ᠦᠨᠳᠦᠰᠦᠨ ᠱᠠᠲᠤᠨ ᠤ ᠥᠷᠲᠡᠭᠡ ᠴᠡᠭ ᠠᠷᠠᠳ ᠤᠨ ᠪᠠᠶᠢᠳᠠᠯ ᠢ ᠣᠶᠢᠯᠠᠭᠠᠵᠣ ᠭᠤᠷᠪᠠᠨ ᠱᠠᠲᠤ ᠪᠠᠷ ᠬᠤᠯᠪᠤᠭᠠᠯᠠᠨ ᠠᠷᠠᠳ ᠤᠨ ᠰᠠᠨᠠᠭᠠᠰᠢᠷᠠᠯ ᠢ ᠰᠢᠢᠳᠪᠦᠷᠢᠯᠡᠨ᠎ᠡ    ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠡᠷᠴᠢᠮᠳᠡᠢ ᠲᠣᠭᠤᠰᠢᠯᠠᠭᠤᠯᠵᠣ ᠪᠣᠢ
ᠨᠡᠶᠢᠲᠡᠯᠡᠭᠰᠡᠨ ᠴᠠᠭ᠄
2023/12/14
    2023 ᠣᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠡᠮ ᠡᠮᠨᠡᠯᠭᠡ ᠶᠢᠨ ᠳᠠᠭᠠᠳᠬᠠᠯ ᠤᠨ ᠣᠯᠠᠨ ᠲᠦᠮᠡᠨ ᠳᠤ ᠦᠢᠯᠡᠴᠢᠯᠡᠬᠦ ︽ᠬᠠᠮᠤᠭ ᠡᠴᠦᠰ ᠤᠨ ᠨᠢᠭᠡ ᠺᠢᠯᠣᠮᠧᠲᠷ︾᠎ ᠢ ᠬᠦᠴᠦᠯᠡᠨ ᠨᠠᠪᠲᠠᠷᠡᠭᠦᠯᠵᠦ᠂ ᠡᠯ᠎ᠡ ᠵᠡᠭᠡᠯᠢ ᠪᠠᠯᠭᠠᠰᠤ ᠨᠡᠶᠢᠭᠡᠮ ᠲᠣᠭᠤᠷᠢᠭ ᠲᠤ ᠤᠷᠢᠳ ᠬᠤᠵᠢᠳ 34 ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠴᠡᠭ ᠢ ᠪᠠᠶᠢᠭᠤᠯᠵᠤ᠂ ︽ᠬᠠᠯᠠᠭᠤᠨ ᠳᠤᠯᠠᠭᠠᠨ᠂ ᠠᠷᠠᠳ ᠤᠨ ᠰᠡᠳᠬᠢᠯ ᠢ ᠳᠤᠯᠠᠭᠠᠴᠠᠭᠤᠯᠬᠤ︾ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠴᠡᠭ ᠢ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠨᠢᠭᠡᠳᠦᠭᠡᠷ ᠴᠣᠩᠬᠤ ᠪᠣᠯᠭᠠᠵᠤ᠂ ᠦᠨᠳᠦᠰᠦᠨ ᠱᠠᠲᠤᠨ ᠤ ᠭᠠᠷᠲᠠᠨ ᠭᠦᠢᠴᠡᠳᠬᠡᠬᠦ ᠠᠵᠢᠯᠲᠠᠨ ᠢ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠳᠣᠲᠣᠨᠣ ᠬᠥᠮᠥᠨ ᠪᠣᠯᠭᠠᠪᠠ᠃    ᠣᠶᠢᠷ᠎ᠠ ᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠵᠠᠮ ᠤᠨ ᠵᠡᠭᠡᠯᠢ ᠭᠤᠳᠤᠮᠵᠢ ᠶᠢᠨ ᠨᠥᠬᠦᠷᠯᠡᠯ ᠨᠡᠶᠢᠭᠡᠮ ᠣᠷᠣᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠤᠨ ᠠᠵᠢᠯᠲᠠᠨ ᠰᠤᠷᠪᠤᠯᠵᠢᠯᠠᠬᠤ ᠳᠤᠮᠳᠠ ᠪᠠᠨ ᠰᠠᠭᠤᠭᠠᠯᠢ ᠠᠷᠠᠳ ᠦ᠋ ᠠᠪᠤᠭᠠᠢ ᠪᠣᠯ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠬᠦᠨᠳᠦ ᠵᠡᠮᠳᠡᠭ ᠬᠥᠮᠥᠨ ᠪᠠᠶᠢᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠭᠤᠣᠯᠳᠠᠯᠭ᠎ᠠ ᠲᠠᠢ ᠬᠠᠮᠤᠷᠬᠤ ᠪᠠ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠬᠠᠮᠲᠤᠯᠢᠭ ᠲᠤ ᠲᠣᠭᠠᠴᠠᠭᠳᠠᠨ᠎ᠠ᠂ ᠤᠤᠯ ᠨᠢ ᠨᠢᠭᠡᠨ ᠠᠵᠤ ᠠᠬᠤᠶᠢᠯᠠᠯ ᠳᠤ ᠠᠵᠢᠯᠯᠠᠵᠤ ᠥᠩᠭᠡᠷᠡᠭᠰᠡᠨ ᠪᠥᠭᠡᠳ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ᠂ ᠰᠡᠭᠦᠯᠡᠷ ᠨᠢ ᠡᠪᠡᠳᠴᠢᠨ ᠢᠶᠠᠷ ᠠᠵᠢᠯ ᠢᠶᠠᠨ ᠬᠠᠶᠠᠵᠠᠢ᠂ ᠭᠡᠪᠡᠴᠦ ᠲᠣᠰ ᠠᠵᠤ ᠠᠬᠤᠶᠢᠯᠠᠯ ᠨᠢ ᠳᠠᠭᠠᠳᠬᠠᠯ ᠢᠶᠠᠨ ᠴᠠᠭ ᠲᠤᠬᠠᠢ ᠳᠤᠨᠢ ᠵᠣᠭᠰᠣᠭᠠᠭᠰᠠᠨ ᠦᠭᠡᠢ ᠠᠴᠠ ᠪᠣᠯᠵᠤ ᠥᠷᠢᠲᠦᠭᠰᠡᠨ ᠵᠠᠷᠤᠳᠠᠯ ᠪᠣᠶ ᠪᠣᠯᠵᠤ᠂ ᠣᠳᠣᠬᠠᠨ ᠳᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠶᠢᠨ ᠠᠷᠭ᠎ᠠ ᠦᠭᠡᠢ ᠪᠣᠯᠣᠭᠰᠠᠨ ᠢ ᠣᠶᠢᠯᠠᠭᠠᠪᠠ᠃ ᠠᠵᠢᠯᠲᠠᠳ ᠡᠨᠡᠬᠦ ᠪᠠᠶᠢᠳᠠᠯ  ᠎ ᠢ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠡᠶᠢᠭᠡᠮ ᠤᠨ ᠪᠠᠲᠤᠯᠠᠭ᠎ᠠ  ᠎ ᠶᠢᠨ ᠲᠥᠪ ᠤᠨ ᠰᠠᠭᠤᠭᠠᠯᠢ ᠠᠷᠠᠳ ᠤᠨ ᠡᠮ ᠡᠮᠨᠡᠯᠭᠡ  ᠎ ᠶᠢᠨ ᠳᠠᠭᠠᠳᠬᠠᠯ ᠤᠨ ᠰᠲ᠋ᠣᠺ ᠲᠤ ᠲᠡᠷᠡ ᠳᠠᠷᠤᠢ ᠳᠤᠨᠢ ᠬᠠᠷᠢᠭᠤ ᠲᠤᠰᠬᠠᠬᠤ  ᠎ ᠶᠢᠨ ᠵᠡᠷᠭᠡ ᠳᠤ ᠲᠤᠰ ᠰᠠᠭᠤᠭᠠᠯᠢ ᠠᠷᠠᠳ  ᠎ ᠢ ᠬᠥᠲᠥᠯᠥᠨ ᠵᠢᠯᠤᠭᠤᠳᠴᠤ ᠬᠠᠯᠠᠮᠵᠢᠯᠠᠵᠤ᠂ ᠰᠠᠭᠤᠭᠠᠯᠢ ᠠᠷᠠᠳ ᠢ ᠰᠠᠨᠠᠭ᠎ᠠ ᠠᠮᠤᠷ ᠬᠦᠯᠢᠶᠡᠯᠭᠡᠵᠡᠢ᠃ ᠲᠣᠰ ᠣᠯᠠᠨ ᠲᠦᠮᠡᠨ ᠤ ᠤᠤᠯ ᠤᠨ ᠠᠵᠢᠯᠯᠠᠵᠤ ᠪᠠᠶᠢᠭᠰᠠᠨ ᠨᠢᠭᠡᠴᠡ ᠨᠢ ᠬᠤᠲᠠ ᠶᠢᠨ ᠲᠠᠰ ᠤᠨ ᠳᠠᠭᠠᠳᠬᠠᠯ ᠳᠤ ᠣᠷᠣᠯᠴᠠᠭᠰᠠᠨ ᠨᠢᠭᠡᠴᠡ ᠪᠣᠯᠬᠤᠷ ᠣᠷᠣᠨ ᠤ ᠨᠡᠶᠢᠭᠡᠮ ᠤᠨ ᠳᠠᠭᠠᠳᠬᠠᠯ ᠤᠨ ᠲᠥᠪ ᠤᠨ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠪᠤᠭᠤᠲᠤ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠥᠪ ᠲᠠᠢ ᠳᠠᠷᠤᠢ ᠲᠦᠷᠭᠡᠨ ᠬᠠᠷᠢᠯᠴᠠᠵᠤ ᠰᠨᠠᠠᠯ ᠢᠶᠠᠨ ᠰᠣᠯᠢᠯᠴᠠᠪᠠ᠃ ᠬᠤᠲᠠ᠂ ᠲᠣᠭᠤᠷᠢᠭ᠂ ᠨᠡᠶᠢᠭᠡᠮ ᠣᠷᠣᠨ ᠤ ᠭᠤᠷᠪᠠᠨ ᠱᠠᠲᠤᠨ ᠤ ᠬᠢᠨ ᠬᠤᠪᠢ ᠬᠥᠮᠥᠨ ᠲᠠᠢ ᠬᠠᠮᠲᠤ ᠪᠠᠷ ᠬᠤᠯᠪᠣᠭᠳᠠᠯ ᠪᠦᠬᠦᠢ ᠪᠠᠶᠢᠳᠠᠯ ᠢ ᠨᠤᠲᠠᠯᠠᠭᠰᠠᠨ ᠤ ᠳᠠᠷᠠᠭ᠎ᠠ᠂ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠥᠪ ᠠᠴᠠ ᠲᠣᠰ ᠣᠯᠠᠨ ᠲᠦᠮᠡᠨ ᠳᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠢ ᠵᠣᠭᠰᠤᠭᠠᠬᠤ ᠭᠠᠷ ᠭᠦᠢᠴᠡᠳᠬᠡᠯ ᠬᠢᠵᠦ ᠥᠭᠴᠡᠢ᠂ ᠡᠭᠦᠨ ᠤ ᠳᠠᠷᠠᠭ᠎ᠠ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠥᠪ ᠠᠴᠠ ᠲᠡᠭᠦᠨ ᠢ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠤᠯᠵᠤ᠂ ᠨᠡᠶᠢᠭᠡᠮ ᠣᠷᠣᠨ ᠤ ᠠᠵᠢᠯᠲᠠᠨ ᠳᠠᠷᠠᠭ᠎ᠠ ᠡᠳᠦᠷ ᠲᠤᠨᠢ ᠲᠣᠰ ᠣᠯᠠᠨ ᠲᠦᠮᠡᠨ ᠳᠤ ᠭᠠᠷ ᠤᠲᠠᠰᠤᠨ ᠤ ᠥᠪᠡᠰᠦᠪᠡᠨ ᠰᠦᠢᠳᠬᠡᠯ ᠲᠤᠰᠢᠶᠠᠬᠤ ᠶᠢ ᠨᠢᠭᠤᠷᠲᠠᠨ ᠵᠢᠯᠣᠭᠤᠳᠪᠠ᠃ ᠬᠤᠲᠠ᠂ ᠲᠣᠭᠤᠷᠢᠭ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠭᠤᠷᠪᠠᠨ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠪᠠᠷ ᠳᠡᠮᠵᠢᠨ᠂ ᠬᠤᠶᠠᠷ ᠠᠵᠢᠯ ᠤᠨ ᠡᠳᠦᠷ ᠢ ᠬᠡᠷᠡᠭᠯᠡᠵᠦ ᠪᠠᠶᠢᠭᠠᠳ ᠬᠦᠴᠢᠷᠳᠡᠯᠲᠡᠢ ᠣᠯᠠᠨ ᠲᠦᠮᠡᠨ ᠳᠤ ᠡᠮ ᠡᠮᠨᠡᠯᠭᠡ ᠶᠢᠨ ᠳᠠᠭᠠᠳᠬᠠᠯ ᠤᠨ ᠬᠦᠴᠢᠷ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ ᠥᠭᠬᠦ ᠶᠢᠨ ᠬᠠᠮᠲᠤ᠂ ᠣᠯᠠᠨ ᠲᠦᠮᠡᠨ ᠳᠤ ᠪᠤᠭᠤᠲᠤ ᠬᠤᠲᠠ ᠶᠢᠨ ᠣᠨᠴᠠᠭᠠᠶ ᠬᠠᠮᠲᠤᠯᠢᠭ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠶᠢ ᠲᠤᠰᠠᠯᠠᠬᠤ ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠳᠠᠭᠠᠳᠬᠠᠯ ᠳᠤ ᠣᠷᠣᠯᠴᠠᠬᠤ ᠪᠠ ᠡᠪᠡᠳᠴᠢᠨ ᠦᠵᠡᠭᠦᠯᠬᠦ ᠳᠠᠷᠤᠭᠠᠰᠤ ᠶᠢ ᠶᠡᠭᠡ ᠪᠠᠷ ᠬᠥᠩᠭᠡᠷᠡᠭᠦᠯᠪᠡ᠃
   ᠡᠨᠡ ᠵᠢᠯ ᠠᠴᠠ ᠨᠠᠰᠢ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠨᠢ ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂ 787 ᠣᠨᠴᠠ ᠬᠦᠴᠢᠷᠳᠡᠯᠲᠡᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠦᠨᠳᠦ ᠵᠡᠮᠳᠡᠭ ᠵᠡᠷᠭᠡ ᠣᠨᠴᠠᠭᠠᠶ ᠬᠠᠮᠲᠤᠯᠢᠭ ᠢ ᠴᠥᠮ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠮᠤᠷᠬᠤ ᠬᠡᠪᠴᠢᠶᠡᠨ ᠳᠤ ᠣᠷᠣᠭᠤᠯᠵᠤ᠂ ᠮᠠᠨ ᠤ ᠬᠤᠲᠠ ᠶᠢᠨ ᠲᠥᠷᠥᠯ ᠬᠤᠪᠢᠶᠠᠨ ᠲᠡᠳᠬᠦᠨ ᠲᠤᠰᠠᠯᠠᠵᠤ ᠳᠠᠭᠠᠳᠬᠠᠯ ᠳᠤ ᠣᠷᠣᠯᠴᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ︽ᠨᠢᠭᠡ ᠶᠢ ᠴᠦ ᠣᠷᠬᠢᠭᠳᠠᠭᠤᠯᠬᠤ ᠦᠭᠡᠢ︾ ᠪᠠᠶᠢᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号