ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠵᠤ ᠬᠤᠪᠣᠷ ᠰᠢᠷᠣᠢ ᠶᠢᠨ ᠡᠬᠢ ᠪᠠᠶᠠᠯᠢᠭ ᠤᠨ ᠥᠨᠳᠥᠷ ᠥᠷᠲᠡᠭᠲᠦ ᠠᠰᠢᠭᠯᠠᠯᠲᠠ ᠶᠢ ᠠᠬᠢᠭᠤᠯᠵᠣ ᠪᠣᠢ
ᠨᠡᠶᠢᠲᠡᠯᠡᠭᠰᠡᠨ ᠴᠠᠭ᠄
2023/12/1
   ᠬᠤᠪᠣᠷ ᠰᠢᠷᠣᠢ ᠶᠢᠨ ᠡᠬᠢ ᠪᠠᠶᠠᠯᠢᠭ ᠪᠣᠯ ᠪᠥᠬᠦ ᠪᠥᠮᠪᠥᠷᠴᠡᠭ ᠤᠨ ᠥᠷᠢᠰᠦᠯᠳᠦᠭᠡᠨ ᠤ ᠵᠠᠩᠭᠢᠯᠠᠭ᠎ᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠮᠥᠨ᠂ ᠬᠤᠪᠣᠷ ᠰᠢᠷᠣᠢ ᠶᠢᠨ ᠡᠬᠢ ᠪᠠᠶᠠᠯᠢᠭ ᠤᠨ ᠥᠨᠳᠥᠷ ᠥᠷᠲᠡᠭᠲᠦ ᠬᠡᠷᠡᠭᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠤᠪᠣᠷ ᠰᠢᠷᠣᠢ ᠶᠢᠨ ᠳᠡᠭᠡᠳᠦ ᠲᠠᠰ ᠤᠨ ᠮᠠᠲ᠋ᠧᠷᠢᠶᠠᠯ ᠤᠨ ᠦᠷ᠎ᠡ ᠪᠦᠲᠦᠭᠡᠯ ᠢ ᠬᠤᠪᠢᠷᠠᠭᠤᠯᠬᠤ ᠵᠢᠴᠢ ᠠᠵᠤ ᠦᠶᠢᠯᠡᠰᠵᠢᠭᠦᠯᠬᠦ ᠶᠢ ᠲᠦᠯᠬᠢᠨ ᠠᠬᠢᠭᠤᠯᠬᠤ ᠳᠤ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠵᠠᠩᠭᠢᠯᠠᠭ᠎ᠠ᠃    ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠤᠭᠤᠲᠤ ᠶᠢᠨ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠢ ᠪᠠᠶᠢᠭᠤᠯᠬᠤ ᠬᠠᠷᠠᠯᠲᠠ ᠶᠢᠨ ᠡᠭᠦᠷᠭᠡ ᠶᠢᠨ ᠲᠣᠭᠤᠷᠢᠨ ᠳᠤ᠂ ᠬᠤᠪᠣᠷ ᠰᠢᠷᠣᠢ ᠶᠢᠨ ᠠᠵᠤ ᠦᠢᠯᠡᠰ ᠤᠨ ᠡᠬᠢ ᠪᠠᠶᠠᠯᠢᠭ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠬᠤᠷᠠᠮᠳᠤᠭᠤᠯᠬᠤ ᠠᠯᠬᠤᠴᠠ ᠶᠢ ᠲᠦᠷᠭᠡᠳᠬᠡᠵᠦ᠂ ᠰᠠᠭᠤᠷᠢ ᠬᠡᠷᠡᠭᠯᠡᠭᠡᠨ ᠤ ᠰᠤᠳᠤᠯᠤᠯ᠂ ᠵᠠᠪᠰᠠᠷ ᠤᠨ ᠲᠤᠷᠰᠢᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠵᠢᠴᠢ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠢ ᠠᠭᠤᠰᠤᠯᠴᠠᠭᠤᠯᠤᠭᠰᠠᠨ ᠬᠤᠪᠣᠷ ᠰᠢᠷᠣᠢ ᠶᠢᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠳᠤ ᠲᠦᠰᠢᠭᠯᠡᠨ᠂ ᠬᠤᠪᠣᠷ ᠰᠢᠷᠣᠢ ᠶᠢᠨ ᠠᠵᠤ ᠦᠢᠯᠡᠰ ᠢ ᠠᠯᠬᠤᠮ ᠠᠯᠬᠤᠮ ᠢᠶᠠᠷ ᠳᠣᠣᠷᠠᠳᠤ ᠤᠷᠤᠰᠬᠠᠯ ᠵᠢᠴᠢ ᠥᠨᠳᠥᠷ ᠨᠡᠮᠡᠯᠲᠡ ᠥᠷᠲᠡᠭᠲᠦ ᠦᠢᠯᠡᠳᠬᠦᠨ ᠳᠠᠰᠢ ᠤᠷᠲᠤᠳᠬᠠᠬᠤ ᠶᠢ ᠠᠬᠢᠭᠤᠯᠵᠤ᠂ ᠰᠢᠨ᠎ᠡ ᠮᠠᠲ᠋ᠧᠷᠢᠶᠠᠯ ᠵᠢᠴᠢ ᠦᠵᠦᠭᠦᠷ ᠤᠨ ᠬᠡᠷᠡᠭᠯᠡᠭᠡᠨ ᠤ ᠦᠢᠯᠡᠳᠬᠦᠨ ᠤ ᠬᠤᠪᠢ ᠶᠢᠨ ᠵᠢᠩ ᠢ ᠵᠢᠯ ᠳᠠᠷᠠᠭᠠᠯᠠᠨ ᠨᠡᠮᠡᠭᠳᠡᠪᠡ᠃     ᠲᠠᠪᠴᠠᠩ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠠᠵᠤ ᠠᠬᠤᠢ ᠶᠢᠨ ᠦᠷᠳᠡᠭ ᠢ ᠲᠡᠭᠡᠭᠰᠢᠯᠡᠭᠦᠯᠪᠠ     ᠣᠶᠢᠷ᠎ᠠ ᠳᠤ᠂ ᠤᠯᠤᠰ ᠤᠨ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠲᠤ᠂ ᠬᠤᠪᠣᠷ ᠰᠢᠷᠣᠢ ᠶᠢᠨ ᠰᠢᠨ᠎ᠡ ᠬᠡᠯᠪᠡᠷᠢ ᠶᠢᠨ ᠬᠡᠷᠡᠯ ᠤᠨ ᠴᠢᠮᠡᠭᠯᠡᠯ ᠤᠨ ᠨᠤᠨᠳᠠᠭ ᠲᠠᠢ ᠬᠡᠷᠡᠯ ᠳᠠᠮᠵᠢᠭᠤᠯᠬᠤ ᠬᠠᠪᠲᠠᠰᠤ ᠶᠢᠨ ᠮᠠᠲ᠋ᠧᠷᠢᠶᠠᠯ ᠢᠶᠠᠷ ᠦᠢᠯᠡᠳᠦᠭᠰᠡᠨ ᠳ᠋ᠧᠩ ᠤᠨ ᠬᠡᠷᠡᠭᠰᠡᠯ ᠢ ᠮᠠᠯᠵᠢᠯ ᠤᠨ ᠲᠠᠯᠠᠪᠠᠶ ᠳᠤ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠪᠠᠷ ᠪᠠᠶᠢᠨ᠎ᠠ᠂ ᠡᠶᠢᠮᠦᠷᠬᠦ ᠳ᠋ᠧᠩ ᠤᠨ ᠬᠡᠷᠡᠭᠰᠡᠯ ᠨᠢ ᠦᠬᠡᠷ ᠤᠨ ᠳᠤᠷ᠎ᠠ ᠦᠭᠡᠢ ᠤᠯᠠᠭᠠᠨ ᠬᠡᠷᠡᠯ ᠢ ᠪᠦᠲᠦᠮᠵᠢᠲᠡᠶ ᠪᠠᠷ ᠠᠷᠢᠯᠭᠠᠵᠤ᠂ ᠬᠡᠷᠡᠯ ᠤᠨ ᠬᠡᠷᠡᠯ ᠢ ᠤᠷᠲᠤᠳᠬᠠᠬᠤ ᠪᠠᠷ ᠳᠠᠮᠵᠢᠭᠤᠯᠤᠨ᠂ ᠦᠬᠡᠷ ᠤᠨ ᠪᠠᠶᠢᠭᠠᠯᠢ ᠶᠢᠨ ᠬᠡᠷᠡᠯ ᠲᠠᠢ ᠠᠳᠠᠯᠢᠪᠲᠤᠷ ᠣᠷᠴᠢᠨ ᠲᠣᠭᠤᠷᠢᠨ ᠳᠤ ᠲᠡᠵᠢᠭᠡᠯ ᠪᠣᠷᠳᠤᠭ᠎ᠠ ᠶᠢᠨ ᠢᠳᠡᠰᠢ ᠶᠢᠨ ᠬᠡᠮᠵᠢᠶ᠎ᠡ ᠪᠠ ᠰᠦᠨ ᠤ ᠭᠠᠷᠤᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠵᠦ ᠴᠢᠳᠠᠨ᠎ᠠ᠃
