【 ᠲᠠᠪᠤᠨ ᠶᠡᠭᠡ ᠡᠭᠦᠷᠭᠡ 】2023 ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠷᠢᠶᠠᠨ ᠤ ᠲᠠᠪᠴᠠᠩ ᠭᠦᠭᠡᠬᠤᠲᠠ ᠳᠤ ᠶᠠᠪᠤᠭᠳᠠᠪᠠ ᠪᠦᠦ ᠰᠢᠶᠠᠨ ᠬᠤᠸᠠ ᠪᠠᠶᠠᠷ ᠤᠨ ᠦᠭᠡ ᠬᠡᠯᠡᠵᠦ ᠶᠠᠩ ᠵᠢᠶᠧ ᠣᠷᠣᠯᠴᠠᠵᠠᠢ
ᠨᠡᠶᠢᠲᠡᠯᠡᠭᠰᠡᠨ ᠴᠠᠭ᠄
2023/12/12
      12 ᠰᠠᠷ᠎ᠠ ᠶᠢᠨ 8᠎ ᠤ ᠡᠳᠦᠷ᠂ ︽ᠰᠢᠨ᠎ᠡ ᠴᠠᠭ ᠦᠶ᠎ᠡ ᠰᠢᠨ᠎ᠡ ᠵᠢᠳᠬᠦᠯ ᠴᠢᠷᠮᠠᠶᠢᠯᠭ᠎ᠠ ᠰᠢᠨ᠎ᠡ ᠬᠠᠭᠤᠳᠠᠰᠤ — ᠣᠳᠣᠬᠢᠴᠢᠯᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠤᠶ᠎ᠠ︾᠎ ᠪᠠᠷ ᠭᠤᠣᠯ ᠰᠡᠳᠦᠪ ᠪᠤᠯᠭᠠᠬᠰᠠᠨ 2023 ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠷᠢᠶᠠᠨ ᠤ ᠲᠠᠪᠴᠠᠩ ᠭᠦᠭᠡᠬᠤᠲᠠ ᠳᠤ ᠶᠠᠪᠤᠭᠳᠠᠪᠠ᠃ ᠪᠦᠭᠦ ᠤᠯᠤᠰ ᠤᠨ ᠵᠠᠭᠤ ᠭᠠᠷᠤᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ᠂ ᠲᠤᠰᠬᠠᠢ ᠮᠡᠷᠭᠡᠵᠢᠯᠲᠡᠨ ᠡᠷᠳᠡᠮᠲᠡᠨ ᠨᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠭᠤᠣᠯ ᠰᠡᠳᠦᠪ ᠤᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃       ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠵᠢᠶᠧ ᠬᠤᠷᠠᠯ ᠳᠤ ᠣᠷᠣᠯᠴᠠᠵᠠᠢ᠃       ᠪᠦᠦ ᠰᠢᠶᠠᠨ ᠬᠤᠸᠠ ᠪᠠᠶᠠᠷ ᠤᠨ ᠦᠭᠡ ᠳᠡᠭᠡᠨ᠂ ᠥᠪᠥᠷ ᠮᠣᠩᠭᠤᠯ ᠲᠣᠰ ᠤᠳᠠᠭ᠎ᠠ ᠶᠢᠨ ᠶᠠᠷᠢᠶᠠᠨ ᠤ ᠲᠠᠪᠴᠠᠩ ᠢᠶᠠᠷ ᠰᠢᠨ᠎ᠡ ᠠᠵᠠ ᠲᠣᠭᠢᠶᠠᠯ ᠪᠤᠯᠭᠠᠵᠤ᠂ ᠲᠡᠷᠢᠭᠦᠨ ᠤ ᠣᠶᠢᠯᠠᠭᠠᠭᠳᠠᠬᠤᠨ ᠪᠣᠯᠣᠨ ᠠᠮᠵᠢᠯᠲᠠ ᠲᠠᠢ ᠲᠤᠷᠰᠢᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠣᠯᠢ ᠪᠤᠯᠭᠠᠵᠤ᠂ ᠳᠦᠷᠢᠮ ᠤᠨ ᠰᠢᠨ᠎ᠡ ᠡᠭᠦᠳᠦᠯᠲᠡ᠂ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠪᠣᠯᠣᠨ ᠣᠷᠣᠭᠤᠯᠤᠯᠲᠠ ᠶᠢᠨ ᠡᠷᠴᠢᠮ ᠢᠶᠠᠨ ᠦᠨᠡᠨ ᠬᠦ ᠴᠢᠩᠭᠠᠷᠠᠭᠤᠯᠵᠤ᠂ ᠪᠦᠭᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠷᠨᠢᠨ ᠬᠥᠭᠵᠢᠬᠦ ᠶᠢ ᠠᠬᠢᠭᠤᠯᠤᠨ᠎ᠠ᠃ ︽ᠲᠠᠪᠤᠨ ᠶᠡᠭᠡ ᠡᠭᠦᠷᠭᠡ︾᠎ ᠶᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠬᠤᠪᠢ ᠨᠡᠮᠡᠷᠢ ᠦᠵᠡᠭᠦᠯᠦᠨ᠎ᠡ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号