ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 25 ᠤ ᠴᠠᠬᠢᠯᠭᠠᠨ ᠮᠡᠳᠡᠭ᠊ᠡ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ 25 ᠤ ᠡᠳᠦᠷ | ᠪᠡᠭᠡᠵᠢᠩ ᠤᠨ ᠪᠠ ᠢ ᠶᠡᠭᠡ ᠠᠰᠠᠷ ᠲᠤ ᠶᠠᠪᠤᠭᠳᠠᠪᠠ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠵᠠᠢ᠃ | | 12 ᠰᠠᠷ᠎ᠠ ᠶᠢᠨ 25 ᠤ ᠡᠳᠦᠷ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ | ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ ᠪᠡᠭᠡᠵᠢᠩ ᠤᠨ ᠪᠠ ᠢ ᠶᠡᠭᠡ ᠠᠰᠠᠷ ᠲᠤ ᠶᠠᠪᠤᠭᠳᠠᠪᠠ᠃ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠵᠠᠢ | ᠃ ᠵᠢᠷᠤᠭ ᠪᠣᠯ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ | ᠳᠡᠪᠰᠢᠭᠰᠡᠨ ᠣᠹᠢᠼᠧᠷ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ | ᠰᠤᠷᠪᠤᠯᠵᠢᠯᠠᠭᠴᠢ ᠯᠢ ᠭᠠᠩ ᠰᠡᠭᠦᠳᠡᠷᠯᠡᠪᠡ᠃ | ᠦᠳᠡ ᠶᠢᠨ ᠡᠮᠦᠨᠡᠬᠢ 11 ᠴᠠᠭ ᠤᠨ ᠦᠶ᠎ᠡ ᠪᠠᠷ᠂ ᠴᠣᠯᠠ ᠳᠤ ᠳᠡᠪᠰᠢᠭᠦᠯᠬᠦ ᠶᠣᠰᠣᠯᠠᠯ ᠰᠦᠷ ᠵᠢᠪᠬᠤᠯᠠᠩᠲᠤ | ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠪᠡ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ | ᠲᠡᠷᠢᠭᠦᠯᠡᠭᠴᠢ ᠵᠠᠩ ᠶᠢᠦ ᠰᠢᠶᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ | ᠭᠠᠷ ᠤᠨ ᠦᠰᠦᠭ ᠵᠢᠷᠤᠭᠰᠠᠨ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠵᠠᠷᠯᠢᠭ ᠢ ᠤᠩᠰᠢᠨ | ᠨᠡᠶᠢᠲᠡᠯᠡᠪᠡ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ ᠴᠣᠯᠠ ᠳᠤ | ᠳᠡᠪᠰᠢᠭᠦᠯᠬᠦ ᠶᠣᠰᠣᠯᠠᠯ ᠢ ᠡᠷᠬᠢᠯᠡᠪᠡ᠃ | ᠡᠨᠡ ᠤᠳᠠᠭ᠎ᠠ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ ᠣᠹᠢᠼᠧᠷ ᠪᠣᠯ᠄ ᠡᠮᠦᠨᠡᠳᠦ | ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠺᠣᠮᠢᠰᠰᠠᠷ ᠸᠠᠩ ᠸᠧᠨ ᠴᠢᠤᠸᠠᠨ᠂ ᠳᠠᠯᠠᠢ ᠶᠢᠨ ᠴᠡᠷᠢᠭ ᠤᠨ ᠰᠧᠯᠢᠩ ᠬᠤ᠋ | ᠵᠥᠩ ᠮᠢᠩ ᠪᠣᠯᠣᠨ᠎ᠠ᠃ | ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ 2 ᠣᠹᠢᠼᠧᠷ ᠴᠤᠭ ᠵᠣᠯᠢ ᠪᠠᠳᠠᠷᠠᠩᠭᠤᠢ ᠪᠠᠷ | ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠤᠨ ᠬᠥᠷᠪᠡ᠃ ᠰᠢ ᠶᠢᠨ ᠫᠢᠩ ᠲᠡᠳᠡᠨ ᠳᠤ ᠵᠠᠷᠯᠢᠭ ᠤᠨ ᠪᠢᠴᠢᠭ ᠭᠠᠷᠳᠠᠭᠤᠯᠵᠤ᠂ | ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠶᠢᠨ ᠮᠥᠷᠥᠨ ᠤ ᠲᠡᠮᠳᠡᠭ ᠢ | ᠵᠡᠭᠦᠭᠰᠡᠨ 2 ᠣᠹᠢᠼᠧᠷ ᠰᠢ ᠶᠢᠨ ᠫᠢᠩ ᠳᠤ ᠶᠣᠰᠣᠯᠠᠵᠤ᠂ ᠶᠣᠰᠣᠯᠠᠯ ᠳᠤ ᠣᠷᠣᠯᠴᠠᠭᠰᠠᠨ ᠪᠥᠬᠦ ᠨᠥᠬᠦᠳ ᠲᠤ | ᠶᠣᠰᠣᠯᠠᠭᠰᠠᠨ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ | ᠴᠣᠯᠠ ᠳᠤ ᠳᠡᠪᠰᠢᠭᠦᠯᠬᠦ ᠶᠣᠰᠣᠯᠠᠯ ᠬᠠᠩᠭᠢᠨᠠᠮ᠎ᠠ ᠬᠦᠴᠦᠲᠡᠢ ᠴᠡᠷᠢᠭ ᠤᠨ ᠳᠠᠭᠤᠤ ᠶᠢᠨ ᠳᠤᠮᠳᠠ ᠲᠡᠭᠦᠰᠪᠡ᠃ | ᠳᠠᠷᠠᠭ᠎ᠠ ᠨᠢ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ | ᠳᠡᠪᠰᠢᠭᠰᠡᠨ ᠣᠹᠢᠼᠧᠷ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠪᠠ᠃ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠮᠢᠶᠣᠤ ᠬᠤᠸᠠ᠂ ᠵᠠᠩ ᠱᠧᠩ | ᠮᠢᠨ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠪᠡᠭᠡᠵᠢᠩ ᠳᠤ ᠰᠠᠭᠤᠭ᠎ᠠ | ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠴᠣᠯᠠ ᠳᠤ ᠳᠡᠪᠰᠢᠭᠦᠯᠬᠦ | ᠶᠣᠰᠣᠯᠠᠯ ᠳᠤ ᠣᠷᠣᠯᠴᠠᠵᠠᠢ᠃ | | |