    ︽ᠭᠡᠷᠡᠯ ᠤᠨ ᠳᠣᠯᠭᠢᠶᠠᠨ ᠤ ᠤᠷᠲᠤ ᠶᠢ ᠥᠭᠡᠷᠡᠴᠢᠯᠡᠬᠦ ᠪᠠᠷ ᠳᠠᠮᠵᠢᠭᠤᠯᠤᠨ ᠦᠬᠡᠷ ᠲᠤ ᠰᠡᠳᠦᠯᠲᠡ ᠥᠭᠬᠦ ᠴᠢᠨᠠᠷᠲᠠᠢ ᠬᠤᠣᠷᠲᠠᠢ ᠤᠯᠠᠭᠠᠨ ᠭᠡᠷᠡᠯ ᠢ ᠬᠠᠯᠬᠠᠯᠠᠵᠤ᠂ ᠦᠬᠡᠷ ᠤᠨ ᠰᠦᠨ ᠤ ᠭᠠᠷᠤᠯᠲᠠ ᠶᠢᠨ ᠬᠡᠮᠵᠢᠶ᠎ᠡ ᠶᠢ 10% — 12% ᠢᠶᠠᠷ ᠨᠡᠮᠡᠭᠳᠡᠭᠦᠯᠵᠦ ᠴᠢᠳᠠᠨ᠎ᠠ︾ ᠭᠡᠵᠦ ᠤᠯᠤᠰ ᠤᠨ ᠬᠤᠪᠣᠷ ᠰᠢᠷᠣᠢ ᠶᠢᠨ ᠴᠢᠳᠠᠪᠬᠢ ᠶᠢᠨ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠤᠨ ᠬᠤᠪᠣᠷ ᠰᠢᠷᠣᠢ ᠶᠢᠨ ᠭᠡᠷᠡᠯ ᠤᠨ ᠴᠢᠳᠠᠪᠬᠢ ᠶᠢᠨ ᠮᠠᠲ᠋ᠧᠷᠢᠶᠠᠯ ᠵᠢᠴᠢ ᠬᠡᠷᠡᠭᠯᠡᠭᠡᠨ ᠤ ᠬᠦᠷᠢᠶᠡᠨ ᠤ ᠲᠤᠰᠬᠠᠢ ᠮᠡᠷᠭᠡᠵᠢᠯᠲᠡᠨ᠂ ᠤᠯᠤᠰ ᠤᠨ ᠡᠭᠦᠳᠦᠯᠲᠡ ᠶᠢᠨ ᠬᠤᠪᠣᠷ ᠡᠳ᠋ ᠤᠨ ᠬᠡᠷᠡᠭ ᠮᠡᠳᠡᠭᠴᠢᠳ ᠤᠨ ᠳᠠᠷᠤᠭ᠎ᠠ ᠯᠢᠦ ᠫᠧᠩ ᠢᠯᠡᠳᠬᠡᠪᠡ᠃     ᠣᠶᠢᠯᠠᠭᠠᠭᠰᠠᠨ ᠢᠶᠠᠷ᠂ ᠤᠯᠤᠰ ᠤᠨ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠤᠨ ᠰᠤᠳᠤᠯᠤᠨ ᠨᠡᠭᠡᠭᠡᠬᠦ ᠪᠦᠯᠬᠦᠮ ᠤᠨ ᠬᠢᠨ ᠯᠠᠨᠲ᠋ᠠᠨ᠂ ᠼᠧᠷᠢ ᠵᠡᠷᠭᠡ ᠬᠤᠪᠣᠷ ᠰᠢᠷᠣᠢ ᠶᠢᠨ ᠡᠯᠧᠮᠧᠨ᠋ᠲ ᠤᠨ ᠲᠣᠬᠢᠷᠠᠭᠤᠯᠤᠯᠲᠠ ᠶᠢᠨ ᠬᠠᠷᠢᠴᠠᠯ ᠳᠤ ᠲᠣᠬᠢᠷᠠᠭᠤᠯᠤᠯᠲᠠ ᠬᠢᠵᠦ᠂ ᠤᠷᠠᠯᠠᠯ ᠢᠶᠠᠨ ᠰᠠᠶᠢᠵᠢᠷᠠᠭᠤᠯᠬᠤ ᠪᠠᠷ ᠳᠠᠮᠵᠢᠭᠤᠯᠤᠨ᠂ ᠡᠨᠡ ᠵᠢᠯ ᠪᠠᠰᠠ ᠴᠠᠭᠠᠨ ᠬᠡᠷᠡᠯᠳᠦ LED ᠶᠢᠨ ᠬᠥᠬᠡ ᠬᠡᠷᠡᠯ ᠢ ᠰᠡᠷᠭᠡᠶᠢᠯᠡᠬᠦ ᠡᠷᠡᠭᠦᠯ ᠭᠡᠷᠡᠯᠲᠦᠭᠦᠯᠭᠡ ᠶᠢᠨ ᠦᠢᠯᠡᠳᠬᠦᠨ ᠭᠠᠷᠭᠠᠵᠤ᠂ ᠬᠡᠷᠡᠯ ᠤᠨ ᠦᠢᠯᠡᠳᠦᠯ ᠨᠢ ᠪᠠᠶᠢᠭᠠᠯᠢ ᠶᠢᠨ ᠬᠡᠷᠡᠯ ᠤᠨ ᠦᠷ᠎ᠡ ᠳ᠋ᠦᠩ ᠳᠤ ᠬᠦᠷᠴᠦ᠂ ᠬᠤᠪᠣᠷ ᠰᠢᠷᠣᠢ ᠶᠢᠨ ᠰᠢᠨ᠎ᠡ ᠬᠡᠯᠪᠡᠷᠢ ᠶᠢᠨ ᠬᠡᠷᠡᠯ ᠤᠨ ᠴᠢᠮᠡᠭᠯᠡᠯ ᠤᠨ ᠦᠷ᠎ᠡ ᠪᠦᠲᠦᠭᠡᠯ ᠤᠨ ᠠᠵᠤ  ᠦᠢᠯᠡᠰᠵᠢᠯᠳᠡ ᠶᠢᠨ ᠬᠥᠭᠵᠢᠯᠲᠡ ᠶᠢ ᠤᠯᠠᠮ ᠨᠢᠭᠡ ᠠᠯᠬᠤᠮ ᠲᠦᠷᠭᠡᠳᠬᠡᠵᠡᠢ᠃      ︽0.2% ᠤᠨ ᠵᠠᠰᠠᠯ ᠴᠢᠮᠡᠭᠯᠡᠯ ᠤᠨ ᠨᠤᠨᠳᠠᠭ ᠢ ᠨᠡᠮᠡᠪᠡᠯ ᠣᠯᠣᠭᠰᠠᠨ ᠬᠥᠬᠡ ᠬᠡᠷᠡᠯ ᠤᠨ ᠬᠡᠮᠵᠢᠭᠳᠡᠯ ᠨᠢ 0.6% ᠪᠠᠷ ᠪᠠᠭᠤᠷᠠᠵᠤ᠂ ᠲᠣᠰ ᠮᠡᠷᠭᠡᠵᠢᠯ ᠨᠢ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠲᠦᠪᠰᠢᠨ ᠳᠤ ᠭᠦᠷᠦᠭᠰᠡᠨ ᠪᠠᠶᠢᠨ᠎ᠠ︾ ᠯᠢᠦ ᠫᠧᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠤᠯᠤᠰ ᠤᠨ ᠬᠤᠪᠣᠷ ᠰᠢᠷᠣᠢ ᠶᠢᠨ ᠴᠢᠳᠠᠮᠵᠢ ᠶᠢᠨ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠪᠠᠶᠢᠭᠤᠯᠤᠭᠳᠠᠭᠰᠠᠨ ᠠᠴᠠ ᠨᠠᠰᠢ᠂ ᠠᠵᠤ ᠦᠢᠯᠡᠰ ᠤᠨ ᠥᠨᠳᠥᠷ ᠥᠷᠲᠡᠭᠲᠦ ᠬᠡᠷᠡᠭᠯᠡᠭᠡ ᠪᠠ ᠠᠵᠢᠯ ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠭᠤᠣᠯ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠠᠷᠢᠭᠤᠨ ᠴᠡᠪᠡᠷ ᠡᠨᠧᠷᠭᠢ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠵᠡᠷᠭᠡ ᠬᠡᠷᠡᠭᠯᠡᠭᠡᠨ ᠤ ᠬᠦᠷᠢᠶ᠎ᠡ ᠶᠢ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ᠂ ᠤᠰᠤᠲᠥ᠋ᠷᠥᠭᠴᠢ ᠬᠠᠳᠠᠭᠠᠯᠠᠬᠤ᠂ ᠬᠠᠶᠢᠯᠤᠰᠢ ᠮᠠᠲ᠋ᠧᠷᠢᠶᠠᠯ ᠵᠡᠷᠭᠡ ᠰᠤᠳᠤᠯᠭᠠᠨ ᠤ ᠴᠢᠭᠯᠡᠯ ᠳᠤ᠂ 12 ᠵᠤᠷᠪᠤᠰ ᠠᠵᠤ ᠦᠢᠯᠡᠰᠵᠢᠯᠳᠡ ᠶᠢᠨ ᠵᠢᠱᠢᠶ᠎ᠡ ᠦᠵᠡᠭᠦᠯᠬᠦ ᠱᠤᠭᠤᠮ ᠢ ᠪᠠᠶᠢᠷᠢᠰᠢᠭᠤᠯᠤᠨ ᠪᠠᠶᠢᠭᠤᠯᠵᠤ᠂ ᠬᠤᠪᠣᠷ ᠰᠢᠷᠣᠢ ᠶᠢᠨ ᠰᠢᠰᠲ᠋ᠧᠮ ᠤᠨ ᠬᠠᠲᠠᠭᠤ ᠪᠡᠶᠡᠲᠦ ᠤᠰᠤᠲᠥ᠋ᠷᠥᠭᠴᠢ ᠬᠠᠳᠠᠭᠠᠯᠠᠬᠤ ᠲᠣᠨᠣᠭᠯᠠᠯ᠂ ᠬᠤᠪᠢᠰᠤᠯᠲᠠ ᠶᠢᠨ ᠬᠡᠯᠪᠡᠷᠢ ᠶᠢᠨ ᠥᠨᠳᠥᠷ ᠴᠢᠳᠠᠪᠬᠢᠲᠤ ᠰᠠᠮᠠᠷᠢ ᠺᠣᠪᠠᠯᠲ ᠤᠨ ᠲᠣᠭᠲᠠᠮᠠᠯ ᠰᠣᠷᠢᠨᠵᠢᠨ ᠮᠠᠲ᠋ᠧᠷᠢᠶᠠᠯ᠂ ᠰᠢᠨ᠎ᠡ ᠬᠡᠯᠪᠡᠷᠢ ᠶᠢᠨ ᠵᠠᠬᠢᠶᠠᠯᠠᠨ ᠦᠢᠯᠡᠳᠦᠭᠰᠡᠨ ᠨᠧᠦᠳᠢᠮ ᠲᠡᠮᠦᠷ ᠪᠤᠷ ᠤᠨ ᠰᠣᠷᠢᠨᠵᠢᠨ ᠨᠤᠨᠳᠠᠭ ᠵᠡᠷᠭᠡ ᠨᠢᠭᠡ ᠪᠦᠯᠦᠭ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠣᠶ ᠪᠣᠯᠭᠠᠵᠤ᠂ 35 ᠵᠦᠢᠯ ᠤᠨ ᠡᠭᠦᠳᠦᠯᠲᠡ ᠶᠢᠨ ᠲᠤᠰᠬᠠᠢ ᠠᠰᠢᠭ ᠤᠨ ᠡᠷᠬᠡ ᠣᠯᠭᠤᠵᠤ᠂ 28 ᠵᠦᠢᠯ ᠤᠨ ᠰᠤᠳᠤᠯᠤᠨ ᠦᠢᠯᠡᠳᠬᠦ ᠪᠠᠷᠢᠮᠵᠢᠶ᠎ᠠ ᠶᠢ ᠰᠤᠳᠤᠯᠤᠨ ᠦᠢᠯᠡᠳᠦᠭᠰᠡᠨ ᠪᠠᠶᠢᠨ᠎ᠠ᠃     ᠲᠦᠷᠦᠭᠦᠬᠡᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠰᠢᠰᠲ᠋ᠧᠮ ᠲᠠᠢ ᠪᠠᠷ ᠬᠠᠶᠢᠨ ᠪᠠᠶᠢᠴᠠᠭᠠᠵᠤ ᠦᠨᠡᠯᠡᠬᠦ᠂ ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠬᠥᠭᠵᠢᠭᠦᠯᠬᠦ᠂ ᠴᠢᠨᠠᠷ ᠰᠠᠶᠢᠲᠠᠢ ᠠᠰᠢᠭᠯᠠᠬᠤ᠂ ᠵᠢᠷᠤᠮᠵᠢᠭᠤᠯᠤᠨ ᠬᠠᠮᠢᠶᠠᠷᠬᠤ ᠶᠢ ᠳᠡᠮᠵᠢᠵᠦ᠂ ᠬᠤᠪᠣᠷ ᠰᠢᠷᠣᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ ᠭᠡᠵᠦ ᠵᠢᠭᠠᠵᠤ ᠭᠠᠷᠭᠠᠪᠠ᠃     ︽ᠪᠢᠳᠡ ᠬᠤᠪᠣᠷ ᠰᠢᠷᠣᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠠᠩᠬᠠᠨ ᠤ ᠰᠢᠨ᠎ᠡ ᠶᠢ ᠡᠭᠦᠳᠬᠦ ᠪᠠ ᠬᠤᠷᠠᠮᠠᠯ ᠰᠢᠨ᠎ᠡ ᠶᠢ ᠡᠭᠦᠳᠬᠦ ᠶᠢ ᠥᠷᠨᠢᠭᠦᠯᠵᠦ᠂ ᠦᠢᠯᠡᠳᠪᠦᠷᠢᠯᠡᠬᠦ᠂ ᠰᠤᠷᠤᠯᠴᠠᠬᠤ᠂ ᠰᠤᠳᠤᠯᠬᠤ᠂ ᠬᠡᠷᠡᠭᠯᠡᠬᠦ᠂ ᠬᠠᠶᠢᠯᠤᠭᠤᠯᠬᠤ᠂ ᠬᠡᠮᠵᠢᠬᠦ ᠵᠡᠷᠭᠡ ᠬᠥᠭᠵᠢᠯᠲᠡ ᠶᠢᠨ ᠠᠯᠢ ᠣᠯᠠᠨ ᠬᠦᠴᠦᠨ ᠵᠦᠢᠯ ᠢ ᠤᠯᠠᠮ ᠨᠢᠭᠡ ᠠᠯᠬᠤᠮ ᠬᠤᠷᠠᠮᠳᠤᠭᠤᠯᠤᠨ᠂ ᠤᠯᠤᠰ   ᠠᠴᠠ ᠬᠤᠪᠣᠷ ᠰᠢᠷᠣᠢ ᠶᠢᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠪᠠ ᠠᠵᠢᠯ ᠲᠥᠷᠥᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠵᠢᠴᠢ ︿ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ﹀ ᠤᠨ ᠪᠦᠲᠦᠭᠡᠨ ᠪᠠᠶᠢᠭᠤᠯᠤᠯᠲᠠ ᠶᠢᠨ ᠠᠰᠢᠭᠲᠠᠢ ᠠᠵᠠ ᠲᠣᠬᠢᠶᠠᠯ ᠢ ᠠᠳᠬᠤᠨ᠂ ᠬᠤᠪᠣᠷ ᠰᠢᠷᠣᠢ ᠶᠢᠨ ᠠᠵᠤ ᠦᠢᠯᠡᠰ ᠤᠨ ᠳᠡᠭᠡᠳᠦ ᠲᠠᠰ ᠤᠨ᠂ ᠣᠶᠤᠨᠴᠢᠯᠠᠯᠲᠠ ᠳᠠᠰᠢ ᠬᠥᠭᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ︾ ᠭᠡᠵᠦ ᠤᠯᠤᠰ ᠤᠨ ᠬᠤᠪᠣᠷ ᠰᠢᠷᠣᠢ ᠶᠢᠨ ᠴᠢᠳᠠᠪᠬᠢ ᠶᠢᠨ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠤᠨ ᠶᠡᠷᠦᠩᠬᠡᠢ ᠳᠠᠭᠠᠭᠠᠮᠠᠯ ᠯᠢᠦ ᠸᠧᠢ ᠢᠯᠡᠳᠬᠡᠪᠡ᠃    ᠳᠡᠭᠡᠳᠦ ᠲᠠᠰ ᠤᠨ ᠪᠠᠶᠢᠷᠢᠰᠢᠭᠤᠯᠤᠯᠲᠠ ᠪᠠᠷ ᠠᠵᠤ ᠦᠢᠯᠡᠰ ᠤᠨ ᠦᠵᠦᠭᠦᠷ ᠤᠨ ᠢᠷᠡᠭᠡᠳᠦᠢ ᠶᠢᠨ ᠬᠦᠭᠵᠢᠯᠳᠡ  ᠶᠢᠨ ᠬᠠᠨᠳᠣᠰᠢ ᠶᠢ ᠣᠨᠣᠰᠢᠯᠠᠪᠠ     ᠪᠦᠷᠢᠳᠬᠡᠯ ᠢ ᠦᠨᠳᠦᠰᠦᠯᠡᠪᠡᠯ᠂ ᠠᠵᠤ ᠦᠢᠯᠡᠳᠪᠦᠷᠢ ᠶᠢᠨ ᠴᠠᠬᠢᠯᠭᠠᠨ ᠮᠠᠰᠢᠨ ᠤ ᠣᠷᠣᠯᠠᠬᠤ ᠬᠦᠷᠢᠶᠡᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠡᠶᠢᠲᠡ 1113 ᠲᠦᠮᠡᠨ ᠺᠢᠯᠣᠸᠠᠲ ᠤᠨ ᠣᠷᠣᠯᠠᠬᠤ ᠬᠡᠷᠡᠭᠴᠡᠭᠡ ᠱᠠᠭᠠᠷᠳᠠᠯᠭ᠎ᠠ ᠲᠠᠢ᠂ ᠪᠤᠭᠤᠲᠤ ᠬᠤᠲᠠ 81.7 ᠲᠦᠮᠡᠨ ᠺᠢᠯᠣᠸᠠᠲ ᠤᠨ ᠣᠷᠣᠯᠠᠬᠤ ᠬᠡᠷᠡᠭᠴᠡᠭᠡ ᠱᠠᠭᠠᠷᠳᠠᠯᠭ᠎ᠠ ᠲᠠᠢ  ᠃ ᠮᠠᠰᠢᠨ ᠲᠡᠷᠭᠡᠨ ᠤ ᠴᠠᠬᠢᠯᠭᠠᠨ ᠮᠠᠰᠢᠨ ᠤ ᠬᠦᠷᠢᠶᠡᠨ ᠳᠤ᠂ ᠪᠧᠢ ᠪᠣᠨ ᠬᠦᠨᠳᠦ ᠺᠠᠷᠲ ᠤᠨ ᠵᠢᠯ ᠳᠤ 5 ᠲᠦᠮᠡᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠦᠢᠯᠡᠳᠪᠦᠷᠢᠯᠡᠵᠦ᠂ ᠤᠮᠠᠷᠠᠲᠤ ᠶᠢᠨ ᠬᠤᠪᠢ ᠣᠷᠣᠭᠤᠯᠤᠭᠰᠠᠨ ᠠᠭᠤᠷᠬᠠᠢ ᠶᠢᠨ ᠮᠠᠰᠢᠨ ᠲᠡᠷᠭᠡᠨ ᠤ ᠵᠢᠯ ᠤᠨ ᠦᠢᠯᠡᠳᠪᠦᠷᠢᠯᠡᠯ ᠤᠨ ᠴᠢᠳᠠᠪᠤᠷᠢ 1000 ᠬᠦᠷᠴᠡᠢ᠂ ᠪᠦᠬᠦ ᠥᠪᠡᠷᠲᠡᠭᠡᠨ ᠵᠠᠰᠠᠬᠤ ᠣᠷᠣᠨ ᠤ ᠪᠠᠶᠢᠳᠠᠯ ᠢ ᠠᠵᠢᠭᠯᠠᠪᠠᠯ᠂ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠵᠠᠬ᠎ᠠ ᠳᠡᠯᠭᠡᠭᠦᠷ ᠤᠨ ᠬᠡᠷᠡᠭᠴᠡᠭᠡ ᠶᠡᠬᠡᠲᠡᠢ ᠪᠠᠶᠢᠨ᠎ᠠ᠂ ᠪᠦᠬᠦ ᠤᠯᠤᠰ ᠲᠤ ᠴᠤ ᠡᠶᠢᠮᠦ ᠪᠠᠶᠢᠨ᠎ᠠ᠃     ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠭᠡᠬᠦ ᠡᠨᠡᠬᠦ ᠥᠷᠭᠡᠨ ᠠᠭᠤᠳᠠᠮ ᠵᠠᠬ᠎ᠠ ᠳᠡᠯᠭᠡᠭᠦᠷ ᠢ ᠵᠠᠪᠳᠤᠨ ᠡᠵᠡᠯᠡᠵᠦ᠂ ᠬᠤᠪᠣᠷ ᠰᠢᠷᠣᠢ ᠶᠢᠨ ᠠᠵᠤ ᠦᠢᠯᠡᠰ ᠤᠨ ᠦᠵᠦᠭᠦᠷ ᠤᠨ ᠬᠡᠷᠡᠭᠯᠡᠭᠡᠨ ᠤ ᠬᠦᠷᠢᠶ᠎ᠡ ᠲᠡᠰᠢ ᠥᠷᠭᠡᠵᠢᠬᠦ ᠶᠢ ᠠᠬᠢᠭᠤᠯᠬᠤ ᠶᠢᠨ ᠲᠥᠯᠥᠭᠡ᠂ ᠰᠠᠷ᠎ᠠ ᠳᠠᠷᠠᠭᠠᠯᠠᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ 210 ᠤᠯᠤᠰ ᠤᠨ ᠵᠠᠮ ᠠᠴᠠ ᠵᠡᠭᠦᠨᠰᠢᠬᠢ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠶᠡᠷᠦᠩᠬᠡᠢ ᠲᠠᠯᠠᠪᠠᠢ ᠨᠢ 3104 ᠮᠦ ︽ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ︾ ᠢ ᠪᠠᠶᠢᠭᠤᠯᠬᠤ ᠪᠠᠷ ᠲᠥᠯᠥᠪᠵᠢᠭᠦᠯᠪᠡ᠃ ᠲᠠᠲᠠᠪᠤᠷᠢᠯᠠᠨ ᠨᠤᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠵᠢᠯᠲᠠᠳ ᠴᠦᠭᠦᠷᠡᠯ ᠦᠭᠡᠢ ᠴᠢᠷᠮᠠᠶᠢᠨ ᠲᠡᠮᠡᠴᠡᠵᠣ ᠨᠡᠶᠢᠳᠡ 2201.04 ᠮᠦ ᠭᠠᠵᠠᠷ ᠰᠢᠷᠣᠢ ᠶᠢ ᠬᠤᠷᠢᠶᠠᠨ ᠠᠪᠤᠪᠠ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠪᠠᠰᠠ ᠰᠤᠯᠠ ᠪᠠᠶᠢᠬᠤ ᠭᠠᠵᠠᠷ ᠰᠢᠷᠣᠢ᠂ ᠦᠢᠯᠡᠳᠪᠦᠷᠢ ᠶᠢᠨ ᠭᠡᠷ ᠪᠠᠶᠢᠰᠢᠩ ᠪᠣᠯᠣᠨ ᠦᠢᠯᠡᠳᠪᠦᠷᠢᠯᠡᠯ ᠢᠶᠠᠨ ᠵᠣᠭᠰᠣᠭᠠᠭᠰᠠᠨ ᠠᠵᠤ ᠠᠬᠤᠶᠢᠯᠠᠯ ᠢ ᠴᠡᠪᠡᠷᠯᠡᠬᠦ ᠡᠷᠴᠢᠮ ᠢᠶᠠᠨ ᠴᠢᠩᠭᠠᠷᠠᠭᠤᠯᠣᠨ ᠣᠳᠣᠬᠠᠨ ᠳᠤ ᠨᠢᠭᠡᠨᠲᠡ 1199 ᠮᠦ ᠰᠤᠯᠠ ᠪᠠᠶᠢᠬᠤ ᠭᠠᠵᠠᠷ ᠰᠢᠷᠣᠢ ᠶᠢ ᠠᠮᠢᠯᠠᠭᠤᠯᠵᠤ᠂ ᠬᠤᠯᠪᠣᠭᠳᠠᠯ ᠪᠦᠬᠦᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠴᠤ ᠪᠠᠴᠢᠮ ᠶᠠᠭᠠᠷᠠᠯᠲᠠᠢ ᠵᠡᠷᠭᠡᠪᠡᠷ ᠶᠠᠪᠣᠭᠳᠠᠭᠤᠯᠣᠨ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠳᠤ ᠨᠡᠩ ᠥᠷᠭᠡᠨ ᠠᠭᠤᠳᠠᠮ ᠣᠷᠣᠨ ᠵᠠᠢ ᠶᠢ ᠨᠡᠭᠡᠭᠡᠵᠦ ᠥᠭᠴᠡᠢ᠃      ︽ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ︾ ᠢ ᠪᠠᠶᠢᠭᠤᠯᠬᠤ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠲᠥᠷᠥ ᠶᠢᠨ ᠪᠣᠳᠣᠯᠭ᠎ᠠ ᠳᠤ ᠲᠦᠰᠢᠭᠯᠡᠨ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠳᠠᠯ ᠦᠭᠡᠢ ︽ᠪᠥᠬᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠠ ᠳᠡᠯᠡᠬᠡᠢ ᠶᠢᠨ ᠲᠡᠷᠢᠭᠦᠨ ᠤ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠨᠡᠶᠢᠲᠡᠯᠡᠬᠦ ᠪᠠᠷ ᠪᠣᠶ᠂ ᠪᠤᠭᠤᠲᠤ ᠬᠤᠲᠠ ᠶᠢᠨ ᠵᠠᠰᠠᠭ ᠤᠨ ᠣᠷᠳᠣᠨ ᠤᠳᠠᠯ ᠦᠭᠡᠢ ︽ᠪᠤᠭᠤᠲᠤ ᠬᠤᠲᠠ ᠶᠢᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ︾ ᠶᠢ ᠨᠡᠶᠢᠲᠡᠯᠡᠬᠦ ᠪᠠᠷ ᠪᠣᠶ᠃ ᠡᠭᠦᠨ ᠤ ᠬᠠᠮᠲᠤ᠂ ᠣᠲᠣ ᠶᠢᠨ ᠪᠠᠶᠢᠭ᠎ᠠ ︽ᠪᠤᠭᠤᠲᠤ ᠬᠤᠲᠠ ᠶᠢᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠢᠴᠢ ᠬᠡᠷᠡᠭᠯᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ︾ ᠳᠤ ᠪᠠᠰᠠ ᠭᠠᠵᠠᠷ ᠰᠢᠷᠣᠢ᠂ ᠬᠠᠲᠠᠭᠤ ᠪᠡᠯᠡ ᠣᠷᠣᠭᠤᠯᠤᠯᠲᠠ᠂ ᠲᠦᠭᠦᠬᠡᠢ ᠮᠠᠲ᠋ᠧᠷᠢᠶᠠᠯ ᠵᠡᠷᠭᠡ ᠲᠤᠯᠤᠭᠠᠨ ᠶᠡᠭᠡ ᠲᠠᠯ᠎ᠠ  ᠠᠴᠠ ᠬᠤᠪᠣᠷ ᠰᠢᠷᠣᠢ ᠶᠢᠨ ᠠᠵᠤ ᠠᠬᠤᠶᠢᠯᠠᠯ ᠳᠤ ᠭᠦᠢᠴᠡᠳ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠣᠯᠭᠤᠪᠠ᠃     ᠠᠵᠤ ᠦᠢᠯᠡᠰ ᠤᠨ ᠭᠤᠣᠯ ᠰᠢᠪᠲᠤᠯᠤᠯᠲᠠ ᠶᠢᠨ ᠴᠢᠭᠯᠡᠯ ᠢ ᠰᠠᠶᠢᠲᠤᠷ ᠡᠵᠡᠮᠳᠡᠵᠦ᠂ ᠴᠠᠭ ᠦᠶ᠎ᠡ ᠶᠢᠨ ᠬᠥᠭᠵᠢᠯᠲᠡ ᠶᠢᠨ ᠠᠯᠬᠤᠴᠠ ᠶᠢ ᠰᠠᠯᠤᠯ ᠦᠭᠡᠢ ᠳᠠᠭᠠᠨ᠎ᠠ᠃ ᠡᠨᠡ ᠵᠢᠯ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ  ᠣᠷᠣᠨ ᠳᠤ ᠳᠤᠮᠳᠠᠳᠤ ᠤᠯᠤᠰ ᠤᠨ ᠮᠠᠰᠢᠨ ᠲᠡᠷᠭᠡᠨ ᠤ ᠴᠠᠬᠢᠯᠭᠠᠨ ᠮᠠᠰᠢᠨ᠂ ᠤᠮᠠᠷᠠᠲᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠮ ᠬᠠᠷᠢᠯᠴᠠᠭᠠᠨ ᠤ ᠲᠣᠮᠣ ᠮᠠᠰᠢᠨ ᠬᠥᠮᠥᠨ ᠤ ᠦᠢᠯᠡᠳᠬᠦᠨ ᠤ ᠬᠡᠪᠴᠢᠶ᠎ᠡ ᠪᠠᠨ ᠤᠯᠠᠮ ᠨᠢᠭᠡ ᠠᠯᠬᠤᠮ  ᠦᠷᠭᠡᠳᠭᠡᠨ᠂ ᠵᠢᠶᠠᠩ ᠰᠢᠨ ᠪᠢᠴᠢᠯ ᠴᠠᠬᠢᠯᠭᠠᠨ ᠮᠠᠰᠢᠨ᠂ ᠶᠢᠨ ᠮᠥ᠋ᠩ ᠬᠤᠢ ᠰᠣᠷᠢᠨᠵᠢᠨ ᠵᠡᠷᠭᠡ ᠶᠢᠨ ᠦᠢᠯᠡᠳᠪᠦᠷᠢᠯᠡᠯ ᠤᠨ ᠲᠤᠨᠤᠭ ᠲᠥᠬᠦᠭᠡᠷᠦᠮᠵᠢ ᠪᠠ ᠤᠷᠠᠯᠠᠯ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠲᠣᠭᠲᠠᠮᠠᠯ ᠰᠣᠷᠢᠨᠵᠢᠨ ᠬᠡᠷᠡᠭᠯᠡᠭᠡᠨ ᠤ ᠡᠯᠧᠺᠲᠷᠣᠨ ᠤ ᠠᠵᠤ ᠦᠢᠯᠡᠰ ᠤᠨ ᠲᠠᠯ᠎ᠠ ᠪᠠᠷ ᠳᠡᠭᠡᠳᠦ ᠲᠡᠰ ᠤᠨ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠶᠢ ᠦᠷᠭᠦᠯᠵᠢᠯᠡᠨ ᠥᠷᠭᠡᠳᠬᠡᠨ᠎ᠡ᠃ ᠤᠮᠠᠷᠠᠲᠤ ᠶᠢᠨ ᠳᠤᠮᠳᠠᠳᠤ  ᠵᠢᠶᠠ ᠲᠧ᠂ ᠤᠮᠠᠷᠠᠲᠤ ᠶᠢᠨ ᠵᠢᠶᠠ ᠰᠢᠤᠸᠠᠨ᠂ ᠶᠢᠨ ᠹᠥ᠋ᠩ ᠴᠠᠬᠢᠯᠭᠠᠨ ᠮᠠᠰᠢᠨ ᠵᠡᠷᠭᠡ ᠲᠦᠷᠦᠯ ᠵᠦᠢᠯ ᠢ ᠡᠷᠲᠡᠬᠡᠨ ᠦᠢᠯᠡᠳᠪᠦᠷᠢᠯᠡᠯ ᠳᠤ ᠣᠷᠣᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠤᠯᠤᠰ ᠤᠨ ᠳᠣᠲᠣᠭᠠᠳᠤ ᠶᠢᠨ ᠲᠣᠯᠣᠭᠠᠢ ᠶᠢᠨ ᠬᠡᠰᠡᠭ ᠤᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ᠂ ᠪᠢᠴᠢᠯ ᠣᠨᠴᠠ ᠴᠠᠬᠢᠯᠭᠠᠨ ᠮᠠᠰᠢᠨ ᠤ ᠲᠥᠷᠥᠯ ᠵᠦᠢᠯ ᠢ ᠦᠷᠭᠦᠯᠵᠢᠯᠡᠨ ᠣᠷᠣᠭᠤᠯᠤᠨ ᠠᠪᠴᠢᠷᠠᠵᠤ᠂ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠡᠷᠲᠡᠬᠡᠨ ᠬᠡᠪᠴᠢᠶ᠎ᠡ ᠪᠠᠨ ᠥᠷᠭᠡᠳᠬᠡᠵᠦ᠂ ᠵᠠᠬ᠎ᠠ ᠳᠡᠯᠭᠡᠭᠦᠷ ᠢ ᠡᠵᠡᠯᠡᠬᠦ ᠶᠢ ᠲᠦᠯᠬᠢᠨ ᠠᠬᠢᠭᠤᠯᠵᠤ᠂ ᠴᠤᠭᠯᠠᠷᠠᠯ ᠤᠨ ᠦᠢᠯᠡᠳᠦᠯ ᠢ ᠪᠣᠶ ᠪᠣᠯᠭᠠᠪᠠ᠃
   ᠪᠦᠬᠦ ᠬᠤᠲᠠ ᠶᠢᠨ ︽ᠨᠢᠭᠡ ᠵᠢᠯ ᠳᠤ ᠳᠡᠯᠭᠡᠷᠡᠭᠦᠯᠵᠦ᠂ ᠬᠤᠶᠠᠷ ᠵᠢᠯ ᠳᠤ ᠳᠦᠷᠢ ᠲᠥᠷᠬᠦ ᠪᠠᠨ ᠢᠯᠡᠷᠡᠭᠦᠯᠦᠨ ᠭᠤᠷᠪᠠᠨ ᠵᠢᠯ ᠳᠤ ᠪᠣᠳᠠᠲᠤ ᠦᠷ᠎ᠡ ᠪᠦᠲᠦᠮᠵᠢ ᠣᠯᠬᠤ︾ ᠵᠢᠭᠠᠪᠤᠷᠢ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ︽︿ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ﹀ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵2023 ︱ 2025 ᠣᠨ︶︾ ᠵᠢᠴᠢ 7 ᠢᠵᠢ ᠪᠦᠷᠢᠳᠦᠭᠦᠯᠬᠦ ᠲᠥᠰᠥᠯ ᠢ ᠣᠨᠴᠠᠭᠠᠶᠢᠯᠠᠨ ᠲᠣᠭᠲᠠᠭᠠᠵᠤ᠂ ︽ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ︾ ᠤᠨ ᠭᠤᠷᠪᠠᠨ ᠵᠢᠯ ᠤᠨ ᠪᠦᠲᠦᠭᠡᠨ ᠪᠠᠶᠢᠭᠤᠯᠤᠯᠲᠠ ᠶᠢᠨ ᠬᠡᠮᠵᠢᠶᠡᠵᠢᠭᠦᠯᠦᠭᠰᠡᠨ ᠭᠦᠢᠴᠡᠳᠬᠡᠯ ᠲᠤᠭ᠎ᠠ ᠶᠢ ᠤᠯᠠᠮ ᠨᠢᠭᠡ ᠠᠯᠬᠤᠮ ᠵᠠᠳᠠᠯᠵᠤ᠂ ᠦᠯᠡᠳᠡᠭᠡᠯ ᠬᠡᠮᠵᠢᠶ᠎ᠡ ᠶᠢ ᠲᠠᠰᠤᠷᠠᠯᠲᠠ ᠦᠭᠡᠢ ᠠᠮᠢᠳᠤᠯᠢᠭ ᠪᠣᠯᠭᠠᠵᠤ᠂ ᠨᠡᠮᠡᠭᠳᠡᠯ ᠤᠨ ᠬᠡᠮᠵᠢᠶ᠎ᠡ ᠶᠢ ᠴᠢᠩᠭᠠᠷᠠᠭᠤᠯᠬᠤ ᠪᠠᠷ ᠳᠠᠮᠵᠢᠭᠤᠯᠤᠨ᠂ ᠪᠥᠬᠦ ᠣᠷᠣᠨ ᠤ ᠬᠦᠴᠦᠨ ᠢ ᠳᠠᠶᠢᠴᠢᠯᠠᠨ ᠪᠥᠬᠦ ᠳᠡᠯᠡᠬᠡᠢ ᠶᠢᠨ ᠲᠡᠷᠢᠭᠦᠨ ᠤ ︽ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ︾ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃     ᠰᠢᠨᠡᠴᠢᠯᠡᠯ ᠢᠶᠠᠷ ᠬᠦᠳᠦᠴᠢ ᠪᠣᠯᠭᠠᠨ ᠬᠤᠪᠣᠷ ᠰᠢᠷᠣᠢ ᠶᠢᠨ ᠠᠵᠤ ᠦᠢᠯᠡᠰ ᠤᠨ ᠥᠨᠳᠥᠷ ᠨᠡᠮᠡᠯᠲᠡ ᠥᠷᠲᠡᠭ ᠤᠨ ᠠᠰᠢᠭᠯᠠᠯᠲᠠ ᠶᠢ ᠤᠷᠢᠳᠠᠪᠠᠷ ᠲᠦᠯᠬᠢᠨ ᠠᠬᠢᠭᠤᠯᠤᠨ᠎ᠠ      ᠬᠡᠷᠪᠡ ᠰᠣᠷᠢᠨᠵᠢᠨ ᠮᠠᠲ᠋ᠧᠷᠢᠶᠠᠯ ᠢ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠭᠤᠣᠯ ᠰᠢᠪᠲᠤᠯᠤᠯᠲᠠ ᠶᠢᠨ ᠴᠢᠭᠯᠡᠯ ᠭᠡᠵᠦ ᠬᠡᠯᠡᠬᠦ ᠳᠤ ᠭᠦᠷᠪᠡᠯ᠂ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠨᠢ ᠬᠤᠪᠣᠷ ᠰᠢᠷᠣᠢ ᠶᠢᠨ ᠬᠡᠷᠡᠭᠯᠡᠭᠡᠨ ᠤ ᠠᠵᠤ ᠦᠢᠯᠡᠰ ᠢ ᠬᠥᠭᠵᠢᠭᠦᠯᠬᠦ ᠭᠤᠣᠯᠯᠠᠬᠤ ᠦᠢᠯᠡᠳᠬᠦᠨ ᠪᠣᠯᠬᠤ ᠨᠢ ᠳᠠᠮᠵᠢᠭ ᠦᠭᠡᠢ ᠶᠤᠮ᠃      ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠮᠡᠷᠭᠡᠵᠢᠯ ᠤᠨ ᠰᠢᠨ᠎ᠡ ᠰᠢᠪᠲᠤᠯᠤᠯᠲᠠ ᠶᠢ ᠲᠠᠰᠤᠷᠠᠯᠲᠠ ᠦᠭᠡᠢ ᠲᠦᠯᠬᠢᠨ ᠠᠬᠢᠭᠤᠯᠬᠤ ᠶᠢᠨ ᠲᠥᠯᠥᠭᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ︽ᠨᠢᠭᠡ ᠤᠯᠤᠰ ᠤᠨ ᠳᠥᠷᠪᠡᠨ ᠲᠥᠪ ᠢ ᠴᠢᠬᠤᠯᠠᠴᠢᠯᠠᠬᠤ︾ ᠳᠤ ᠲᠦᠰᠢᠭᠯᠡᠨ᠂ ᠲᠤᠬᠠᠶᠢᠯᠠᠪᠠᠯ ︽ᠪᠠᠶᠠᠨ᠋ᠣ᠋ᠪᠣᠭ᠎ᠠ ᠶᠢᠨ ᠬᠤᠪᠣᠷ ᠰᠢᠷᠣᠢ ᠶᠢᠨ ᠡᠬᠢ ᠪᠠᠶᠠᠯᠢᠭ ᠢ ᠰᠤᠳᠤᠯᠬᠤ ᠪᠠ ᠶᠡᠷᠦᠩᠬᠡᠶᠢᠯᠡᠨ ᠠᠰᠢᠭᠯᠠᠬᠤ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠠᠵᠤ ᠦᠢᠯᠡᠰ ᠤᠨ ᠬᠡᠮᠵᠢᠨ ᠰᠢᠯᠭᠠᠬᠤ ᠲᠥᠪ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠤᠭᠤᠲᠤ ᠶᠢᠨ ᠬᠤᠪᠣᠷ ᠰᠢᠷᠣᠢ ᠶᠢᠨ ᠰᠤᠳᠤᠯᠤᠨ ᠨᠡᠭᠡᠭᠡᠬᠦ ᠲᠥᠪ᠂ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠪᠠ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ︾ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠪᠣᠯᠣᠨ᠎ᠠ᠃ ᠪᠠᠰᠨ ᠬᠤᠪᠣᠷ ᠰᠢᠷᠣᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠮᠠᠲ᠋ᠧᠷᠢᠶᠠᠯ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠵᠡᠷᠭᠡ 6 ᠠᠺᠠᠳᠧᠮᠢᠴᠢ ᠶᠢᠨ ᠠᠵᠢᠯ ᠤᠨ ᠥᠷᠲᠡᠭᠡ ᠪᠠᠷ ᠲᠤᠯᠭᠠᠭᠤᠷᠢᠯᠠᠯ ᠪᠣᠯᠭᠠᠵᠤ᠂ ᠰᠢᠨ᠎ᠡ ᠪᠠᠷ ᠣᠷᠣᠭᠤᠯᠤᠨ ᠠᠪᠴᠢᠷᠠᠭᠰᠠᠨ ᠤᠮᠠᠷᠠᠲᠤ ᠶᠢᠨ ᠵᠥᠩ ᠵᠢᠶᠠ ᠲᠧ᠂ ᠤᠮᠠᠷᠠᠲᠤ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ᠂ ᠶᠦᠩ ᠴᠤᠸᠠᠩ ᠣᠶᠤᠨᠲᠤ ᠵᠡᠷᠭᠡ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠦᠢᠯᠡᠳᠬᠦ ᠵᠢᠴᠢ ᠬᠡᠷᠡᠭᠯᠡᠭᠡᠨ ᠤ ᠠᠵᠤ ᠠᠬᠤᠶᠢᠯᠠᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠢᠳᠡᠪᠬᠢᠲᠡᠢ ᠠᠬᠢᠭᠤᠯᠤᠨ᠎ᠠ᠃ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠲᠥᠷᠥᠯ ᠵᠦᠢᠯ ᠢ ᠦᠷᠭᠦᠯᠵᠢᠯᠡᠨ ᠡᠷᠴᠢᠮᠲᠡᠢ ᠬᠡᠷᠡᠭᠵᠢᠭᠦᠯᠵᠦ᠂ ᠢᠨᠰᠲ᠋ᠧ 3C ᠰᠣᠷᠢᠨᠵᠢᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠶᠦᠨ ᠱᠧᠩ ᠤᠨ ᠵᠢᠯ ᠳᠤ 15000 ᠲᠣᠨ ᠥᠨᠳᠥᠷ ᠴᠢᠳᠠᠪᠬᠢ ᠲᠠᠢ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠢ ᠣᠶᠤᠨᠴᠢ ᠪᠠᠷ ᠦᠢᠯᠡᠳᠬᠦ ᠵᠡᠷᠭᠡ 34 ᠬᠤᠪᠣᠷ ᠰᠢᠷᠣᠢ ᠶᠢᠨ ᠠᠵᠤ ᠦᠢᠯᠡᠰ ᠤᠨ ᠲᠥᠷᠥᠯ ᠵᠦᠢᠯ ᠢ ᠦᠢᠯᠡᠳᠪᠦᠷᠢᠯᠡᠵᠦ᠂ ᠵᠢᠯ ᠤᠨ ᠳᠣᠲᠣᠷ᠎ᠠ 112.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠃
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠷ ᠵᠠᠯᠠᠭᠤ ᠨᠠᠰᠤᠨ ᠤ ᠲᠤᠰᠬᠠᠢ ᠮᠡᠷᠭᠡᠵᠢᠯᠲᠡᠨ᠂ ᠥᠪᠥᠷ ᠮᠣᠩᠭᠤᠯ ᠤᠨ ︽ᠲᠠᠯ᠎ᠠ ᠨᠤᠲᠤᠭ ᠤᠨ ᠴᠢᠳᠠᠪᠤᠷᠢᠲᠠᠨ︾᠂ ᠪᠤᠭᠤᠲᠤ ᠶᠢᠨ ᠴᠠᠩ ᠠᠨ ᠤ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠠᠩ ᠵᠢᠢ ᠫᠧᠩ ᠤᠨ ᠦᠵᠡᠬᠦ ᠪᠠᠷ ᠂ ᠲᠡᠭᠦᠨ ᠤ ᠳᠠᠭᠠᠭᠤᠯᠤᠭᠰᠠᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠰᠤᠳᠤᠯᠭᠠᠨ ᠤ ᠪᠦᠯᠬᠦᠮ ᠨᠢ 20 ᠭᠠᠷᠤᠢ ᠲᠦᠷᠦᠯ ᠤᠨ᠂ 500 ᠭᠠᠷᠤᠢ ᠬᠡᠮᠵᠢᠶᠡᠨ ᠤ ᠥᠨᠳᠥᠷ ᠨᠠᠷᠢᠯᠢᠭ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠢ ᠰᠤᠳᠤᠯᠤᠨ ᠭᠠᠷᠭᠠᠵᠤ᠂ ᠤᠳᠤᠨ ᠴᠣᠭᠴᠠᠰ ᠤᠨ ᠬᠡᠮᠵᠢᠯᠲᠡ᠂ ᠰᠢᠨ᠎ᠡ ᠮᠠᠶ᠋ᠢᠭ ᠤᠨ ᠪᠠᠶᠢᠯᠳᠤᠭᠠᠨ ᠤ ᠨᠢᠰᠬᠡᠯ᠂ ᠠᠭᠠᠷ ᠤᠨ ᠠᠶᠠᠯᠠᠯ ᠤᠨ ᠬᠥᠳᠡᠯᠭᠡᠭᠦᠷ ᠵᠡᠷᠭᠡ ᠬᠦᠷᠢᠶᠡᠨ ᠳᠤ ᠠᠮᠵᠢᠯᠲᠠᠲᠠᠢ ᠬᠡᠷᠡᠭᠯᠡᠵᠦ᠂ ᠤᠯᠤᠰ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠡᠯᠧᠺᠲᠷᠣᠨ ᠣᠩᠭᠤᠴᠠ ᠰᠠᠯ᠂ ᠤᠰᠤᠨ ᠳᠣᠲᠣᠷᠠᠬᠢ ᠵᠡᠷ ᠵᠡᠪᠰᠡᠭ ᠪᠣᠯᠣᠨ ᠴᠥᠮ᠎ᠡ ᠶᠢᠨ ᠠᠵᠤ ᠦᠢᠯᠡᠳᠪᠦᠷᠢ ᠶᠢᠨ ᠬᠦᠷᠢᠶᠡᠨ ᠳᠤ ᠶᠡᠭᠡ ᠬᠡᠮᠵᠢᠶᠡᠨ ᠤ ᠠᠩᠬ᠎ᠠ ᠡᠭᠦᠳᠦᠯᠲᠡ᠂ ᠲᠡᠷᠢᠭᠦᠨ ᠤ᠂ ᠨᠠᠶᠢᠳᠠᠪᠤᠷᠢᠲᠠᠢ ᠮᠡᠷᠭᠡᠵᠢᠯ ᠤᠨ ᠪᠦᠲᠦᠭᠡᠭᠳᠡᠬᠦᠨ ᠢ ᠬᠠᠩᠭᠠᠵᠠᠢ᠃     ︽ᠰᠢᠨ᠎ᠡ   ᠶᠢ ᠡᠭᠦᠳᠬᠦ ᠪᠣᠯ ᠨᠢᠭᠡᠨ ᠠᠵᠤ ᠠᠬᠤᠶᠢᠯᠠᠯ ᠤᠨ ᠣᠷᠣᠰᠢᠨ ᠲᠣᠭᠲᠠᠨᠢᠬᠤ   ᠶᠢᠨ ᠵᠠᠩᠭᠢᠯᠠᠭ᠎ᠠ ᠪᠠ ᠦᠨᠳᠦᠰᠦ ᠮᠥᠨ᠂ ᠠᠵᠤ ᠠᠬᠤᠶᠢᠯᠠᠯ ᠨᠢ ᠭᠠᠭᠴᠨ ᠬᠦ ᠮᠡᠷᠭᠡᠵᠢᠯ ᠢᠶᠠᠷ ᠣᠷᠣᠶᠢᠯᠠᠪᠠᠯ ᠦᠢᠯᠡᠳᠬᠦᠨ ᠨᠢ ᠰᠠᠶ᠋ᠢ ᠵᠠᠬ᠎ᠠ ᠳᠡᠯᠭᠡᠭᠦᠷ ᠲᠤ ᠬᠥᠯ ᠲᠣᠭᠲᠠᠬᠤ ᠭᠠᠵᠠᠷ ᠲᠠᠢ ᠪᠣᠯᠵᠤ ᠴᠢᠳᠠᠨ᠎ᠠ︾ ᠭᠡᠵᠦ ᠵᠠᠩ ᠵᠢᠢ ᠫᠧᠩ ᠢᠯᠡᠳᠬᠡᠪᠡ᠃      ᠪᠤᠭᠤᠲᠤ ᠶᠢᠨ ᠤᠮᠠᠷᠠᠲᠤ ᠶᠢᠨ ᠵᠦᠩ ᠵᠢᠶᠠ ᠲᠧ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠪᠠᠶᠢᠩᠭᠤ ᠶᠢᠨ ᠳᠡᠳ᠋ ᠶᠡᠷᠦᠩᠬᠡᠢ ᠳᠠᠭᠠᠭᠠᠮᠠᠯ ᠮᠠ ᠯᠢ ᠵᠢᠶᠠ᠂ ᠤᠯᠤᠰ ᠤᠨ ︽ᠬᠤᠣᠰ ᠨᠡᠭᠦᠷᠡᠰᠦᠲᠥ᠋ᠷᠥᠭᠴᠢ︾ ᠶᠢᠨ ᠲᠦᠷᠦ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ᠂ ᠴᠠᠬᠢᠯᠭᠠᠨ ᠵᠠᠷᠤᠴᠠᠭᠤᠯᠬᠤ ᠬᠡᠮᠵᠢᠶ᠎ᠡ ᠪᠠᠷ ᠬᠠᠮᠤᠭ ᠤᠨ ᠶᠡᠭᠡ ᠨᠢ ᠴᠠᠬᠢᠯᠭᠠᠨ ᠮᠠᠰᠢᠨ ᠪᠣᠯᠣᠨ᠎ᠠ ᠭᠡᠵᠦ ᠢᠯᠡᠳᠬᠡᠪᠡ᠃ ᠲᠣᠰ ᠠᠵᠤ ᠠᠬᠤᠶᠢᠯᠠᠯ ᠨᠢ ︽6kV500kW ᠲᠣᠭᠲᠠᠮᠠᠯ ᠰᠣᠷᠢᠨᠵᠢᠨᠲᠤ ᠰᠢᠭᠤᠳ ᠬᠤᠪᠢᠰᠬᠤ ᠳᠠᠪᠲᠠᠮᠵᠢ ᠶᠢᠨ ᠬᠤᠷᠳᠤᠴᠠ ᠲᠣᠬᠢᠷᠠᠭᠤᠯᠬᠤ ᠨᠢᠭᠡ ᠴᠣᠭᠴᠠᠲᠤ ᠮᠠᠰᠢᠨ︾ ᠢ ᠢᠳᠡᠪᠬᠢᠲᠡᠢ ᠪᠠᠷ ᠰᠤᠳᠤᠯᠤᠨ ᠨᠡᠭᠡᠭᠡᠵᠦ᠂ ᠭᠤᠷᠪᠠᠨ ᠰᠠᠤᠷᠢ ︽315kW ᠴᠠᠬᠢᠯᠭᠠᠨ ᠮᠠᠰᠢᠨ + ᠰᠢᠩᠭᠡᠨ ᠬᠦᠴᠦᠨ ᠤ ᠡᠪᠦᠴᠡᠯᠳᠦᠭᠦᠷ + ᠤᠳᠠᠭᠠᠰᠢᠷᠠᠭᠤᠯᠬᠤ ᠮᠠᠰᠢᠨ︾ ᠢ ᠰᠣᠯᠢᠵᠤ ᠪᠣᠯᠬᠤ ᠪᠥᠭᠡᠳ ᠴᠠᠬᠢᠯᠭᠠᠨ ᠠᠷᠪᠢᠯᠠᠬᠤ ᠨᠣᠷᠮ᠎ᠠ ᠨᠢ 33% ᠳᠤ ᠬᠦᠷᠴᠡᠢ᠃     ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠨᠢ ᠤᠶᠤᠯᠢᠭ ᠦᠢᠯᠡᠳᠬᠦ ᠦᠢᠯᠡᠰ ᠲᠤ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠤᠶᠤᠯᠢᠭ ᠦᠢᠯᠡᠳᠬᠦ ᠦᠢᠯᠡᠰ ᠨᠢ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠳᠤ  ︽ᠰᠦᠭ ᠰᠦᠨᠡᠰᠦ ᠣᠯᠭᠤᠳᠠᠭ︾᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ︽ᠣᠷᠣ ᠦᠭᠡᠢ ᠭᠠᠵᠠᠷ ᠣᠪᠣᠭ᠎ᠠ ᠪᠣᠰᠬᠠᠬᠤ︾ ︽ᠳᠤᠮᠳᠠ ᠵᠡᠷᠭᠡ ᠠᠴᠠ ᠰᠢᠨ᠎ᠡ ᠶᠢ ᠪᠣᠶ ᠪᠣᠯᠭᠠᠬᠤ︾ ᠶᠢ ᠵᠡᠷᠭᠡᠪᠡᠷ ᠠᠳᠬᠤᠬᠤ ᠶᠢ ᠪᠠᠷᠢᠮᠲᠠᠯᠠᠨ᠂ ᠰᠣᠷᠢᠨᠵᠢᠨᠲᠤ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠬᠡᠷᠡᠭᠯᠡᠭᠡᠨ ᠤ ᠦᠵᠦᠭᠦᠷ ᠳᠠᠰᠢ ᠤᠷᠲᠤᠳᠬᠠᠬᠤ ᠶᠢ ᠶᠡᠬᠡᠪᠡᠷ ᠠᠬᠢᠭᠤᠯᠵᠤ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠪᠣᠬᠢᠷᠲᠤᠯ ᠦᠭᠡᠢ᠂ ᠣᠶᠤᠨᠴᠢᠯᠠᠯᠲᠠ᠂ ᠬᠡᠪᠴᠢᠶᠡᠵᠢᠯᠲᠡ ᠳᠠᠰᠢ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠤᠨ᠎ᠠ᠃  
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号