ᠦ᠋ ᠵᠢᠶᠦ᠋ᠨ ᠵᠢᠶᠦ᠋ᠨ᠄ ︽ᠬᠤᠪᠣᠷ ᠰᠢᠷᠣᠢ ᠶᠢᠨ ᠬᠤᠶᠠᠷ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ ᠭᠤᠣᠯ ᠰᠡᠳᠦᠪᠲᠦ ᠰᠤᠷᠭᠠᠨ ᠬᠥᠮᠦᠵᠢᠯ ᠢ ᠭᠦᠨᠵᠡᠭᠡᠶᠢᠷᠡᠭᠦᠯᠦᠨ ᠪᠣᠳᠠᠳᠣ ᠠᠵᠢᠯᠯᠠᠭ᠎ᠠ ᠪᠠᠷ | ᠦᠷ᠎ᠡ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ | ᠤᠨ ᠬᠤᠷᠢᠶ᠎ᠠ ᠶᠢᠨ ᠱᠦᠵᠢ ᠦ᠋ ᠵᠢᠶᠦ᠋ᠨ ᠵᠢᠶᠦ᠋ᠨ | | | ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠦᠵᠡᠯ ᠰᠠᠨᠠᠭ᠎ᠠ ᠶᠢ ᠰᠤᠷᠤᠯᠴᠠᠬᠤ᠂ | ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ | ᠱᠠᠭᠠᠷᠳᠠᠯᠭ᠎ᠠ ᠶᠢ ᠪᠠᠲᠤ ᠡᠵᠡᠮᠳᠡᠵᠦ᠂ ︽ᠬᠤᠪᠣᠷ ᠰᠢᠷᠣᠢ ᠶᠢᠨ ᠬᠤᠶᠠᠷ ᠰᠠᠭᠤᠷᠢᠨ︾ ᠢ ᠪᠠᠶᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ | ᠨᠡᠮᠡᠭᠳᠡᠭᠦᠯᠬᠦ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠺᠠᠳ᠋ᠷ ᠢ ᠠᠬᠢᠭᠤᠯᠬᠤ ᠳᠡᠭᠡᠷ᠎ᠡ ᠬᠦᠴᠦ | ᠣᠷᠣᠭᠤᠯᠵᠤ᠂ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠪᠠᠷ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ᠃ | ᠨᠢᠭᠡ ᠳᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ ᠴᠢᠭᠯᠡᠯ ᠢᠶᠠᠨ | ᠲᠣᠳᠣᠷᠬᠠᠶᠢᠯᠠᠨ᠎ᠠ ᠃ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ᠂ ᠨᠣᠮ | ᠤᠩᠰᠢᠬᠤ ᠠᠩᠭᠢ᠂ ᠲᠤᠰᠬᠠᠢ ᠰᠡᠳᠦᠪᠲᠦ ᠨᠠᠮ ᠤᠨ ᠬᠢᠴᠢᠶᠡᠯ᠂ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ ᠬᠢᠴᠢᠶᠡᠯ︾ | ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠡᠷᠭᠡ ᠬᠡᠯᠪᠡᠷᠢ ᠵᠢᠴᠢ ︽ᠰᠤᠷᠤᠯᠴᠠᠯᠭ᠎ᠠ ᠪᠠᠷ ᠤᠯᠤᠰ ᠢᠶᠠᠨ | ᠬᠦᠴᠦᠷᠬᠡᠭᠵᠢᠭᠦᠯᠬᠦ︾᠂ ︽ᠯᠦ ᠴᠧᠩ ᠤᠨ ᠬᠤᠰᠢᠭᠤᠴᠢ ᠳᠡᠭᠡᠳᠦ ᠰᠤᠷᠭᠠᠭᠤᠯᠢ︾ ᠵᠡᠷᠭᠡ ᠲᠠᠪᠴᠠᠩ ᠢᠶᠠᠷ ᠳᠠᠮᠵᠢᠭᠤᠯᠤᠨ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠤᠳᠤᠷᠢᠳᠬᠤ ᠠᠷᠭ᠎ᠠ ᠰᠡᠳᠬᠢᠬᠦ ᠠᠷᠭ᠎ᠠ᠂ | ᠠᠵᠢᠯᠯᠠᠬᠤ ᠠᠷᠭ᠎ᠠ ᠶᠢ ᠡᠵᠡᠮᠰᠢᠵᠦ᠂ ᠪᠠᠶᠢᠳᠠᠯ ᠢ ᠮᠠᠭᠠᠳᠯᠠᠬᠤ᠂ ᠠᠰᠠᠭᠤᠳᠠᠯ ᠢ ᠰᠤᠳᠤᠯᠬᠤ᠂ ᠠᠰᠠᠭᠤᠳᠠᠯ ᠢ | ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠳᠡ ᠦᠭᠡᠢ ᠳᠡᠭᠡᠭᠰᠢᠯᠡᠭᠦᠯᠵᠦ᠂ ︽ᠬᠤᠶᠠᠷ ᠬᠤᠪᠣᠷ ᠰᠢᠷᠣᠢ ᠶᠢᠨ ᠰᠠᠭᠤᠷᠢᠨ︾ ᠢ | ᠪᠠᠶᠢᠭᠤᠯᠬᠤ ᠲᠡᠮᠡᠴᠡᠬᠦ ᠬᠠᠷᠠᠯᠲᠠ ᠶᠢ ᠲᠣᠭᠲᠠᠭᠠᠵᠤ ᠡᠷᠡᠯᠬᠡᠭ ᠢᠶᠠᠷ ᠤᠷᠤᠭᠰᠢᠯᠠᠬᠤ ᠬᠡᠷᠡᠭᠲᠡᠢ᠃ | ᠬ᠊ᠣᠶᠠᠷ ᠲᠤ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ | ᠬᠥᠭᠵᠢᠯᠲᠡ ᠶᠢ ᠠᠬᠢᠭᠤᠯᠬᠤ ᠬᠡᠷᠡᠭᠲᠡᠢ᠃ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠢ ᠪᠦᠲᠦᠭᠡᠨ | ᠪᠠᠶᠢᠭᠤᠯᠬᠤ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠣᠯ ᠭᠤᠣᠯ ᠲᠡᠶᠢᠨ ᠤ ᠲᠠᠯᠠᠪᠤᠷ ᠪᠣᠯᠣᠨ᠎ᠠ᠃ | ᠪᠢᠳᠡ ᠢᠮᠠᠭᠲᠠ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠢ | ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠭᠤᠣᠯ ᠭᠠᠷᠳᠠᠴᠠ᠂ ᠪᠡᠯᠭᠡ ᠲᠡᠮᠳᠡᠭ ᠤᠨ | ᠴᠢᠨᠠᠷᠲᠠᠢ ᠢᠨᠵᠧᠨᠧᠷᠢᠩ ᠪᠣᠯᠭᠠᠵᠤ᠂ ︽ᠨᠢᠭᠡ ᠵᠢᠯ ᠳᠤ ᠳᠡᠯᠭᠡᠷᠡᠭᠦᠯᠵᠦ᠂ ᠬᠤᠶᠠᠷ ᠵᠢᠯ ᠳᠤ ᠳᠦᠷᠢ ᠲᠥᠷᠬᠦ ᠪᠠᠨ ᠭᠠᠷᠭᠠᠵᠤ᠂ | ᠭᠤᠷᠪᠠᠨ ᠵᠢᠯ ᠳᠤ ᠪᠣᠳᠠᠲᠤ ᠦᠷ᠎ᠡ ᠪᠦᠲᠦᠮᠵᠢ ᠣᠯᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ 210 ᠤᠯᠤᠰ ᠤᠨ ᠵᠠᠮ | ᠠᠴᠠ ᠵᠡᠭᠦᠨᠰᠢᠬᠢ ᠣᠷᠣᠨ ᠪᠦᠰᠡ ᠶᠢᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠪᠠ ᠵᠢᠯᠤᠭᠤᠳᠬᠤ ᠭᠠᠵᠠᠷ ᠢ ᠪᠠᠶᠢᠭᠤᠯᠵᠤ᠂ ᠪᠥᠬᠦ ᠣᠷᠣᠨ ᠤ ᠬᠦᠴᠦᠨ ᠢ ᠳᠠᠶᠢᠴᠢᠯᠠᠨ 210 ᠤᠯᠤᠰ ᠤᠨ | ᠵᠠᠮ ᠠᠴᠠ ᠵᠡᠭᠦᠨᠰᠢᠬᠢ ᠠᠵᠤ ᠦᠢᠯᠡᠰ ᠤᠨ ᠬᠦᠷᠢᠶᠡᠯᠡᠩ ᠤᠨ ᠬᠡᠷᠡᠭᠯᠡᠬᠦ ᠭᠠᠵᠠᠷ ᠢ ᠲᠠᠲᠠᠪᠤᠷᠢᠯᠠᠨ ᠨᠤᠷᠠᠭᠠᠬᠤ᠂ ᠬᠦᠴᠦᠨ | ᠵᠦᠢᠯ ᠢ ᠪᠠᠲᠤᠯᠠᠬᠤ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠠᠵᠢᠯ ᠢ ᠥᠷᠨᠢᠭᠦᠯᠵᠦ᠂ ᠡᠳᠦᠭᠡ ᠨᠢᠭᠡᠨᠲᠡ | 2257 ᠮᠦ ᠭᠠᠵᠠᠷ ᠰᠢᠷᠣᠢ ᠶᠢ ᠲᠠᠲᠠᠪᠤᠷᠢᠯᠠᠨ ᠨᠤᠷᠠᠭᠠᠬᠤ ᠡᠭᠦᠷᠭᠡ ᠶᠢ ᠪᠡᠶᠡᠯᠡᠭᠦᠯᠵᠦ᠂ ᠲᠥᠯᠦᠪᠵᠢᠭᠦᠯᠭᠡ ᠠᠴᠠ ᠭᠠᠷᠳᠠᠵᠤ᠂ | ᠡᠷᠴᠢᠮᠵᠢᠭᠦᠯᠦᠨ ᠠᠷᠪᠢᠯᠠᠬᠤ ᠵᠠᠷᠴᠢᠮ ᠢ ᠪᠠᠷᠢᠮᠲᠠᠯᠠᠨ᠂ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ ᠠᠰᠢᠭ ᠢ | ᠳᠡᠭᠡᠭᠰᠢᠯᠡᠭᠦᠯᠪᠡ᠃ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ | ᠬᠤᠳᠠᠯᠳᠤᠭᠠᠴᠢᠨ ᠤᠷᠢᠬᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠥᠷᠨᠢᠭᠦᠯᠵᠦ᠂ ᠸᠧ ᠯᠦᠩ᠂ | ᠾᠦᠢ ᠴᠤᠸᠠᠨ ᠵᠡᠷᠭᠡ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠬᠠᠷᠠᠯᠲᠠᠲᠤ ᠠᠵᠤ | ᠠᠬᠤᠶᠢᠯᠠᠯ ᠢ 200 ᠡᠷᠦᠬᠡ ᠳᠤ ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ 20 ᠠᠴᠠ ᠳᠡᠭᠡᠭᠰᠢ ᠲᠥᠷᠥᠯ ᠵᠦᠢᠯ ᠢ | ᠪᠣᠳᠠᠲᠠᠶᠢᠵᠢᠭᠤᠯᠵᠤ᠂ 26 ᠠᠴᠠ ᠳᠡᠭᠡᠭᠰᠢ ᠲᠥᠷᠥᠯ ᠵᠦᠢᠯ ᠢ ᠨᠥᠭᠡᠴᠡᠯᠡᠬᠦ ᠶᠢ ᠦᠨᠡᠨᠬᠦ ᠪᠠᠲᠤᠯᠠᠨ᠎ᠠ᠃ | ᠭᠤᠷᠪᠠ ᠳᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠰᠢᠨᠲᠠᠷᠠᠰᠢ ᠦᠭᠡᠢ ᠴᠢᠷᠮᠠᠶᠢᠵᠤ ᠪᠠᠶᠢᠭᠠᠳ ᠰᠢᠨ᠎ᠡ | ᠭᠠᠪᠢᠶ᠎ᠠ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠳᠣᠯᠤᠭ᠎ᠠ ᠶᠢ ᠲᠠᠶᠠᠭᠳᠠᠬᠤ︾ | ᠂ ᠬᠤᠲᠠ ᠶᠢᠨ ᠨᠠᠮ ᠤᠨ ᠬᠤᠷᠢᠶ᠎ᠠ ᠶᠢᠨ ︽ᠲᠠᠪᠤ ᠶᠢ ᠢᠯᠠᠨ ᠳᠠᠪᠠᠵᠤ᠂ ᠲᠠᠪᠤ ᠶᠢ ᠪᠤᠶ ᠪᠣᠯᠭᠠᠬᠤ︾ ᠠᠵᠢᠯ ᠤᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ | ︽ᠤᠳᠠᠭᠠᠨ᠂ ᠪᠦᠳᠦᠭᠦᠯᠢᠭ᠂ ᠬᠡᠶᠢᠰᠪᠦᠷᠢ︾ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ | ᠰᠠᠶᠢᠲᠤᠷ ᠠᠳᠬᠤᠵᠤ᠂ ᠮᠡᠳᠡᠬᠦ ᠦᠭᠡᠢ᠂ ᠰᠤᠷᠬᠤ ᠦᠭᠡᠢ᠂ ᠴᠢᠳᠠᠬᠤ ᠦᠭᠡᠢ᠂ ᠵᠢᠷᠦᠬᠡᠰᠢᠶᠡᠬᠦ᠂ ᠬᠢᠬᠦ ᠦᠭᠡᠢ ᠪᠠᠶᠢᠬᠤ | ᠠᠰᠠᠭᠤᠳᠠᠯ ᠳᠤ ᠡᠷᠡᠰ ᠴᠣᠬᠢᠯᠲᠠ ᠥᠭᠴᠦ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠮᠠᠨᠳᠤᠭᠤᠯᠵᠤ᠂ ᠦᠨᠡᠨ | ᠪᠣᠳᠠᠲᠠᠢ ᠪᠠᠷ ᠬᠦᠨᠳᠡᠵᠤ᠂ ᠠᠵᠤ ᠠᠬᠤᠢ ᠨᠡᠶᠢᠭᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ | ᠲᠠᠯ᠎ᠠ ᠪᠠᠷ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠦᠨᠡᠨ ᠪᠣᠳᠠᠲᠠᠢ ᠪᠠᠷ ᠰᠤᠳᠤᠯᠤᠨ ᠰᠢᠢᠳᠪᠦᠷᠢᠯᠡᠵᠦ᠂ | ᠠᠰᠠᠭᠤᠳᠠᠯ ᠢ ᠰᠢᠢᠳᠪᠦᠷᠢᠯᠡᠬᠦ ᠦᠭᠡᠢ ᠪᠣᠯ ᠰᠤᠯᠠᠷᠠᠬᠤ ᠦᠭᠡᠢ᠂ ᠲᠤᠶᠢᠯᠪᠤᠷᠢᠲᠠᠢ ᠰᠢᠢᠳᠪᠦᠷᠢᠯᠡᠬᠦ ᠦᠭᠡᠢ ᠪᠣᠯ ᠵᠣᠷᠢᠭᠲᠠᠢ ᠪᠠᠷ | ᠰᠢᠢᠳᠪᠦᠷᠢᠯᠡᠬᠦ ᠦᠭᠡᠢ ᠪᠠᠶᠢᠬᠤ ᠶᠢ ᠪᠡᠶᠡᠯᠡᠭᠦᠯᠵᠦ᠂ ᠠᠵᠢᠯ ᠤᠨ ᠦᠷ᠎ᠡ ᠪᠦᠲᠦᠮᠵᠢ ᠪᠠᠨ ᠪᠣᠳᠠᠲᠠᠢ ᠵᠦᠢᠯᠡᠰ ᠲᠤ ᠦᠨᠡᠨ ᠬᠦ | ᠢᠯᠡᠷᠡᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠡᠭᠡᠷ᠎ᠡ ᠢᠯᠡᠷᠡᠭᠦᠯᠵᠦ᠂ ᠬᠥᠭᠵᠢᠯᠲᠡ ᠶᠢᠨ ᠭᠦᠢᠴᠡᠳᠬᠡᠬᠦ | ᠲᠤᠭ᠎ᠠ ᠳᠡᠭᠡᠷ᠎ᠡ ᠦᠨᠡᠨ ᠬᠦ ᠢᠯᠡᠷᠡᠭᠦᠯᠬᠦ ᠬᠡᠷᠡᠭᠲᠡᠢ᠃ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ︽ᠬᠤᠶᠠᠷ | ᠬᠤᠪᠣᠷ ᠰᠢᠷᠣᠢ ᠶᠢᠨ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠥᠬᠦ | ᠤᠯᠤᠰ ᠤᠨ ᠲᠡᠷᠢᠭᠦᠨ ᠲᠠᠰ ᠤᠨ ᠬᠤᠪᠣᠷ ᠰᠢᠷᠣᠢ ᠪᠠᠷ ᠤᠳᠤᠷᠢᠳᠤᠮᠵᠢ ᠪᠣᠯᠭᠠᠭᠰᠠᠨ ᠳᠠᠪᠠᠭᠤᠯᠢᠭ ᠠᠵᠤ ᠦᠢᠯᠡᠰ ᠤᠨ | ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ︾ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ | ᠰᠠᠭᠤᠷᠢᠯᠠᠨ᠂ ᠬᠤᠪᠣᠷ ᠰᠢᠷᠣᠢ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠳᠡᠭᠡᠳᠦ ᠭᠠᠵᠠᠷ᠂ ᠴᠢᠳᠠᠪᠤᠷᠢᠲᠠᠨ ᠤ ᠥᠨᠳᠥᠷ | ᠭᠠᠵᠠᠷ᠂ ᠦᠢᠯᠡᠴᠢᠯᠡᠭᠡᠨ ᠤ ᠥᠨᠳᠥᠷ ᠭᠠᠵᠠᠷ ᠢ ᠪᠣᠶ ᠪᠣᠯᠭᠠᠵᠤ᠂ 3 ᠵᠢᠯ ᠤᠨ ᠳᠣᠲᠣᠷ᠎ᠠ ᠤᠯᠤᠰ ᠤᠨ ᠲᠠᠰ ᠤᠨ ᠳᠡᠭᠡᠳᠦ | ᠰᠢᠨ᠎ᠡ ᠮᠡᠷᠭᠡᠵᠢᠯ ᠤᠨ ᠣᠷᠣᠨ ᠤ 50 ᠬᠦᠴᠦᠷᠬᠡᠭ ᠲᠤ ᠳᠠᠪᠰᠢᠨ ᠣᠷᠣᠵᠤ᠂ ᠮᠠᠨ ᠤ ᠬᠤᠲᠠ ᠶᠢᠨ ᠬᠤᠪᠣᠷ ᠰᠢᠷᠣᠢ ᠶᠢᠨ | ᠠᠵᠤ ᠦᠢᠯᠡᠰ ᠤᠨ ︽ᠳᠡᠯᠡᠬᠡᠢ ᠶᠢᠨ ᠲᠠᠰ ᠤᠨ ᠬᠠᠳᠠᠭᠠᠯᠠᠭᠳᠠᠴᠠ︾ ᠠᠴᠠ ︽ᠳᠡᠯᠡᠬᠡᠢ ᠶᠢᠨ ᠲᠠᠰ ᠤᠨ ᠠᠵᠤ ᠦᠢᠯᠡᠰ︾ | ᠳᠠᠰᠢ ᠤᠷᠤᠭᠰᠢᠯᠠᠬᠤ ᠶᠢ ᠠᠬᠢᠭᠤᠯᠤᠨ᠎ᠠ᠃ | |