ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠥᠷᠨᠢᠭᠦᠯᠦᠭᠰᠡᠨ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠵᠢᠴᠢ ᠡᠵᠡᠩᠨᠡᠯᠲᠡ ᠶᠢᠨ ᠪᠠᠶᠢᠳᠠᠯ ᠤᠨ ᠵᠢᠯ ᠤᠨ ᠡᠴᠦᠰ ᠤᠨ ᠪᠠᠶᠢᠴᠠᠭᠠᠯᠲᠠ
ᠨᠡᠶᠢᠲᠡᠯᠡᠭᠰᠡᠨ ᠴᠠᠭ᠄
2023/12/31
      12 ᠰᠠᠷ᠎ᠠ ᠶᠢᠨ 27᠎ ᠤ ᠡᠳᠦᠷ ᠠᠴᠠ 28᠎ ᠤ ᠡᠳᠦᠷ ᠪᠣᠯᠲᠠᠯ᠎ᠠ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠠᠴᠠ ᠬᠠᠷᠢᠶᠠᠲᠤ ᠣᠷᠣᠨ ᠤ ᠳᠣᠲᠣᠷᠠᠬᠢ ᠳᠠᠭᠠᠭᠠᠴᠢᠯᠠᠯᠲᠠ ᠣᠯᠤᠭᠰᠠᠨ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠠᠵᠤ ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ ᠪᠠ ᠡᠵᠡᠩᠨᠡᠯᠲᠡ ᠶᠢᠨ ᠪᠠᠶᠢᠳᠠᠯ ᠳᠤ ᠵᠢᠯ ᠤᠨ ᠡᠴᠦᠰ ᠤᠨ ᠪᠠᠶᠢᠴᠠᠭᠠᠯᠲᠠ ᠶᠢ ᠥᠷᠨᠢᠭᠦᠯᠵᠦ᠂ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠠᠵᠤ ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠵᠠᠮ ᠤᠨ ᠲᠣᠭᠤᠰᠣ ᠳᠡᠭᠳᠡᠬᠦ ᠪᠣᠬᠢᠷᠲᠤᠯ ᠢ ᠪᠠᠭᠠᠰᠬᠠᠵᠤ᠂ ᠵᠢᠯ ᠤᠨ ᠡᠴᠦᠰ ᠤᠨ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠠᠵᠤ ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ ᠪᠠ ᠲᠡᠷᠭᠡ ᠬᠥᠰᠬᠡ ᠶᠢᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃       ᠪᠠᠶᠢᠴᠠᠭᠠᠬᠤ ᠶᠠᠪᠤᠴᠠ ᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠣᠰ ᠲᠣᠰ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ ᠤᠨ ᠲᠦᠷᠢᠮ᠂ ᠠᠶᠤᠯ ᠥᠬᠡᠶ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠡᠬᠡ ᠲᠠᠩᠰᠠ ᠶᠢᠨ ᠬᠠᠮᠢᠶᠠᠷᠤᠯᠲᠠ᠂ ᠠᠮᠤᠷ ᠲᠦᠪᠰᠢᠨ ᠤ ᠰᠤᠷᠤᠯᠴᠠᠯᠭ᠎ᠠ᠂ ᠲᠡᠭᠡᠭᠡᠪᠦᠷᠢ ᠶᠢᠨ ᠲᠡᠷᠭᠡ ᠬᠥᠰᠬᠡ ᠶᠢᠨ ᠳᠦᠷᠰᠦ ᠪᠠᠶᠢᠳᠠᠯ᠂ ᠲᠡᠷᠭᠡ ᠬᠥᠰᠬᠡ ᠶᠢᠨ ᠬᠠᠮᠢᠶᠠᠷᠤᠯᠲᠠ᠂ ᠠᠵᠤ ᠠᠬᠤᠶᠢᠯᠠᠯ ᠤᠨ ᠲᠡᠭᠡᠭᠡᠪᠦᠷᠢ ᠶᠢᠨ ᠠᠵᠢᠯ ᠵᠡᠷᠭᠡ ᠪᠠᠶᠢᠳᠠᠯ ᠳᠤ ᠨᠠᠷᠢᠨ ᠪᠠᠶᠢᠴᠠᠭᠠᠯᠲᠠ ᠬᠢᠭᠰᠡᠨ ᠪᠥᠭᠡᠳ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠪᠠ ᠪᠠᠭᠤᠷᠠᠶ ᠭᠤᠭᠴᠤᠭ᠎ᠠ ᠶᠢ ᠲᠤᠬᠠᠶ ᠶᠢᠨ ᠲᠠᠯᠠᠪᠤᠷ ᠲᠤᠨᠢ ᠬᠠᠮᠢᠶ᠎ᠠ ᠪᠥᠬᠦᠶ ᠲᠡᠭᠡᠭᠡᠪᠦᠷᠢ ᠶᠢᠨ ᠠᠵᠤ ᠠᠬᠤᠶᠢᠯᠠᠯ ᠳᠤ ᠲᠤᠰᠢᠶᠠᠨ ᠥᠭᠴᠦ ᠰᠢᠢᠳᠪᠦᠷᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠬᠤ ᠶᠢ ᠰᠢᠪᠠᠳᠠᠨ ᠲᠣᠭᠲᠠᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠪᠠ᠃       ᠡᠴᠦᠰ ᠲᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠡᠯ᠎ᠡ ᠲᠡᠭᠡᠭᠡᠪᠦᠷᠢ ᠶᠢᠨ ᠠᠵᠤ ᠠᠬᠤᠶᠢᠯᠠᠯ ᠤᠨ ᠬᠢᠨ ᠠᠶᠤᠯᠭᠦᠶ ᠦᠢᠯᠡᠳᠪᠦᠷᠢᠯᠡᠯ ᠤᠨ ︽ᠬᠥᠪᠴᠢ︾᠎ ᠶᠢ ᠴᠠᠭ ᠢᠮᠠᠭᠲᠠ ᠴᠢᠩᠭᠠᠯᠠᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠵᠤ᠂ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠡᠯ᠎ᠡ ᠲᠡᠭᠡᠭᠡᠪᠦᠷᠢ ᠶᠢᠨ ᠠᠵᠤ ᠠᠬᠤᠶᠢᠯᠠᠯ ᠤᠨ ᠬᠢᠨ ᠠᠭᠤᠷ ᠠᠮᠢᠰᠬᠤᠯ ᠠᠭᠠᠵᠢᠮ ᠢᠶᠠᠷ ᠬᠦᠢᠲᠡᠷᠡᠬᠦ ᠶᠢ ᠳᠠᠭᠠᠯᠳᠤᠨ᠂ ᠪᠠᠷᠢᠯᠭ᠎ᠠ ᠶᠢᠨ ᠭᠠᠵᠠᠷ ᠴᠥᠮ ᠠᠵᠢᠯ ᠵᠣᠭᠰᠣᠵᠤ᠂ ᠡᠯ᠎ᠡ ᠲᠡᠭᠡᠭᠡᠪᠦᠷᠢ ᠶᠢᠨ ᠠᠵᠤ ᠠᠬᠤᠶᠢᠯᠠᠯ ᠤᠨ ᠬᠢᠨ 2023 ᠣᠨ ᠤ 12 ᠰᠠᠷ᠎ᠠ ᠠᠴᠠ 2024 ᠣᠨ ᠤ 2 ᠰᠠᠷ᠎ᠠ ᠪᠣᠯᠲᠠᠯ᠎ᠠ ᠡᠵᠡᠩᠨᠡᠯᠲᠡ ᠪᠠᠨ ᠲᠦᠷ ᠵᠣᠭᠰᠣᠭᠠᠵᠤ᠂ ᠡᠨᠡ ᠬᠦ ᠬᠤᠭᠤᠴᠠᠭᠠᠨ ᠳᠤ᠂ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠢ ᠴᠢᠩᠭᠠᠳᠬᠠᠵᠤ᠂ ᠵᠢᠯᠣᠭᠤᠴᠢ᠂ ᠲᠡᠷᠭᠡ ᠬᠥᠰᠬᠡ ᠶᠢᠨ ᠠᠮᠤᠷ ᠲᠦᠪᠰᠢᠨ ᠤ ᠬᠠᠮᠢᠶᠠᠷᠤᠯᠲᠠ ᠪᠣᠯᠣᠨ ᠬᠥᠮᠦᠵᠢᠯ ᠢ ᠴᠢᠩᠭᠠᠳᠬᠠᠵᠤ᠂ ᠲᠡᠷᠭᠡ ᠬᠥᠰᠬᠡ ᠶᠢᠨ ᠡᠪᠡᠳᠴᠢᠨ ᠲᠠᠢ ᠲᠡᠷᠭᠡ ᠶᠠᠪᠤᠬᠤ ᠶᠢ ᠡᠷᠡᠰ ᠬᠤᠷᠢᠭᠯᠠᠵᠤ᠂ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠨ ᠬᠤᠷᠢᠭᠯᠠᠵᠤ᠂ ᠠᠶᠤᠯᠭᠦᠢ ᠦᠢᠯᠡᠳᠪᠦᠷᠢᠯᠡᠯ ᠪᠣᠯᠣᠨ ᠵᠠᠮ ᠬᠠᠷᠢᠯᠴᠠᠭᠠᠨ ᠤ ᠠᠮᠤᠷ ᠲᠦᠪᠰᠢᠨ ᠤ ︽ᠤᠯᠠᠭᠠᠨ ᠱᠤᠭᠤᠮ ᠤᠨ ᠤᠬᠠᠮᠰᠠᠷ︾᠎ ᠢ ᠪᠠᠲᠤ ᠪᠤᠢ ᠪᠣᠯᠭᠠᠨ᠎ᠠ ᠭᠡᠵᠦ ᠢᠯᠡᠳᠬᠡᠪᠡ᠃      2023 ᠣᠨ ᠠᠴᠠ ᠨᠠᠰᠢ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠬᠢ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠣᠷᠣᠨ ᠤ ᠳᠣᠲᠣᠷᠠᠬᠢ 7 ᠳᠠᠭᠠᠭᠠᠴᠢᠯᠠᠯᠲᠠ ᠣᠯᠤᠭᠰᠠᠨ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠠᠵᠤ ᠠᠬᠤᠶᠢᠯᠠᠯ ᠲᠠᠢ ᠠᠶᠤᠯᠭᠦᠢ ᠦᠢᠯᠡᠳᠪᠦᠷᠢᠯᠡᠯ ᠤᠨ ᠠᠮᠠᠯᠠᠯᠲᠠ ᠶᠢᠨ ᠪᠢᠴᠢᠭ ᠲᠣᠭᠲᠠᠵᠤ ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠪᠣᠭᠤᠮᠲᠠ ᠶᠢ ᠦᠨᠡᠨᠬᠦ ᠪᠠᠲᠤ ᠡᠵᠡᠮᠳᠡᠵᠡᠢ᠃ ᠪᠥᠬᠦ ᠵᠢᠯ ᠳᠤ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠵᠢᠴᠢ ᠡᠵᠡᠩᠨᠡᠯᠲᠡ ᠶᠢᠨ ᠪᠠᠶᠢᠳᠠᠯ ᠢ ᠨᠡᠶᠢᠲᠡ 5 ᠤᠳᠠᠭ᠎ᠠ ᠪᠠᠶᠢᠴᠠᠭᠠᠵᠤ᠂ ᠪᠠᠶᠢᠳᠠᠯ ᠦᠨᠳᠦᠰᠦᠨ ᠳᠡᠭᠡᠨ ᠰᠠᠶᠢᠨ ᠪᠠᠶᠢᠬᠤ ᠶᠢ ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠤ᠂ ᠴᠥᠮ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号