ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 24 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ︽ᠰᠢ ᠶᠢᠨ | ᠫᠢᠩ ︿ᠨᠢᠭᠡ ᠪᠦᠰᠡ ᠨᠢᠭᠡ ᠵᠠᠮ﹀ ᠤᠨ ᠲᠤᠬᠠᠢ ᠶᠠᠷᠢᠭᠰᠠᠨ ᠨᠢ ︵2023 ᠣᠨ ᠤ ᠬᠡᠪᠯᠡᠯ︶︾ ᠭᠡᠬᠦ ᠨᠣᠮ ᠢ ᠣᠶᠢᠷ᠎ᠠ ᠳᠤ | ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠦᠭᠦ ᠤᠯᠤᠰ ᠲᠤ ᠲᠠᠷᠬᠠᠭᠠᠪᠠ᠃ | ᠡᠨᠡ ᠬᠦ ᠲᠤᠰᠬᠠᠢ ᠰᠡᠳᠦᠪᠲᠦ ᠵᠣᠬᠢᠶᠠᠯ ᠤᠨ ᠲᠡᠭᠦᠪᠦᠷᠢ ᠳᠤ ᠰᠢ ᠶᠢᠨ ᠫᠢᠩ ᠨᠥᠬᠦᠷ ᠤᠨ 2013 ᠣᠨ ᠤ 9 | ᠰᠠᠷ᠎ᠠ ᠠᠴᠠ 2023 ᠣᠨ ᠤ 11 ᠰᠠᠷ᠎ᠠ ᠪᠤᠯᠲᠠᠯᠠᠭᠢ ᠬᠤᠭᠤᠴᠠᠭᠠᠨ ᠳᠠᠬᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠲᠤᠬᠠᠢ 78 ᠴᠢᠬᠤᠯᠠ ᠵᠣᠬᠢᠶᠠᠯ ᠢ ᠣᠷᠣᠭᠤᠯᠵᠠᠢ᠃ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠳᠤᠮᠳᠠᠳᠤ ᠤᠯᠤᠰ ᠠᠴᠠ ᠢᠷᠡᠯᠲᠡ ᠲᠠᠢ᠂ | ᠦᠷ᠎ᠡ ᠪᠦᠲᠦᠭᠡᠯ ᠪᠠ ᠠᠵᠠ ᠲᠣᠭᠢᠶᠠᠯ ᠨᠢ ᠳᠡᠯᠡᠬᠡᠢ ᠳ᠋ᠠᠬᠢᠨ ᠳᠤ ᠬᠠᠷᠢᠶᠠᠯᠠᠭᠳᠠᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠰᠠᠨᠠᠭᠠᠴᠢᠯᠠᠭ᠎ᠠ ᠶᠢ ᠪᠦᠲᠦᠭᠡᠯᠴᠢ ᠴᠢᠨᠠᠷᠲᠠᠢ ᠪᠠᠷ ᠳᠤᠷᠠᠳᠴᠤ᠂ ᠡᠯ᠎ᠡ ᠤᠯᠤᠰ ᠤᠨ ᠠᠷᠠᠳ ᠲᠦᠮᠡᠨ ᠤ ᠡᠩᠬᠡ ᠲᠠᠶᠢᠪᠤᠩ | ᠪᠣᠯᠣᠨ ᠬᠥᠭᠵᠢᠯᠲᠡ ᠶᠢ ᠬᠥᠭᠡᠭᠡᠴᠡᠯᠳᠦᠬᠦ ᠬᠠᠮᠲᠤ ᠶᠢᠨ ᠬᠦᠰᠡᠯ ᠵᠡᠭᠦᠳᠦ ᠳᠤ ᠠᠩᠬᠠᠷᠤᠯ ᠢᠶᠠᠨ ᠬᠠᠨᠳᠤᠭᠤᠯᠵᠤ᠂ ᠳᠡᠯᠡᠬᠡᠢ | ᠳ᠋ᠠᠬᠢᠨ ᠳᠤ ᠳᠣᠷᠣᠨᠠᠳᠠᠬᠢᠨ ᠤ ᠤᠶᠤᠨ ᠤᠬᠠᠭᠠᠨ ᠢᠶᠠᠷ ᠪᠢᠯᠬᠠᠭᠰᠠᠨ ᠬᠠᠮᠲᠤ ᠪᠠᠷ ᠴᠡᠴᠡᠭᠯᠡᠨ ᠬᠥᠭᠵᠢᠬᠦ ᠨᠢᠭᠡᠨ ᠲᠥᠰᠥᠯ ᠢ | ᠬᠠᠩᠭᠠᠵᠤ᠂ ᠳᠡᠯᠡᠬᠡᠢ ᠨᠡᠶᠢᠭᠡᠮ ᠢᠯᠠᠩᠭᠤᠶ᠎ᠠ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠨ ᠢᠳᠡᠪᠬᠢᠲᠡᠢ ᠴᠤᠤᠷᠢᠶᠠᠲᠤᠯ ᠢ | ᠣᠯᠵᠠᠢ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠬᠠᠮᠲᠤ ᠪᠠᠷ ᠵᠥᠪᠳᠡᠯᠴᠡᠬᠦ | ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠠᠳᠠᠯᠢ ᠪᠤᠰᠤ ᠪᠣᠯᠪᠠᠰᠤᠨ᠂ ᠰᠣᠶᠣᠯ᠂ ᠨᠡᠶᠢᠭᠡᠮ ᠤᠨ | ᠪᠠᠶᠢᠭᠤᠯᠤᠯ᠂ ᠬᠥᠭᠵᠢᠯᠲᠡ ᠶᠢᠨ ᠱᠠᠲᠤᠨ ᠤ ᠵᠥᠷᠢᠶ᠎ᠡ ᠶᠢ ᠳᠠᠪᠠᠵᠤ᠂ ᠡᠯ᠎ᠡ ᠤᠯᠤᠰ ᠤᠨ ᠶᠠᠪᠤᠯᠴᠠᠭᠠᠨ ᠤ ᠰᠢᠨ᠎ᠡ ᠵᠠᠮ ᠢ | ᠨᠡᠭᠡᠭᠡᠵᠦ᠂ ᠤᠯᠠᠨ ᠤᠯᠤᠰ ᠤᠨ ᠬᠠᠮᠲᠤᠷᠠᠯᠴᠠᠭᠠᠨ ᠤ ᠰᠢᠨ᠎ᠡ ᠪᠦᠳᠦᠭᠦᠪᠴᠢ ᠲᠥᠰᠥᠪ ᠢ ᠪᠠᠶᠢᠭᠤᠯᠵᠤ᠂ ᠬᠥᠮᠥᠨ | ᠲᠥᠷᠥᠯᠬᠢᠲᠡᠨ ᠤ ᠬᠠᠮᠲᠤ ᠶᠢᠨ ᠬᠥᠭᠵᠢᠯᠲᠡ ᠶᠢᠨ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠲᠥᠪᠯᠡᠷᠡᠭᠦᠯᠵᠦ᠂ | ᠥᠷᠭᠡᠨ ᠬᠦᠷᠢᠶᠡᠯᠡᠯ ᠢ ᠣᠯᠣᠭᠰᠠᠨ ᠪᠦᠭᠦ ᠪᠥᠮᠪᠥᠷᠴᠡᠭ ᠤᠨ ᠤᠯᠠᠨ ᠨᠡᠶᠢᠲᠡ ᠶᠢᠨ ᠦᠢᠯᠡᠳᠬᠦᠨ ᠪᠠ ᠤᠯᠠᠨ ᠤᠯᠤᠰ ᠤᠨ | ᠬᠠᠮᠲᠤᠷᠠᠯᠴᠠᠭᠠᠨ ᠤ ᠲᠠᠪᠴᠠᠩ ᠪᠣᠯᠵᠤ᠂ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠨ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠵᠦ᠂ ᠳᠡᠯᠡᠬᠡᠢ ᠶᠢᠨ ᠡᠯ᠎ᠡ ᠤᠯᠤᠰ ᠤᠨ ᠬᠥᠭᠵᠢᠯᠲᠡ ᠳᠤ ᠰᠢᠨ᠎ᠡ ᠠᠵᠠ ᠲᠣᠭᠢᠶᠠᠯ | ᠬᠠᠩᠭᠠᠭᠰᠠᠨ ᠢᠶᠠᠷ ᠪᠠᠷᠠᠬᠤ ᠦᠭᠡᠢ ᠪᠠᠰᠠ ᠳᠤᠮᠳᠠᠳᠤ ᠤᠯᠤᠰ ᠤᠨ ᠨᠡᠭᠡᠭᠡᠯᠲᠡᠲᠤ ᠬᠥᠭᠵᠢᠯᠲᠡ ᠳᠤ ᠰᠢᠨ᠎ᠡ ᠣᠷᠣᠨ ᠵᠠᠢ ᠶᠢ | ᠨᠡᠭᠡᠭᠡᠵᠦ ᠥᠭᠴᠡᠢ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠲᠡᠦᠬᠡ ᠶᠢᠨ ᠵᠥᠪ | ᠲᠠᠯ᠎ᠠ ᠳᠤ ᠵᠣᠭᠰᠣᠵᠤ᠂ ᠴᠠᠭ ᠦᠶ᠎ᠡ ᠶᠢᠨ ᠲᠠᠪᠰᠢᠯᠳᠠ ᠶᠢᠨ ᠯᠣᠭᠢᠭ ᠲᠠᠢ ᠨᠡᠶᠢᠴᠡᠵᠦ᠂ ᠬᠥᠮᠥᠨ ᠤ ᠶᠢᠷᠲᠢᠨᠴᠦ ᠶᠢᠨ ᠵᠥᠪ | ᠵᠠᠮ ᠢᠶᠠᠷ ᠵᠠᠮᠨᠠᠭᠰᠠᠨ ᠢ ᠪᠣᠳᠠᠲᠤ ᠶᠠᠪᠤᠳᠠᠯ ᠭᠡᠷᠡᠴᠢᠯᠡᠪᠡ᠃ ᠰᠢ ᠶᠢᠨ ᠫᠢᠩ ᠨᠥᠬᠦᠷ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠶᠢᠨ ᠵᠢᠯᠤᠭᠤᠳᠬᠤ ᠵᠠᠷᠴᠢᠮ᠂ ᠪᠠᠶᠠᠯᠢᠭ ᠠᠭᠤᠯᠤᠭᠳᠠᠬᠤᠨ᠂ ᠬᠠᠷᠠᠯᠲᠠ ᠠᠷᠭ᠎ᠠ ᠵᠠᠮ | ᠵᠡᠷᠭᠡ ᠶᠢᠨ ᠲᠤᠬᠠᠢ ᠭᠦᠨᠵᠡᠭᠡᠢ ᠲᠣᠳᠣᠷᠬᠠᠶᠢᠯᠠᠨ ᠥᠭᠦᠯᠡᠭᠰᠡᠨ ᠨᠢ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ | ᠪᠠᠶᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ᠂ ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢ | ᠠᠬᠢᠭᠤᠯᠬᠤ᠂ ᠨᠡᠭᠡᠭᠡᠯᠲᠡᠲᠡᠢ ᠪᠠᠭᠲᠠᠭᠠᠮᠵᠢᠲᠠᠢ᠂ ᠬᠤᠯᠪᠣᠯᠳᠤᠨ ᠨᠡᠪᠲᠡᠷᠡᠯᠴᠡᠬᠦ᠂ ᠬᠠᠮᠲᠤ ᠪᠠᠷ ᠬᠥᠭᠵᠢᠬᠦ ᠳᠡᠯᠡᠬᠡᠢ | ᠶᠢᠷᠲᠢᠨᠴᠦ ᠶᠢ ᠪᠦᠲᠦᠭᠡᠨ ᠪᠠᠶᠢᠭᠤᠯᠬᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ |