢ ᠪᠠᠶᠠᠯᠢᠭ ᠢ ᠢᠳᠡᠪᠬᠢᠲᠡᠢ ᠪᠠᠷ ᠨᠡᠭᠡᠭᠡᠨ ᠬᠥᠭᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠳᠠᠬᠢ ᠪᠡᠯᠡ ᠣᠷᠣᠭᠤᠯᠤᠯᠲᠠ ᠶᠢ ᠴᠢᠩᠭᠠᠳᠬᠠᠵᠤ᠂ ᠪᠦᠲᠦᠮᠵᠢᠲᠡᠢ ᠬᠥᠭᠵᠢᠯᠲᠡ ᠶᠢᠨ ᠵᠠᠭᠪᠤᠷ ᠢ ᠰᠦᠪᠡᠭᠴᠢᠯᠡᠵᠦ᠂ ︽ᠲᠠᠷᠢᠶᠠᠨ ᠭᠠᠵᠠᠷ ᠤᠨ ᠠᠮᠤ ᠪᠤᠳᠠᠭ᠎ᠠ ᠦᠢᠯᠡᠳᠪᠦᠷᠢᠯᠡᠬᠦ ᠴᠢᠳᠠᠪᠤᠷᠢ ᠶᠢ ᠪᠠᠲᠤᠯᠠᠬᠤ︾ ᠪᠠ ︽ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ︾᠎ ᠶᠢ ᠤᠶᠠᠯᠳᠤᠭᠤᠯᠵᠤ᠂ ᠡᠯ᠎ᠡ ᠲᠦᠷᠦᠯ ᠤᠨ ᠤᠯᠠᠮᠵᠢᠯᠠᠯᠲᠤ ᠪᠤᠰᠤ ᠲᠠᠷᠢᠶᠠᠨ ᠭᠠᠵᠠᠷ ᠤᠨ ᠡᠬᠢ ᠪᠠᠶᠠᠯᠢᠭ ᠢ ᠠᠰᠢᠭᠯᠠᠨ ᠲᠠᠷᠢᠶᠠᠯᠠᠩ ᠤᠨ ᠦᠢᠯᠡᠳᠪᠦᠷᠢᠯᠡᠯ ᠬᠢᠬᠦ ᠬᠡᠷᠡᠭᠲᠡᠢ᠃ ᠲᠠᠷᠢᠶᠠᠨ ᠭᠠᠵᠠᠷ ᠢ ᠬᠠᠮᠠᠭᠠᠯᠠᠬᠤ ᠳᠤ ᠬᠠᠤᠯᠢ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠂ ᠭᠡᠪᠡᠴᠦ ᠵᠥᠪ ᠪᠤᠷᠤᠭᠤ ᠶᠢ ᠢᠯᠭᠠᠬᠤ ᠦᠭᠡᠢ᠂ ᠠᠬᠢᠨ ᠳᠠᠭᠢᠨ ᠬᠤᠪᠢᠷᠠᠭᠤᠯᠵᠤ ᠪᠤᠯᠬᠤ ᠦᠭᠡᠢ᠃ ᠦᠨᠡᠨ ᠠᠴᠠ ᠵᠥᠪ ᠢ ᠡᠷᠢᠵᠦ᠂ ᠵᠢᠮ᠎ᠡ ᠶᠣᠰᠣ ᠶᠢ ᠭᠦᠨᠳᠦᠳᠭᠡᠵᠦ᠂ ᠲᠠᠷᠢᠶᠠᠴᠢᠳ ᠤᠨ ᠠᠰᠢᠭ ᠲᠤᠰᠠ ᠶᠢ ᠬᠠᠮᠠᠭᠠᠯᠠᠵᠤ᠂ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ᠰᠢᠯᠵᠢᠯᠲᠡ ᠶᠢᠨ ᠬᠤᠭᠤᠴᠠᠭ᠎ᠠ ᠶᠢ ᠵᠣᠬᠢᠰᠲᠠᠢ ᠦᠯᠡᠳᠡᠭᠡᠵᠦ᠂ ᠠᠯᠬᠤᠮ ᠲᠠᠷᠠᠭ᠎ᠠ ᠲᠠᠢ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠵᠣᠬᠢᠶᠠᠯ ᠳᠤ᠂ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠨ ᠠᠰᠢᠭᠯᠠᠬᠤ ᠶᠢ ᠰᠠᠶᠢᠲᠤᠷ ᠠᠳᠬᠤᠬᠤ ᠬᠡᠷᠡᠭᠲᠡᠢ ᠃ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠵᠦ ᠠᠰᠢᠭᠯᠠᠬᠤ ᠪᠣᠯ ᠲᠠᠷᠢᠶᠠᠨ ᠭᠠᠵᠠᠷ ᠢ ᠬᠠᠮᠠᠭᠠᠯᠠᠬᠤ ᠪᠠ ᠰᠠᠶᠢᠵᠢᠷᠠᠭᠤᠯᠬᠤ ᠶᠢᠨ ᠴᠢᠬᠤᠯᠠ ᠲᠠᠯ᠎ᠠ ᠪᠣᠯᠣᠨ᠎ᠠ᠃ ᠮᠠᠨ ᠤ ᠤᠯᠤᠰ ᠤᠨ ᠬᠤᠵᠢᠷᠯᠢᠭ ᠭᠠᠵᠠᠷ ᠤᠯᠠᠨ᠂ ᠬᠡᠰᠡᠭ ᠭᠠᠵᠠᠷ ᠣᠷᠣᠨ ᠤ ᠲᠠᠷᠢᠶᠠᠨ ᠭᠠᠵᠠᠷ ᠤᠨ ᠬᠤᠵᠢᠷᠰᠢᠬᠤ ᠬᠠᠨᠳᠤᠰᠢ ᠰᠢᠷᠦᠭᠦᠰᠴᠦ᠂ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠨ ᠠᠰᠢᠭᠯᠠᠬᠤ ᠶᠢ ᠥᠷᠨᠢᠭᠦᠯᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠃ ᠬᠤᠵᠢᠷᠯᠢᠭ ᠭᠠᠵᠠᠷ ᠢ ᠨᠡᠭᠡᠭᠡᠨ ᠠᠰᠢᠭᠯᠠᠬᠤ ᠳᠠᠯᠳᠠ ᠬᠦᠴᠦᠨ ᠢ ᠭᠦᠢᠴᠡᠳ ᠠᠭᠤᠳᠠᠯᠵᠤ᠂ ᠣᠲᠣ ᠶᠢᠨ ᠪᠠᠶᠢᠭ᠎ᠠ ᠬᠤᠵᠢᠷᠯᠢᠭ ᠲᠠᠷᠢᠶᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠬᠤᠵᠢᠷᠰᠢᠬᠤ ᠬᠠᠨᠳᠤᠰᠢ ᠶᠢ ᠪᠦᠲᠦᠮᠵᠢᠲᠡᠶ ᠬᠤᠷᠢᠭᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠣᠷᠣᠨ ᠵᠠᠢ ᠶᠢ ᠲᠣᠭᠲᠠᠭᠤᠨ ᠢᠶᠠᠷ ᠥᠷᠭᠡᠳᠬᠡᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠬᠤᠵᠢᠷᠯᠢᠭ ᠭᠠᠵᠠᠷ ᠤᠨ ᠣᠨᠴᠠᠯᠢᠭᠲᠤ ᠲᠠᠷᠢᠶᠠᠯᠠᠩ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠬᠡᠳᠦᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠄ ᠨᠢᠭᠡ ᠳᠤ᠂ ᠬᠤᠵᠢᠷᠯᠢᠭ ᠭᠠᠵᠠᠷ ᠤᠨ ᠡᠬᠢ ᠪᠠᠶᠠᠯᠢᠭ ᠤᠨ ᠪᠠᠶᠢᠳᠠᠯ ᠢ ᠪᠦᠭᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠰᠠᠭᠤᠷᠢ ᠠᠵᠢᠯ ᠢ ᠯᠠᠪᠳᠠᠭᠤᠨ ᠪᠠᠲᠤᠲᠠᠢ ᠬᠢᠬᠦ ᠬᠡᠷᠡᠭᠲᠡᠢ᠃ ᠬᠤᠶᠠᠷ ᠲᠤ᠂ ᠦᠵᠦ ᠲᠥᠯᠥᠪᠯᠡᠭᠡ ᠶᠢ ᠰᠠᠶᠢᠲᠤᠷ ᠬᠢᠵᠦ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠡᠷᠦᠩᠬᠡᠢ ᠲᠥᠯᠦᠪᠵᠢᠭᠦᠯᠭᠡ ᠪᠠ ᠲᠤᠰᠬᠠᠢ ᠬᠡᠷᠡᠭᠵᠢᠭᠦᠯᠬᠦ ᠲᠥᠰᠥᠯ ᠢ ᠰᠤᠳᠤᠯᠤᠨ ᠨᠠᠶᠢᠷᠠᠭᠤᠯᠤᠨ ᠵᠣᠬᠢᠶᠠᠬᠤ ᠬᠡᠷᠡᠭᠲᠡᠢ᠃ ᠭᠤᠷᠪᠠ ᠳᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠣᠷᠣᠨ ᠬᠤᠪᠢᠶᠠᠨ ᠲᠥᠷᠥᠯ ᠬᠤᠪᠢᠶᠠᠨ ᠬᠤᠵᠢᠷᠯᠢᠭ ᠲᠠᠷᠢᠶᠠᠨ ᠭᠠᠵᠠᠷ ᠢ ᠵᠠᠰᠠᠨ ᠰᠠᠶᠢᠵᠢᠷᠠᠭᠤᠯᠬᠤ ᠠᠵᠢᠯ ᠢ ᠥᠷᠨᠢᠭᠦᠯᠬᠦ ᠬᠡᠷᠡᠭᠲᠡᠢ᠃ ᠳᠥᠷᠪᠡ ᠳᠤ᠂ ᠠᠮᠤ ᠪᠤᠳᠠᠭ᠎ᠠ ᠠᠵᠤ ᠠᠬᠤᠢ ᠶᠢᠨ ᠲᠠᠷᠢᠮᠠᠯ ᠲᠡᠵᠢᠭᠡᠯ ᠪᠣᠷᠳᠤᠭ᠎ᠠ ᠶᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠤᠵᠢᠷᠯᠢᠭ ᠭᠠᠵᠠᠷ ᠢ ᠠᠰᠢᠭᠯᠠᠵᠤ᠂ ᠡᠯ᠎ᠡ ᠲᠥᠷᠥᠯ ᠤᠨ ᠬᠤᠵᠢᠷᠯᠢᠭ ᠭᠠᠵᠠᠷ ᠤᠨ ᠡᠬᠢ ᠪᠠᠶᠠᠯᠢᠭ ᠠᠴᠠ ᠬᠤᠷᠢᠶᠠᠯᠲᠠ ᠣᠯᠬᠤ ᠬᠡᠷᠡᠭᠲᠡᠢ᠃ ᠲᠠᠪᠤ ᠳᠤ᠂ ︽ᠲᠠᠷᠢᠶᠠᠨ ᠭᠠᠵᠠᠷ ᠲᠤ ᠲᠣᠬᠢᠷᠠᠭᠤᠯᠤᠨ ᠲᠠᠷᠢᠬᠤ︾ ᠪᠠ ︽ᠲᠠᠷᠢᠶᠠᠨ ᠭᠠᠵᠠᠷ ᠢ ᠲᠠᠷᠢᠬᠤ ᠳᠤ ᠲᠣᠬᠢᠷᠠᠮᠵᠢᠲᠠᠢ ᠪᠤᠯᠭᠠᠬᠤ︾᠎ ᠶᠢ ᠬᠠᠷᠢᠯᠴᠠᠨ ᠤᠶᠠᠯᠳᠤᠭᠤᠯᠵᠤ᠂ ᠬᠤᠵᠢᠷ ᠲᠤ ᠲᠡᠰᠪᠦᠷᠢᠲᠡᠢ ᠣᠨᠴᠠᠯᠢᠭᠲᠤ ᠡᠭᠦᠯᠳᠡᠷ ᠢ ᠰᠣᠩᠭᠤᠨ ᠪᠤᠶᠢᠵᠢᠭᠤᠯᠬᠤ ᠶᠢ ᠲᠦᠷᠭᠡᠳᠬᠡᠵᠦ᠂ ᠬᠤᠵᠢᠷᠯᠢᠭ ᠭᠠᠵᠠᠷ ᠢ ᠵᠠᠰᠠᠨ ᠰᠠᠶᠢᠵᠢᠷᠠᠭᠤᠯᠬᠤ ᠪᠦᠲᠦᠮᠵᠢᠲᠡᠶ ᠠᠷᠭ᠎ᠠ ᠬᠢᠳᠡᠯ ᠢ ᠶᠡᠬᠡᠪᠡᠷ ᠳᠡᠯᠭᠡᠷᠡᠭᠦᠯᠬᠦ ᠬᠡᠷᠡᠭᠲᠡᠢ᠃ ᠵᠢᠷᠭᠤᠭ᠎ᠠ ᠳᠤ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠳᠡᠮᠵᠢᠬᠦ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠪᠡᠯᠡ ᠮᠥᠩᠭᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号