ᠠᠵᠤ ᠠᠬᠤᠶᠢᠯᠠᠯ ᠢ ᠬᠠᠮᠤᠭ ᠬᠤᠷᠳᠤᠨ ᠳᠠᠭᠠᠨ 9 ᠮᠢᠨᠦ᠋ᠲ ᠤᠨ ᠳᠣᠲᠣᠷ᠎ᠠ ᠪᠠᠶᠢᠭᠤᠯᠵᠤ ᠳᠠᠭᠤᠰᠬᠠᠨ᠎ᠠ᠂ | ᠠᠵᠤ ᠠᠬᠤᠶᠢᠯᠠᠯ ᠤᠨ ᠬᠤᠪᠢᠷᠠᠭᠤᠯᠤᠯᠲᠠ ᠶᠢ ᠬᠠᠮᠤᠭ ᠤᠨ ᠬᠤᠷᠳᠤᠨ ᠳᠠᠭᠠᠨ 8 ᠮᠢᠨᠦ᠋ᠲ ᠤᠨ ᠳᠣᠲᠣᠷ᠎ᠠ | ᠰᠢᠢᠳᠪᠦᠷᠢᠯᠡᠵᠦ᠂ 197 ᠤᠳᠠᠭᠠᠨ ᠤ ᠣᠨᠳᠣᠣ ᠭᠠᠵᠠᠷ ᠲᠤ ᠭᠦᠢᠴᠡᠳᠬᠡᠬᠦ ᠦᠢᠯᠡᠴᠢᠯᠡᠭᠡ ᠬᠠᠩᠭᠠᠨ 1071 | ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠥᠪᠥᠷ ᠮᠣᠩᠭᠤᠯ ᠤᠨ ᠲᠦᠷᠭᠡᠨ | ᠬᠤᠷᠳᠤᠴᠠ ᠶᠢᠨ ᠠᠯᠪᠠᠨ ᠭᠡᠷ ᠤᠨ APP ᠪᠠᠷ ᠳᠠᠮᠵᠢᠭᠤᠯᠤᠨ ︽ᠠᠯᠠᠭᠠᠨ ᠳᠡᠭᠡᠷ᠎ᠡ ᠠᠴᠠ ᠭᠦᠢᠴᠡᠳᠬᠡᠬᠦ︾ | ᠴᠢᠳᠠᠮᠵᠢ ᠶᠢ ᠨᠠᠪᠲᠠᠷᠡᠭᠦᠯᠵᠦ᠂ ᠠᠯᠠᠭᠠᠨ ᠳᠡᠭᠡᠷ᠎ᠡ ᠠᠴᠠ ᠭᠦᠢᠴᠡᠳᠬᠡᠬᠦ ᠵᠦᠢᠯᠡᠰ ᠤᠨ ᠬᠠᠷᠢᠴᠠᠯ ᠢ 85% ᠪᠣᠯᠭᠠᠨ | ᠳᠡᠭᠡᠭᠰᠢᠯᠡᠭᠦᠯᠪᠡ᠃ ᠭᠤᠷᠪᠠᠳᠤᠭᠠᠷ ᠤᠯᠠᠷᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠬᠢ ᠠᠯᠢ ᠣᠯᠠᠨ | ᠥᠭᠡᠷᠡᠴᠢᠯᠡᠯᠲᠡ ᠨᠢ ᠲᠣᠰ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠦᠭᠡᠳ ᠣᠯᠣᠭᠰᠠᠨ ᠦᠷ᠎ᠡ ᠪᠦᠲᠦᠮᠵᠢ ᠶᠢ ᠲᠤᠰᠬᠠᠵᠤ ᠪᠠᠶᠢᠨ᠎ᠠ᠃ | ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ︽ᠲᠠᠨ ᠤ | ᠰᠠᠨᠠᠭᠠᠨ ᠳᠤ ᠬᠦᠷᠬᠦ︾ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ | ᠭᠦᠨᠵᠡᠭᠡᠢ ᠠᠬᠢᠭᠤᠯᠵᠤ᠂ ᠡᠵᠡᠩᠨᠡᠯᠲᠡ ᠶᠢᠨ ᠣᠷᠴᠢᠨ ᠲᠣᠭᠤᠷᠢᠨ ᠤ ᠲᠡᠷᠢᠭᠦᠨ ᠤ ︽ᠡᠷᠳᠡᠨᠢ ᠶᠢᠨ ᠬᠤᠲᠣᠭᠤᠷ︾ ᠢ | ᠪᠥᠬᠦ ᠬᠦᠴᠦᠨ ᠢᠶᠠᠷ ᠢᠶᠠᠨ ᠪᠣᠶ ᠪᠣᠯᠭᠠᠨ ᠶᠡᠭᠡ ᠬᠡᠮᠵᠢᠶᠡᠨ ᠤ ᠦᠢᠯᠡᠳᠪᠦᠷᠢᠯᠡᠯ ᠤᠨ ᠬᠦᠴᠦᠨ ᠵᠦᠢᠯ ᠢ | ᠬᠤᠷᠠᠮᠳᠤᠭᠤᠯᠤᠨ᠂ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ | ᠠᠬᠤᠢ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠪᠠ᠃ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠴᠢᠩᠭᠠᠳᠬᠠᠪᠠ | ︽ᠠᠳᠡ ᠢᠷᠡᠵᠦ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠡᠭᠡᠨ ᠸᠢᠴᠠᠲ ᠢᠶᠠᠷ ᠪᠣᠯᠵᠣᠵᠤ ᠪᠣᠯᠬᠤ | ᠪᠣᠯᠬᠤᠷ ᠮᠥᠷᠯᠡᠨ ᠬᠦᠯᠢᠶᠡᠵᠦ ᠰᠠᠭᠤᠬᠤ ᠴᠠᠭ ᠢ ᠶᠡᠭᠡ ᠪᠠᠷ ᠠᠷᠪᠢᠯᠠᠵᠠᠢ᠃︾ ︽ᠦᠨᠡᠬᠡᠷ ᠲᠣᠩ ᠳᠥᠭᠦᠮ ᠪᠣᠯᠵᠠᠢ | ᠂ ᠲᠤᠰᠬᠠᠢ ᠬᠥᠮᠥᠨ ᠤ ᠬᠠᠩᠭᠠᠭᠰᠠᠨ ᠪᠦᠬᠦ ᠶᠠᠪᠤᠴᠠ ᠶᠢᠨ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ | ᠦᠢᠯᠡᠴᠢᠯᠡᠭᠡ ᠶᠢ ᠡᠳ᠋ᠯᠡᠬᠦ ᠨᠢ ᠮᠠᠨ ᠤ ᠠᠵᠤ ᠠᠬᠤᠶᠢᠯᠠᠯ ᠤᠨ ᠭᠦᠶᠦᠬᠦ ᠲᠤᠭ᠎ᠠ ᠶᠢ ᠶᠡᠭᠡ ᠪᠠᠷ ᠪᠠᠭᠠᠰᠬᠠᠭᠰᠠᠨ | ᠪᠠᠶᠢᠨ᠎ᠠ᠃︾ ᠣᠶᠢᠷ᠎ᠠ ᠶᠢᠨ ᠡᠳᠦᠷ ᠤᠳ ᠲᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠪᠠᠶᠠᠷᠲᠠᠢ ᠪᠠᠷ ᠡᠷᠭᠢᠯᠡᠬᠦ︾ ᠵᠢᠵᠢᠭ ᠫᠷᠣᠭ᠍ᠷᠠᠮ ᠤᠨ | ᠦᠢᠯᠡᠴᠢᠯᠡᠭᠡ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠲᠠᠰᠤᠷᠠᠯᠲᠠ ᠦᠭᠡᠢ ᠣᠯᠵᠤ ᠪᠠᠶᠢᠨ᠎ᠠ᠃ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠨᠢᠭᠡ | ᠴᠣᠩᠬᠤ ᠪᠠᠷ ᠬᠦᠯᠢᠶᠡᠨ ᠠᠪᠴᠤ ᠰᠢᠢᠳᠪᠦᠷᠢᠯᠡᠬᠦ᠂ ᠨᠢᠭᠡ ᠬᠦᠰᠦᠨᠦᠭᠲᠦ ᠪᠠᠷ ᠭᠤᠶᠤᠴᠢᠯᠠᠬᠤ᠂ ᠨᠢᠭᠡ ᠰᠦᠯᠵᠢᠶ᠎ᠡ ᠪᠠᠷ | ᠪᠦᠬᠦᠨ ᠢ ᠡᠷᠬᠢᠯᠡᠬᠦ᠂ ᠨᠢᠭᠡ ᠤᠳᠠᠭ᠎ᠠ ᠳᠤ ᠰᠠᠶᠢᠲᠤᠷ ᠡᠷᠬᠢᠯᠡᠬᠦ︾ ᠵᠠᠷᠴᠢᠮ ᠶᠣᠰᠣᠭᠠᠷ᠂ ︽ᠨᠢᠭᠡ ᠶᠠᠪᠤᠳᠠᠯ︾ ᠢ | ᠲᠥᠪᠯᠡᠷᠡᠭᠦᠯᠦᠨ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠰᠢᠯᠢᠳᠡᠭ ᠦᠢᠯᠡᠴᠢᠯᠡᠭᠡ ᠪᠠᠷ ᠠᠵᠤ | ᠠᠬᠤᠶᠢᠯᠠᠯ ᠤᠨ ᠬᠥᠭᠵᠢᠯᠲᠡ ᠶᠢᠨ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠵᠣ ᠪᠠᠶᠢᠨ᠎ᠠ᠃ | ᠠᠵᠤ ᠠᠬᠤᠶᠢᠯᠠᠯ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ︽ᠨᠢᠭᠡ ᠶᠠᠪᠤᠳᠠᠯ︾ ᠤᠨ ᠬᠤᠷᠠᠮᠠᠯ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ | ᠣᠷᠣᠨ ᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠪᠦᠬᠦ ᠬᠤᠲᠠ ᠶᠢᠨ ᠠᠩᠬᠠᠳᠠᠭᠴᠢ ︽ᠠᠵᠤ ᠠᠬᠤᠶᠢᠯᠠᠯ ᠤᠨ | ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠤᠷᠠᠮᠠᠯ ᠦᠢᠯᠡᠴᠢᠯᠡᠭᠡᠨ ᠤ ᠲᠤᠰᠬᠠᠢ ᠲᠣᠭᠤᠷᠢᠭ︾ ᠢ | ᠨᠡᠭᠡᠭᠡᠵᠦ᠂ ᠠᠵᠤ ᠠᠬᠤᠶᠢᠯᠠᠯ ᠳᠤ ᠠᠵᠤ ᠠᠬᠤᠶᠢᠯᠠᠯ ᠡᠷᠬᠢᠯᠡᠬᠦ᠂ ᠬᠤᠪᠢᠷᠠᠭᠤᠯᠬᠤ᠂ ᠡᠵᠡᠩᠨᠡᠬᠦ ᠶᠢ ᠵᠥᠪᠰᠢᠶᠡᠷᠡᠬᠦ | ᠵᠡᠷᠭᠡ 7 ᠱᠠᠲᠤᠨ ᠤ ᠭᠤᠣᠯ ᠰᠡᠳᠦᠪᠲᠦ ᠬᠡᠯᠪᠡᠷᠢ ᠪᠠ ᠠᠬᠤᠢ ᠲᠠᠯᠠᠪᠠᠢ ᠶᠢᠨ ᠬᠡᠯᠪᠡᠷᠢ ᠶᠢᠨ ᠬᠤᠶᠠᠷ ᠵᠦᠢᠯ ᠤᠨ | ᠦᠢᠯᠡᠴᠢᠯᠡᠭᠡᠨ ᠤ ᠢᠵᠢ ᠦᠢᠯᠡᠴᠢᠯᠡᠭᠡ ᠶᠢ ᠬᠠᠩᠭᠠᠨ᠎ᠠ᠃ ᠶᠠᠪᠤᠴᠠ ᠶᠢ ᠰᠢᠯᠢᠳᠡᠭᠵᠢᠭᠦᠯᠬᠦ᠂ ᠴᠢᠬᠤᠯᠠ ᠨᠥᠬᠦᠴᠡᠯ ᠢ | ᠴᠣᠮᠬᠠᠳᠬᠠᠬᠤ ᠪᠠᠷ ᠳᠡᠮᠵᠢᠨ᠂ ᠠᠵᠢᠯ ᠶᠠᠪᠤᠳᠠᠯ ᠭᠦᠢᠴᠡᠳᠬᠡᠬᠦ ᠮᠠᠲ᠋ᠧᠷᠢᠶᠠᠯ ᠢ ᠳᠤᠮᠳᠠᠴᠢ ᠪᠠᠷ 46.8% ᠪᠠᠷ | ᠪᠠᠭᠠᠰᠬᠠᠵᠤ᠂ ᠭᠦᠢᠴᠡᠳᠬᠡᠬᠦ ᠭᠤᠭᠴᠤᠭ᠎ᠠ ᠶᠢ ᠳᠤᠮᠳᠠᠴᠢ ᠪᠠᠷ 43% ᠪᠠᠷ ᠪᠠᠭᠠᠰᠬᠠᠵᠤ᠂ ᠭᠦᠶᠦᠯᠲᠡ ᠶᠢᠨ | ᠲᠤᠭ᠎ᠠ ᠶᠢ ᠳᠤᠮᠳᠠᠴᠢ ᠪᠠᠷ 83% ᠪᠠᠷ ᠪᠠᠭᠠᠰᠬᠠᠪᠠ᠃ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠥᠬᠦ ᠠᠮᠢ ᠨᠠᠰᠤᠨ ᠤ ᠦᠶᠡᠯᠡᠯ ᠤᠨ | ᠬᠤᠭᠤᠴᠠᠭᠠᠨ ᠤ ︽ᠨᠢᠭᠡ ᠶᠠᠪᠤᠳᠠᠯ︾ ᠤᠨ ᠬᠤᠷᠠᠮᠠᠯ ᠥᠭᠡᠷᠡᠴᠢᠯᠡᠯᠲᠡ ᠶᠢ ᠥᠩᠭᠡᠷᠡᠭᠰᠡᠨ ᠳᠤ ᠣᠯᠠᠨ ᠰᠠᠯᠠᠭ᠎ᠠ | ᠮᠥᠴᠢᠷ ᠲᠤ ᠣᠴᠢᠵᠤ ᠭᠦᠢᠴᠡᠳᠬᠡᠬᠦ ᠴᠢᠬᠤᠯᠠᠲᠠᠢ ᠪᠠᠶᠢᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ | ᠪᠠᠷᠢᠮᠵᠢᠶ᠎ᠠ ᠪᠠᠷ ᠡᠮᠬᠢᠯᠡᠨ ᠨᠡᠶᠢᠯᠡᠭᠦᠯᠵᠦ᠂ ︽ᠨᠢᠭᠡ ᠢᠵᠢ ᠬᠦᠰᠦᠨᠦᠭᠲᠦ︾ ᠶᠢ ᠡᠮᠬᠢᠯᠡᠨ ᠨᠡᠶᠢᠯᠡᠭᠦᠯᠬᠦ᠂ ︽ᠨᠢᠭᠡ | ᠢᠵᠢ ᠮᠠᠲ᠋ᠧᠷᠢᠶᠠᠯ︾ ᠢ ᠡᠮᠬᠢᠯᠡᠨ ᠳᠢᠭᠯᠡᠬᠦ᠂ ︽ᠨᠢᠭᠡ ᠪᠠᠷᠢᠮᠵᠢᠶ᠎ᠠ︾ ᠶᠢ ᠨᠠᠶᠢᠷᠠᠭᠤᠯᠤᠨ ᠵᠣᠬᠢᠶᠠᠬᠤ᠂ ︽ᠰᠦᠯᠵᠢᠶᠡᠨ | ᠳᠡᠭᠡᠷ᠎ᠡ ᠬᠢᠨᠠᠨ ᠵᠥᠪᠰᠢᠶᠡᠷᠡᠬᠦ︾ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠭᠠᠵᠠᠷ ᠰᠢᠷᠣᠢ ᠶᠢ | ᠰᠢᠯᠵᠢᠭᠦᠯᠦᠨ ᠬᠤᠳᠠᠯᠳᠤᠬᠤ ᠭᠡᠷ᠎ᠡ ᠲᠣᠭᠲᠠᠬᠤ ᠠᠴᠠ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠣᠯᠬᠤ | ᠪᠣᠯᠲᠠᠯ᠎ᠠ᠂ ᠥᠭᠡᠷᠡᠴᠢᠯᠡᠯᠲᠡ ᠬᠢᠬᠦ ᠠᠴᠠ ᠡᠮᠦᠨᠡᠬᠢ 30 ᠠᠵᠢᠯ ᠤᠨ ᠡᠳᠦᠷ ᠠᠴᠠ 3 ᠠᠵᠢᠯ ᠤᠨ ᠡᠳᠦᠷ ᠪᠣᠯᠭᠠᠨ | ᠪᠠᠭᠠᠰᠬᠠᠵᠤ᠂ ᠡᠨᠡ ᠵᠢᠯ ᠪᠠᠰᠠ ︽70 ᠮᠢᠨᠦ᠋ᠲ ᠤᠨ ᠪᠠᠷᠢᠯᠭ᠎ᠠ ᠪᠠᠷᠢᠬᠤ ᠵᠥᠪᠰᠢᠶᠡᠷᠡᠯ ᠤᠨ ᠪᠥᠬᠦ ᠭᠤᠭᠴᠤᠭ᠎ᠠ ᠶᠢ | ᠭᠦᠢᠴᠡᠳᠬᠡᠵᠦ ᠳᠠᠭᠤᠰᠬᠠᠬᠤ︾ ᠪᠣᠯᠲᠠᠯ᠎ᠠ ᠪᠣᠭᠤᠨᠢᠰᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ | ᠴᠠᠭ ᠣᠯᠭᠤᠭᠰᠠᠨ ᠪᠠᠶᠢᠨ᠎ᠠ᠃ | ᠦᠢᠯᠡᠴᠢᠯᠡᠭᠡ ᠶᠢ ᠰᠢᠯᠢᠳᠡᠭᠵᠢᠭᠦᠯᠵᠦ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠬᠠᠨᠤᠮᠵᠢ ᠶᠢᠨ ᠬᠡᠮᠵᠢᠶ᠎ᠡ ᠶᠢ | ᠲᠡᠭᠡᠭᠰᠢᠯᠡᠭᠦᠯᠪᠠ | ︽ᠬᠤᠯᠪᠣᠭᠳᠠᠯ ᠪᠦᠬᠦᠢ ᠮᠠᠲ᠋ᠧᠷᠢᠶᠠᠯ ᠢ ᠲᠤᠰᠢᠶᠠᠭᠰᠠᠨ ᠠᠴᠠ ᠠᠪᠤᠭᠠᠳ ᠰᠢᠢᠳᠪᠦᠷᠢᠯᠡᠵᠦ ᠳᠠᠭᠤᠰᠬᠠᠬᠤ | ᠬᠦᠷᠲᠡᠯᠡᠬᠢ ᠶᠠᠪᠤᠴᠠ ᠳᠤ ᠠᠵᠢᠯᠲᠠᠳ ᠬᠦᠯᠢᠴᠡᠩᠭᠦᠢ ᠨᠢᠮᠪᠠᠢ᠂ ᠢᠳᠡᠪᠬᠢᠲᠡᠢ ᠣᠪᠣᠷ ᠢᠶᠠᠷ ᠲᠡᠳᠡᠨ ᠤ ᠥᠨᠳᠥᠷ | ᠪᠦᠲᠦᠮᠵᠢ ᠳᠤ ᠦᠢᠯᠡᠴᠢᠯᠡᠬᠦ ᠶᠢ ᠮᠠᠭᠲᠠᠨ ᠰᠠᠶᠢᠰᠢᠶᠠᠵᠤ ᠪᠠᠶᠢᠨ᠎ᠠ᠃︾ ᠲᠦᠷᠦᠭᠦᠬᠡᠨ᠂ ᠬᠤᠪᠣᠷ ᠰᠢᠷᠣᠢ ᠶᠢᠨ | ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠦᠷᠴᠦ ᠲᠥᠷᠥᠯ | ᠵᠦᠢᠯ ᠢ ᠬᠢᠨᠠᠨ ᠵᠥᠪᠰᠢᠶᠡᠷᠡᠬᠦ ᠭᠠᠷᠳᠠᠮ ᠭᠦᠢᠴᠡᠳᠬᠡᠭᠰᠡᠨ ᠬᠤᠲᠠ ᠶᠢᠨ ᠠᠷᠠᠳ ᠯᠢ ᠠᠪᠤᠭᠠᠢ ︽ᠰᠠᠶᠢᠨ ᠮᠠᠭᠤ ᠶᠢᠨ | ᠦᠨᠡᠯᠡᠯᠲᠡ︾ ᠶᠢᠨ ᠦᠨᠡᠯᠡᠯᠲᠡ ᠶᠢᠨ ᠬᠡᠮᠵᠢᠭᠦᠷᠯᠢᠭ ᠢᠶᠠᠷ ᠳᠠᠮᠵᠢᠭᠤᠯᠤᠨ ᠴᠣᠩᠬᠤᠨ ᠤ ᠠᠵᠢᠯᠲᠠᠳ ᠲᠤ ᠦᠨᠡᠯᠡᠯᠲᠡ | ᠬᠢᠵᠡᠢ᠃ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠪᠥᠬᠦ ᠬᠤᠲᠠ ᠳᠤ ᠡᠩ ᠲᠡᠷᠢᠭᠦᠨ ᠳᠤ ︽ᠵᠥᠷᠢᠶ᠎ᠡ | ᠦᠭᠡᠢ ᠪᠠᠷ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ︾ ᠵᠠᠭᠪᠤᠷ ᠢ ᠬᠡᠷᠡᠭᠵᠢᠭᠦᠯᠬᠦ ᠶᠢᠨ ᠬᠠᠮᠲᠤ ᠦᠨᠳᠦᠰᠦᠨ | ᠱᠠᠲᠤ ᠳᠠᠰᠢ ᠥᠷᠭᠡᠳᠬᠡᠵᠦ᠂ ︽ᠨᠢᠭᠡ ᠴᠣᠩᠬᠤᠪᠴᠢ ᠮᠠᠶ᠋ᠢᠭ︾ ᠤᠨ ᠶᠡᠷᠦᠩᠬᠡᠶᠢᠯᠡᠨ ᠭᠥᠯᠢᠶᠡᠨ ᠠᠪᠴᠤ | ᠰᠢᠢᠳᠪᠦᠷᠢᠯᠡᠬᠦ ᠥᠭᠡᠷᠡᠴᠢᠯᠡᠯᠲᠡ ᠶᠢ ᠵᠡᠭᠡᠯᠢ ᠪᠠᠯᠭᠠᠰᠤ ᠳᠠᠰᠢ ᠤᠷᠲᠤᠳᠬᠠᠵᠤ᠂ ᠠᠷᠠᠳ ᠤᠨ ᠶᠠᠪᠤᠳᠠᠯ᠂ ᠨᠡᠶᠢᠭᠡᠮ ᠤᠨ | ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ ᠡᠷᠡᠭᠦᠯ ᠬᠠᠮᠠᠭᠠᠯᠠᠯ᠂ ᠠᠵᠢᠯ ᠣᠯᠭᠤᠯᠲᠠ᠂ ᠴᠡᠷᠢᠭ ᠠᠴᠠ | ᠬᠠᠯᠠᠭᠳᠠᠭᠰᠠᠳ ᠵᠡᠷᠭᠡ 269 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ᠲᠥᠪᠯᠡᠷᠡᠭᠦᠯᠦᠨ ᠭᠦᠢᠴᠡᠳᠬᠡᠬᠦ ᠶᠢ ᠪᠡᠶᠡᠯᠡᠭᠦᠯᠵᠦ᠂ ᠡᠭᠦᠨ ᠳᠤ | 220 ᠵᠦᠢᠯ ᠤᠨ ᠵᠦᠢᠯᠡᠰ ᠢ ᠨᠢᠭᠡᠨᠲᠡ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠵᠦ᠂ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠨᠣᠷᠮ᠎ᠠ ᠳᠤᠮᠳᠠᠴᠢ ᠪᠠᠷ 82% ᠬᠦᠷᠴᠡᠢ᠃ ᠵᠢᠯ ᠤᠨ ᠰᠡᠭᠦᠯᠴᠢ ᠠᠴᠠ | ᠡᠮᠦᠨ᠎ᠡ ᠵᠡᠭᠡᠯᠢ ᠪᠠᠯᠭᠠᠰᠤ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠤᠨ ᠶᠡᠷᠦᠩᠬᠡᠶᠢᠯᠡᠨ | ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠵᠦᠢᠯᠡᠰ ᠤᠨ ᠨᠡᠶᠢᠲᠡ ᠶᠢᠨ ᠭᠦᠢᠴᠡᠳᠬᠡᠬᠦ ᠨᠣᠷᠮ᠎ᠠ ᠶᠢ | 100% ᠳᠤ ᠬᠦᠷᠭᠡᠵᠦ᠂ ᠴᠣᠩᠬᠤᠪᠴᠢ ᠦᠢᠯᠡᠴᠢᠯᠡᠭᠡᠨ ᠤ ᠭᠦᠢᠴᠡᠳᠬᠡᠯ ᠤᠨ ᠬᠠᠨᠤᠮᠵᠢᠲᠠᠶ ᠪᠠᠶᠢᠬᠤ ᠨᠣᠷᠮ᠎ᠠ ᠶᠢ | 95% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠣ ᠪᠣᠢ᠃ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠨᠡᠭᠡᠭᠡᠨ ᠡᠷᠭᠢᠯᠡᠬᠦ ᠠᠵᠤ ᠠᠬᠤᠶᠢᠯᠠᠯ ᠤᠨ ︽ | ᠵᠠᠷᠤᠳᠠᠯ ᠦᠭᠡᠢ︾ ︽ᠨᠢᠭᠡ ᠰᠦᠯᠵᠢᠶ᠎ᠡ ᠪᠠᠷ ᠪᠦᠬᠦᠨ ᠢ ᠡᠷᠭᠢᠯᠡᠬᠦ︾ ᠶᠢ ᠪᠡᠶᠡᠯᠡᠭᠦᠯᠬᠦ ᠶᠢ ᠢᠳᠡᠪᠬᠢᠲᠡᠢ ᠠᠬᠢᠭᠤᠯᠵᠤ᠂ | ᠨᠡᠭᠡᠭᠡᠨ ᠡᠷᠭᠢᠯᠡᠬᠦ ᠠᠵᠤ ᠠᠬᠤᠶᠢᠯᠠᠯ ᠤᠨ ᠴᠠᠭ ᠢ ᠳᠠᠬᠢᠨ ᠪᠠᠭᠠᠰᠬᠠᠵᠤ᠂ ᠭᠦᠶᠦᠯᠲᠡ ᠶᠢᠨ ᠲᠤᠭ᠎ᠠ ᠶᠢ 5 ᠤᠳᠠᠭ᠎ᠠ | ᠠᠴᠠ 1 ᠤᠳᠠᠭ᠎ᠠ ᠪᠣᠯᠭᠠᠨ ᠪᠠᠭᠠᠰᠬᠠᠪᠠ᠃ ︽ᠬᠦᠷᠢᠶᠡᠯᠡᠩ ᠣᠷᠣᠨ ᠤ ᠬᠡᠷᠡᠭ ᠶᠠᠪᠤᠳᠠᠯ ᠢ ᠬᠦᠷᠢᠶᠡᠯᠡᠩ ᠣᠷᠣᠨ ᠤ | ᠠᠯᠪᠠᠨ ᠭᠡᠷ︾ ︽ᠳᠤᠲᠠᠭᠤ ᠶᠢ ᠪᠠᠭᠲᠠᠭᠠᠬᠤ ᠠᠯᠪᠠᠨ ᠭᠡᠷ︾ ︽ᠦᠨᠡᠮᠯᠡᠯ ᠦᠭᠡᠢ ᠠᠯᠪᠠᠨ ᠭᠡᠷ︾ ︽ | ᠦᠨᠡᠮᠯᠡᠯ ᠠᠴᠠ ᠬᠡᠯᠲᠦᠷᠢᠭᠦᠯᠬᠦ ᠠᠯᠪᠠᠨ ᠭᠡᠷ︾ ︽ᠣᠨᠳᠣᠣ ᠭᠠᠵᠠᠷ ᠤᠨ ᠠᠯᠪᠠᠨ ᠭᠡᠷ︾ ︽ᠰᠦᠯᠵᠢᠶᠡᠨ ᠳᠡᠭᠡᠷᠡᠬᠢ | ᠠᠯᠪᠠᠨ ᠭᠡᠷ︾ ︽ᠠᠯᠠᠭᠠᠨ ᠳᠡᠭᠡᠷᠡᠬᠢ ᠠᠯᠪᠠᠨ ᠭᠡᠷ︾ ᠵᠡᠷᠭᠡ ᠵᠠᠭᠪᠤᠷ ᠢ ᠶᠡᠬᠡᠪᠡᠷ ᠬᠡᠷᠡᠭᠵᠢᠭᠦᠯᠵᠦ᠂ ᠲᠤᠭ᠎ᠠ | ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠪᠥᠬᠦ ᠣᠷᠣᠨ ᠤ ᠰᠦᠯᠵᠢᠶᠡᠨ | ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ ᠶᠢ 100% ᠳᠤ ᠬᠦᠷᠦᠭᠦᠯᠦᠨ᠎ᠡ᠃ | |