ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠵᠥᠪᠰᠢᠶᠡᠷᠡᠯ ᠣᠯᠣᠭᠰᠠᠨ ᠲᠤᠭ᠎ᠠ ᠬᠡᠮᠵᠢᠶ᠎ᠡ ᠨᠢ ᠰᠢᠨ᠎ᠠ ᠲᠡᠮᠳᠡᠭᠯᠡᠯ ᠢ ᠡᠭᠦᠳᠪᠠ
ᠨᠡᠶᠢᠲᠡᠯᠡᠭᠰᠡᠨ ᠴᠠᠭ᠄
2023/12/14
    ᠣᠶᠢᠷ᠎ᠠ ᠳᠤ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠲᠣᠰ ᠲᠣᠰ ︽2023 ᠣᠨ ᠤ ᠰᠢᠨ᠎ᠡ ᠨᠢᠭᠡ ᠪᠦᠯᠦᠭ ᠵᠢᠴᠢ ᠳᠠᠬᠢᠨ ᠬᠢᠨᠠᠯᠲᠠ ᠶᠢ ᠥᠩᠭᠡᠷᠡᠭᠡᠭᠰᠡᠨ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠪᠠ ᠳᠠᠪᠠᠭᠤᠯᠢᠭ ᠠᠵᠤ ᠠᠬᠤᠶᠢᠯᠠᠯ ᠢ ᠲᠣᠭᠲᠠᠭᠠᠬᠤ ᠲᠤᠬᠠᠢ ᠮᠡᠳᠡᠭᠳᠡᠯ︾ ᠪᠠ ︽2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ ᠠᠬᠤᠶᠢᠯᠠᠯ ᠢ ᠬᠢᠨᠠᠨ ᠲᠣᠭᠲᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 13 ᠠᠵᠤ ᠠᠬᠤᠶᠢᠯᠠᠯ ᠲᠣᠰ ᠲᠣᠰ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠴᠣᠯᠠ ᠭᠥᠷᠳᠡᠵᠦ᠂ ᠵᠥᠪᠰᠢᠶᠡᠷᠡᠯ ᠣᠯᠣᠭᠰᠠᠨ ᠲᠤᠭ᠎ᠠ ᠬᠡᠮᠵᠢᠶ᠎ᠡ ᠨᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃     ᠡᠭᠦᠨ ᠳᠤ ᠳᠤᠮᠳᠠᠳᠤ ᠤᠯᠤᠰ ᠤᠨ ᠤᠮᠠᠷᠠᠲᠤ ᠶᠢᠨ ᠬᠤᠪᠣᠷ ᠰᠢᠷᠣᠢ ︵ᠪᠦᠯᠦᠭᠯᠡᠯ︶ ᠶᠢᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ 2023 ᠣᠨ ᠤ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢᠶᠠᠷ ᠵᠥᠪᠰᠢᠶᠡᠷᠡᠭᠳᠡᠵᠦ᠂ ᠮᠥᠨ ᠴᠦ ᠪᠤᠭᠤᠲᠤ ᠬᠤᠲᠠ ᠶᠢᠨ ᠴᠣᠷ ᠤᠨ ᠭᠠᠭᠴᠠ ᠵᠥᠪᠰᠢᠶᠡᠷᠡᠯ ᠣᠯᠣᠭᠰᠠᠨ ᠨᠢᠭᠡᠴᠡ ᠪᠠᠶᠢᠵᠤ᠂ ᠥᠪᠡᠷᠲᠡᠭᠡᠨ ᠵᠠᠰᠠᠬᠤ ᠣᠷᠣᠨ ᠤ 16.7% ᠶᠢ ᠡᠵᠡᠯᠡᠪᠡ᠃ ᠱᠤᠸᠠᠩ ᠯᠢᠶᠠᠩ ᠴᠠᠬᠢᠭᠤᠷ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠤᠮᠠᠷᠠᠲᠤ ᠶᠢᠨ ᠦᠢᠯᠡᠰ ᠪᠣᠰᠬᠠᠬᠤ ᠬᠢᠵᠠᠭᠠᠷᠲᠤ ᠺᠣᠮᠫᠠᠨᠢ᠂ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠵᠡᠷᠭᠡ 9 ᠠᠵᠤ ᠠᠬᠤᠶᠢᠯᠠᠯ 2023 ᠣᠨ ᠤ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ ᠠᠬᠤᠶᠢᠯᠠᠯ ᠢᠶᠠᠷ ᠵᠥᠪᠰᠢᠶᠡᠷᠡᠭᠳᠡᠵᠦ᠂ ᠪᠦᠬᠦ ᠬᠤᠳᠠ ᠶᠢᠨ 52.9%  ᠢ ᠡᠵᠡᠯᠡᠵᠦ ᠥᠪᠡᠷᠲᠡᠭᠡᠨ ᠵᠠᠰᠠᠬᠤ ᠣᠷᠣᠨ ᠤ 16.1%  ᠢ ᠡᠵᠡᠯᠡᠪᠡ᠃ ᠥᠪᠥᠷ ᠮᠣᠩᠭᠤᠯ ᠤᠨ ᠤᠮᠠᠷᠠᠲᠤ ᠶᠢᠨ ᠠᠵᠤ ᠦᠢᠯᠡᠳᠪᠦᠷᠢ ᠶᠢᠨ ᠬᠦᠨᠳᠦ ᠬᠡᠯᠪᠡᠷᠢ ᠶᠢᠨ ᠮᠠᠰᠢᠨ ᠴᠠᠬᠢᠯᠭᠠᠨ ᠤ ᠲᠥᠬᠦᠭᠡᠷᠦᠮᠵᠢ ᠦᠢᠯᠡᠳᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠠᠭᠤᠷᠬᠠᠢ ᠶᠢᠨ ᠰᠤᠳᠤᠯᠭᠠᠨ ᠤ ᠬᠦᠷᠢᠶᠡᠯᠡᠩ ︵ᠬᠢᠵᠠᠭᠠᠷᠲᠤ ᠬᠠᠷᠢᠭᠤᠴᠠᠯᠭᠠᠲᠤ ᠺᠣᠮᠫᠠᠨᠢ︶᠂ ᠥᠪᠥᠷ ᠮᠣᠩᠭᠤᠯ ᠤᠨ ᠪᠣᠭᠳᠠ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 3 ᠠᠵᠤ ᠠᠬᠤᠶᠢᠯᠠᠯ 2023 ᠣᠨ ᠤ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ ᠠᠬᠤᠶᠢᠯᠠᠯ ᠢᠶᠠᠷ ᠵᠥᠪᠰᠢᠶᠡᠷᠡᠭᠳᠡᠵᠦ᠂ ᠪᠥᠬᠦ ᠬᠤᠲᠠ ᠶᠢᠨ 75% ᠶᠢ ᠡᠵᠡᠯᠡᠵᠦ᠂ ᠥᠪᠡᠷᠲᠡᠭᠡᠨ ᠵᠠᠰᠠᠬᠤ ᠣᠷᠣᠨ ᠤ 10% ᠶᠢ ᠡᠵᠡᠯᠡᠪᠡ᠃ ᠣᠲᠣ ᠪᠣᠯᠲᠠᠯ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠡᠯ᠎ᠡ ᠱᠠᠲᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠨᠡᠶᠢᠲᠡ 24 ᠪᠣᠶᠢᠵᠢᠭᠤᠯᠵᠤ᠂ ᠪᠥᠬᠦ ᠬᠤᠲᠠ ᠶᠢᠨ 53% ᠶᠢ ᠡᠵᠡᠯᠡᠪᠡ᠃ ᠡᠭᠦᠨ ᠳᠤ᠂ ᠤᠯᠤᠰ ᠤᠨ ᠲᠠᠰ ᠤᠨ 20 ᠡᠷᠦᠬᠡ ᠪᠠᠶᠢᠵᠤ᠂ ᠪᠥᠬᠦ ᠬᠤᠲᠠ ᠶᠢᠨ 55.5% ᠶᠢ ᠡᠵᠡᠯᠡᠨ᠎ᠡ︔ ᠥᠪᠡᠷᠲᠡᠭᠡᠨ ᠵᠠᠰᠠᠬᠤ ᠣᠷᠣᠨ ᠤ ᠲᠠᠰ ᠤᠨ 4 ᠡᠷᠦᠬᠡ ᠪᠠᠶᠢᠵᠤ᠂ ᠪᠥᠬᠦ ᠬᠤᠲᠠ ᠶᠢᠨ 44.4% ᠶᠢ ᠡᠵᠡᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠲᠤᠭ᠎ᠠ ᠪᠥᠬᠦ ᠬᠤᠲᠠ ᠳᠤ ᠨᠢᠭᠡᠳᠦᠭᠡᠷ ᠪᠠᠶᠢᠷᠢᠨ ᠳᠤ ᠵᠢᠭᠰᠠᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号