ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ 2023 ᠣᠨ ᠤ ︽ᠠᠵᠢᠯ ᠲᠥᠷᠥᠯ ᠤᠨ ᠰᠤᠷᠲᠠᠯ ᠤᠨ ᠬᠠᠯᠠᠮᠰᠢᠯ ᠤᠲᠠᠰᠤ︾ ᠫᠷᠦᠭᠷᠠᠮ ᠢ ᠰᠦᠯᠵᠢᠶᠡᠨ ᠳᠤ ᠭᠠᠷᠭᠠᠪᠠ
ᠨᠡᠶᠢᠲᠡᠯᠡᠭᠰᠡᠨ ᠴᠠᠭ᠄
2023/12/31
      ᠰᠤᠷᠪᠤᠯᠵᠢᠯᠠᠨ ᠶᠠᠷᠢᠯᠴᠠᠬᠤ ᠭᠤᠤᠯ ᠰᠡᠳᠦᠪ᠄ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ 2023 ᠣᠨ ᠤ ︽ᠠᠵᠢᠯ ᠲᠥᠷᠥᠯ ᠤᠨ ᠰᠤᠷᠲᠠᠯ ᠤᠨ ᠬᠠᠯᠠᠮᠰᠢᠯ ᠤᠲᠠᠰᠤ︾ ᠫᠷᠦᠭᠷᠠᠮ ᠢ ᠰᠦᠯᠵᠢᠶᠡᠨ ᠳᠤ ᠭᠠᠷᠭᠠᠪᠠ          ᠰᠤᠷᠪᠤᠯᠵᠢᠯᠠᠨ ᠶᠠᠷᠢᠯᠴᠠᠬᠤ ᠴᠠᠭ᠄ 2023 ᠣᠨ ᠤ 9 ᠳ᠋ᠦ᠋ᠭᠡᠷ ᠰᠠᠷ᠎ᠠ ᠶᠢᠨ 18᠎ ᠤ ᠡᠳᠦᠷ        ᠰᠤᠷᠪᠤᠯᠵᠢᠯᠠᠭᠳᠠᠭᠴᠢ᠄ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠤ ᠳᠠᠷᠤᠭ᠎ᠠ ᠵᠣᠣ ᠶᠦᠩ ᠸᠧᠨ ᠰᠣᠷᠪᠤᠯᠵᠢᠯᠠᠨ ᠶᠠᠷᠢᠯᠴᠠᠬᠤ ᠠᠭᠤᠯᠭ᠎ᠠ ᠶᠢᠨ ᠲᠤᠬᠠᠢ ᠲᠣᠪᠴᠢ         ᠲᠠᠨᠢᠯᠴᠠᠭᠤᠯᠭ᠎ᠠ᠄ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠤ ᠳᠠᠷᠤᠭ᠎ᠠ ᠵᠣᠣ ᠶᠦᠩ ᠸᠧᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠪᠠᠶᠢᠳᠠᠯ ᠵᠢᠴᠢ ᠡᠨᠡ ᠵᠢᠯ ᠠᠴᠠ ᠨᠠᠭᠠᠰᠢᠬᠢ ᠠᠵᠢᠯ ᠥᠷᠨᠢᠭᠦᠯᠦᠭᠰᠡᠨ ᠪᠠᠶᠢᠳᠠᠯ ᠢᠶᠠᠨ ᠲᠣᠪᠴᠢ ᠲᠠᠨᠢᠯᠴᠠᠭᠤᠯᠤᠭᠰᠠᠨ ᠪᠥᠭᠡᠳ ᠮᠠᠨ ᠤ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠥᠷᠭᠡᠨ ᠢᠶᠠᠷ ᠰᠣᠨᠣᠰᠬᠤ ᠶᠢᠨ ᠬᠠᠮᠲᠤ᠂ ᠤᠯᠠᠨ ᠲᠦᠮᠡᠨ ᠤ ᠳᠡᠷᠭᠡᠳᠡᠬᠢ ᠠᠩᠬᠠᠷᠴᠤ ᠪᠠᠶᠢᠭ᠎ᠠ ᠪᠠ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠪᠣᠳᠠᠲᠠᠢ ᠠᠰᠠᠭᠤᠳᠠᠯ ᠢ ᠭᠦᠨᠵᠡᠭᠡᠢ ᠣᠶᠢᠯᠠᠭᠠᠵᠤ᠂ ᠨᠢᠭᠡᠳ ᠨᠢᠭᠡ ᠪᠠᠷ ᠨᠠᠷᠢᠨ ᠬᠢᠨᠠᠮᠠᠭᠠᠢ ᠬᠠᠷᠢᠭᠤᠯᠲᠠ ᠥᠭᠴᠦ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠵᠦ ᠬᠠᠷᠢᠭᠤᠴᠠᠬᠤ ᠣᠪᠣᠷ ᠢᠶᠠᠨ ᠢᠯᠡᠷᠡᠭᠦᠯᠪᠡ᠃       ᠰᠤᠷᠪᠤᠯᠵᠢᠯᠠᠭᠳᠠᠭᠴᠢ ᠵᠤᠤ ᠶᠦᠩ ᠸᠧᠨ᠄ ᠬᠦᠲᠦᠯᠦᠭᠴᠢ ᠰᠠᠶᠢᠨ ᠤᠤ︕ ᠰᠣᠨᠣᠰᠣᠭᠴᠢᠳ ᠣᠯᠠᠨ ᠢᠶᠠᠷ ᠢᠶᠠᠨ ᠰᠠᠶᠢᠨ ᠪᠠᠶᠢᠨ᠎ᠠ ᠦᠦ︕ ᠪᠢ ᠪᠣᠯ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠤ ᠳᠠᠷᠤᠭ᠎ᠠ ᠵᠣᠣ ᠶᠦᠩ ᠸᠧᠨ᠂ ᠴᠠᠬᠢᠯᠭᠠᠨ ᠳᠣᠯᠭᠢᠶᠠᠨ ᠢᠶᠠᠷ ᠳᠠᠮᠵᠢᠭᠤᠯᠤᠨ ᠠᠵᠢᠯ ᠲᠥᠷᠥᠯ ᠤᠨ ᠰᠤᠷᠲᠠᠯ ᠤᠨ ᠬᠠᠯᠠᠮᠰᠢᠯ ᠤᠲᠠᠰᠤ ᠫᠷᠦᠭᠷᠠᠮ ᠳᠤ ᠣᠯᠠᠨ ᠲᠠᠢ ᠰᠠᠨᠠᠯ ᠢᠶᠠᠨ ᠰᠣᠯᠢᠯᠴᠠᠵᠦ᠂ ᠣᠯᠠᠨ ᠤ ᠮᠠᠨ ᠤ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠠᠶᠤᠯᠭᠦᠶ ᠦᠢᠯᠡᠳᠪᠦᠷᠢᠯᠡᠯ ᠤᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ᠂ ᠲᠠ ᠪᠦᠬᠦᠨ ᠤ ᠪᠢᠳᠡᠨ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠪᠠᠨ ᠢᠯᠡᠭᠦᠬᠡᠨ ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠃          ᠬᠥᠲᠥᠯᠦᠭᠴᠢ᠄ ᠡᠮᠦᠨ᠎ᠡ ᠬᠤᠶᠠᠷ ᠡᠳᠦᠷ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠫᠷᠦᠭᠷᠠᠮ ᠢ ᠬᠦᠯᠢᠶᠡᠨ ᠠᠪᠴᠤ ᠰᠤᠨᠤᠰᠤᠭᠰᠠᠨ ᠲᠤᠬᠠᠢ ᠲᠥᠷᠥᠭᠳᠡᠯ ᠢᠶᠠᠨ ᠶᠠᠷᠢᠭᠠᠷᠠᠢ᠃      ᠰᠤᠷᠪᠤᠯᠵᠢᠯᠠᠭᠳᠠᠭᠴᠢ ᠵᠤᠤ ᠶᠦᠩ ᠸᠧᠨ᠄ 9 ᠳ᠋ᠦ᠋ᠭᠡᠷ ᠰᠠᠷ᠎ᠠ ᠶᠢᠨ 13᠎ ᠤ ᠡᠳᠦᠷ᠂ ᠬᠤᠲᠠ ᠶᠢᠨ ᠲᠠᠪᠤᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠵᠢᠯ ᠲᠥᠷᠥᠯ ᠤᠨ ᠰᠤᠷᠲᠠᠯ ᠤᠨ ᠬᠠᠯᠠᠮᠰᠢᠯ ᠤᠲᠠᠰᠤ ᠫᠷᠦᠭᠷᠠᠮ ᠳᠤ ᠤᠷᠢᠳ ᠬᠤᠵᠢᠳ ᠣᠷᠣᠯᠴᠠᠵᠤ᠂ ᠪᠥᠬᠦ ᠲᠣᠪᠴᠢᠶᠠᠨ ᠤ ᠳᠡᠭᠡᠳᠦ ᠳᠤᠤᠷᠠᠳᠤ ᠱᠠᠲᠤ ᠪᠠᠷ ᠢᠶᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠭᠤᠴᠠᠭ᠎ᠠ ᠪᠦᠷᠢ ᠶᠢᠨ ᠫᠷᠤᠭ᠍ᠷᠠᠮ ᠢ ᠨᠠᠷᠢᠨ ᠬᠢᠨᠠᠮᠠᠭᠠᠶ ᠭᠥᠯᠢᠶᠡᠨ ᠠᠪᠴᠤ ᠰᠣᠨᠣᠰᠪᠠ᠃ ᠵᠠᠷᠢᠮ ᠬᠠᠯᠠᠭᠤᠨ ᠰᠡᠳᠬᠢᠯᠲᠦ ᠰᠣᠨᠣᠰᠤᠭᠴᠢ ᠠᠴᠠ ᠮᠠᠨ ᠤ ᠰᠦᠯᠵᠢᠶᠡᠨ ᠳᠤ ᠭᠠᠷᠤᠭᠰᠠᠨ ᠬᠦᠨᠳᠦᠲᠦ ᠵᠣᠴᠢᠳ ᠲᠠᠢ ᠰᠠᠨᠠᠯ ᠢᠶᠠᠨ ᠰᠣᠯᠢᠯᠴᠠᠵᠤ᠂ ᠪᠢᠳᠡᠨ ᠳᠤ ᠲᠤᠯᠭᠠᠷᠠᠵᠤ ᠪᠠᠶᠢᠭ᠎ᠠ ᠠᠶᠤᠯᠭᠦᠶ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠠᠯ᠎ᠠ ᠪᠠᠷ ᠬᠢ ᠵᠠᠷᠢᠮ ᠠᠰᠠᠭᠤᠳᠠᠯ ᠪᠠ ᠰᠠᠨᠠᠭᠤᠯᠭ᠎ᠠ ᠶᠢ ᠲᠤᠰᠬᠠᠵᠠᠢ᠂ ᠢᠯᠠᠩᠭᠤᠶ᠎ᠠ ᠥᠨᠳᠥᠷ ᠳᠠᠪᠬᠤᠷᠭᠠᠲᠤ ᠣᠷᠣᠨ ᠰᠠᠭᠤᠴᠠ ᠶᠢᠨ ᠭᠠᠯ ᠤᠨᠲᠠᠷᠠᠭᠠᠯᠲᠠ ᠶᠢᠨ ᠠᠮᠤᠷ ᠲᠦᠪᠰᠢᠨ᠂ ᠰᠢᠲᠠᠮᠠᠬᠠᠶ ᠬᠡᠢ ᠶᠢᠨ ᠠᠮᠤᠷ ᠲᠦᠪᠰᠢᠨ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠶᠢᠨ ᠠᠰᠠᠭᠤᠳᠠᠯ ᠢ ᠴᠠᠭ ᠲᠤᠬᠠᠶ ᠳᠤ ᠨᠢ ᠰᠢᠢᠳᠪᠦᠷᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠬᠠᠮᠲᠤ ᠪᠠᠷ ᠰᠢᠢᠳᠪᠦᠷᠢᠯᠡᠬᠦ ᠶᠢ ᠠᠬᠢᠭᠤᠯᠬᠤ ᠶᠢᠨ ᠬᠠᠮᠲᠤ ᠠᠰᠠᠭᠤᠳᠠᠯ ᠢ ᠲᠤᠰᠬᠠᠭᠰᠠᠨ ᠰᠣᠨᠣᠰᠤᠭᠴᠢ ᠳᠤ ᠬᠠᠷᠢᠭᠤ ᠲᠤᠰᠬᠠᠪᠠ᠃ ᠡᠨᠡ ᠬᠤᠶᠠᠷ ᠡᠳᠦᠷ ᠤᠨ ᠲᠣᠭᠯᠠᠯᠲᠠ ᠶᠢ ᠰᠣᠨᠣᠰᠬᠤ ᠪᠠᠷ ᠳᠡᠮᠵᠢᠨ᠂ ᠪᠢᠳᠡᠨ ᠤ ᠦᠵᠡᠬᠦ ᠪᠠᠷ ᠣᠶᠢᠷ᠎ᠠ ᠶᠢᠨ ᠬᠡᠳᠦᠨ ᠵᠢᠯ ᠤᠨ ᠠᠵᠢᠯᠯᠠᠭᠠᠨ ᠢᠶᠠᠷ ᠳᠡᠮᠵᠢᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠭᠡᠨᠲᠡ ᠵᠣᠬᠢᠶᠠᠨ ᠪᠠᠶᠢᠭᠤᠯᠤᠭᠰᠠᠨ ᠡᠬᠢᠨ ᠤ ᠬᠤᠭᠤᠴᠠᠭᠠᠨ ᠤ ᠣᠯᠠᠨ ᠲᠦᠮᠡᠨ ᠤ ᠤᠶᠢᠯᠠᠭᠠᠬᠤ ᠦᠭᠡᠢ ᠪᠠᠶᠢᠭᠰᠠᠨ ᠰᠠᠯᠠᠭ᠎ᠠ ᠮᠥᠴᠢᠷ ᠠᠴᠠ ᠣᠳᠣᠬᠠᠨ ᠤ ᠣᠶᠢᠯᠠᠭᠠᠯᠲᠠ ᠶᠢᠨ ᠬᠡᠮᠵᠢᠶ᠎ᠡ ᠪᠠᠷ ᠨᠡᠯᠢᠶᠡᠳ ᠥᠨᠳᠥᠷ ᠰᠠᠯᠠᠭ᠎ᠠ ᠮᠥᠴᠢᠷ ᠪᠣᠯᠵᠤ ᠬᠤᠪᠢᠷᠠᠪᠠ᠃ ᠥᠷᠭᠡᠨ ᠣᠯᠠᠨ ᠬᠤᠲᠠ ᠶᠢᠨ ᠠᠷᠠᠳ ᠲᠦᠮᠡᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠰᠠᠨᠠᠭᠠᠴᠢᠯᠠᠭ᠎ᠠ ᠠᠴᠠ ᠪᠠᠨ ᠠᠩᠬᠠᠷᠤᠨ᠂ ᠢᠳᠡᠪᠬᠢᠲᠡᠢ ᠣᠷᠣᠯᠴᠠᠵᠤ᠂ ᠠᠮᠤᠷ ᠲᠦᠪᠰᠢᠨ ᠤ ᠤᠬᠠᠮᠰᠠᠷ᠂ ᠥᠪᠡᠷ ᠢ ᠪᠠᠨ ᠬᠠᠮᠠᠭᠠᠯᠠᠬᠤ ᠤᠬᠠᠮᠰᠠᠷ᠂ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠡᠶ᠂ ᠡᠨᠡ ᠪᠣᠯ ᠮᠠᠨ ᠤ ᠠᠵᠢᠯ ᠳᠤ ᠬᠢᠨᠠᠯᠲᠠ ᠲᠠᠯᠪᠢᠵᠤ ᠪᠠᠶᠢᠭ᠎ᠠ ᠶᠠᠪᠤᠳᠠᠯ ᠪᠣᠯᠬᠤ ᠪᠥᠭᠡᠳ ᠪᠠᠰᠠ ᠴᠤ ᠪᠢᠳᠡᠨ ᠳᠤ ᠲᠠᠯᠪᠢᠭᠰᠠᠨ ᠱᠠᠭᠠᠷᠳᠠᠯᠭ᠎ᠠ ᠪᠣᠯᠤᠨ᠎ᠠ᠃ ᠡᠭᠦᠨ ᠤ ᠬᠠᠮᠲᠤ᠂ ᠥᠷᠭᠡᠨ ᠣᠯᠠᠨ ᠬᠤᠲᠠ ᠶᠢᠨ ᠠᠷᠠᠳ ᠤᠨ ᠲᠤᠰᠬᠠᠭᠰᠠᠨ ᠠᠶᠤᠯᠭᠦᠶ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠠᠯ᠎ᠠ ᠶᠢᠨ ᠠᠰᠠᠭᠤᠳᠠᠯ ᠪᠣᠯ ᠪᠠᠰᠠ ᠴᠤ ᠮᠠᠨ ᠤ ᠬᠠᠮᠤᠭ ᠤᠨ ᠲᠤᠯᠭᠠᠮ᠎ᠠ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠪᠣᠯᠤᠨ᠎ᠠ᠃ ᠪᠢᠳᠡ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠠᠰᠠᠭᠤᠳᠠᠯ ᠢ ᠲᠦᠷᠭᠡᠨ ᠰᠢᠢᠳᠪᠦᠷᠢᠯᠡᠬᠦ ᠶᠢ ᠠᠬᠢᠭᠤᠯᠵᠤ᠂ ᠪᠦᠬᠦ ᠬᠤᠳᠠ ᠶᠢᠨ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠷᠦᠩᠬᠡᠢ ᠲᠠᠯ᠎ᠠ ᠶᠢᠨ ᠠᠮᠤᠷ ᠲᠦᠪᠰᠢᠨ ᠤ ᠲᠣᠭᠲᠠᠭᠤᠨ ᠢ ᠦᠨᠡᠨ ᠬᠦ ᠪᠠᠲᠤᠯᠠᠨ᠎ᠠ᠃ ᠬᠥᠲᠥᠯᠥᠭᠴᠢ᠄ ᠡᠨᠡ ᠵᠢᠯ ᠠᠴᠠ ᠨᠠᠭᠠᠰᠢᠬᠢ ᠠᠵᠢᠯ ᠤᠨ ᠪᠠᠶᠢᠳᠠᠯ ᠢᠶᠠᠨ ᠲᠠᠨᠢᠯᠴᠠᠭᠤᠯᠤᠭᠠᠷᠠᠢ᠃      ᠰᠤᠷᠪᠤᠯᠵᠢᠯᠠᠭᠳᠠᠭᠴᠢ ᠵᠤᠤ ᠶᠦᠩ ᠸᠧᠨ᠄ 2023 ᠣᠨ ᠠᠴᠠ ᠨᠠᠭᠠᠰᠢ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠥᠷᠭᠡᠨ ᠣᠯᠠᠨ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠵᠤ ᠠᠬᠤᠶ ᠨᠡᠶᠢᠭᠡᠮ ᠤᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠪᠠᠲᠤᠯᠠᠪᠠ᠃     ᠨᠢᠭᠡ ᠳᠤ᠂ ᠬᠥᠭᠵᠢᠯᠲᠡ ᠪᠠ ᠠᠮᠤᠷ ᠲᠦᠪᠰᠢᠨ ᠢ ᠪᠦᠬᠦ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠪᠠ᠃ ᠠᠶᠤᠯᠭᠦᠢ ᠦᠢᠯᠡᠳᠪᠦᠷᠢᠯᠡᠯ ᠤᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠣᠰᠣᠭᠠᠷ᠂ ᠠᠵᠢᠯ ᠲᠦᠷᠦᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ︽ᠪᠤᠭᠤᠲᠤ ᠬᠤᠳᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠪᠦᠬᠦ ᠠᠵᠢᠯᠳᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾᠎ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠪᠣᠳᠠᠲᠠᠢ ᠪᠣᠯᠭᠠᠪᠠ᠃ ᠠᠵᠤ ᠠᠬᠤᠶᠢᠯᠠᠯ ᠤᠳ ᠢ ᠱᠠᠯᠠᠪᠳᠠᠭᠤᠯᠵᠤ ᠪᠠᠶᠢᠭᠠᠳ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠬᠠᠤᠯᠢ ᠶᠣᠰᠣᠭᠠᠷ ᠪᠠᠶᠢᠷᠢᠯᠠᠭᠤᠯᠤᠨ᠂ ᠠᠶᠤᠯᠭᠦᠢ ᠦᠢᠯᠡᠳᠪᠦᠷᠢᠯᠡᠯ ᠤᠨ ᠲᠤᠰᠬᠠᠶ ᠲᠤᠰᠢᠶᠠᠯ ᠤᠨ ᠬᠠᠮᠢᠶᠠᠷᠤᠯᠲᠠ ᠶᠢᠨ ᠠᠵᠢᠯᠲᠠᠨ ᠲᠣᠬᠢᠷᠠᠭᠤᠯᠵᠤ᠂ ᠲᠤᠰ ᠠᠵᠤ ᠠᠬᠤᠶᠢᠯᠠᠯ ᠬᠢᠭᠡᠳ ᠬᠤᠯᠪᠣᠭᠳᠠᠬᠤ ᠠᠵᠤ ᠠᠬᠤᠶᠢᠯᠠᠯ ᠳᠤ ᠠᠶᠤᠯᠭᠦᠢ ᠶᠢᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠪᠠ᠃ ᠭᠤᠣᠯᠳᠠᠯᠭ᠎ᠠ ᠲᠠᠢ ᠠᠵᠤ ᠠᠬᠤᠶᠢᠯᠠᠯ ᠳᠤ ᠠᠶᠤᠯᠭᠦᠢ ᠦᠢᠯᠡᠳᠪᠦᠷᠢᠯᠡᠯ ᠤᠨ ᠡᠭᠡᠯᠵᠢ ᠶᠢᠨ ᠡᠮᠦᠨᠡᠬᠢ ᠬᠤᠷᠠᠯ᠂ ᠲᠤᠬᠠᠢ ᠶᠢᠨ ᠲᠠᠯᠠᠪᠠᠢ ᠶᠢᠨ ᠦᠵᠡᠭᠦᠯᠭᠡ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠦᠬᠦ ᠬᠤᠳᠠ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠦᠵᠡᠵᠦ ᠪᠣᠯᠬᠤ ᠲᠤᠬᠠᠢ ᠶᠢᠨ ᠲᠠᠯᠠᠪᠠᠢ ᠶᠢᠨ ᠦᠵᠡᠭᠦᠯᠭᠡ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠶᠤᠯᠭᠦᠢ ᠦᠢᠯᠡᠳᠪᠦᠷᠢᠯᠡᠯ ᠢ ᠬᠠᠮᠵᠢᠯᠴᠠᠨ ᠨᠢᠭᠡᠳᠭᠡᠭᠰᠡᠨ᠂ ᠨᠢᠭᠡ ᠴᠤᠭᠴᠠᠵᠢᠭᠤᠯᠤᠭᠰᠠᠨ ᠰᠠᠶᠢᠨ ᠰᠠᠶᠢᠬᠠᠨ ᠪᠠᠶᠢᠳᠠᠯ ᠢ ᠦᠨᠡᠨ ᠬᠦ ᠪᠤᠢ ᠪᠣᠯᠭᠠᠪᠠ᠃      ᠬᠤᠶᠠᠷ ᠲᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠠᠳᠡᠯ ᠢ ᠡᠷᠡᠰ ᠰᠡᠷᠭᠡᠶᠢᠯᠡᠨ ᠬᠤᠷᠢᠭᠯᠠᠪᠠ᠃ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠠᠬᠢᠭᠤᠯᠵᠤ᠂ ᠬᠦᠨᠳᠦ ᠶᠡᠭᠡ ᠠᠳᠡᠯ ᠤᠨ ᠬᠡᠮ ᠰᠣᠭᠤᠭ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠪᠥᠬᠦ ᠤᠯᠤᠰ ᠤᠨ ᠬᠦᠨᠳᠦ ᠶᠡᠭᠡ ᠠᠳᠡᠯ ᠤᠨ ᠬᠡᠮ ᠰᠣᠭᠤᠭ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠠᠯᠠᠱᠠ ᠶᠢᠨ ᠰᠢᠨ ᠵᠢᠩ ᠠᠭᠤᠷᠬᠠᠶ ᠶᠢᠨ ᠦᠢᠯᠡᠰ ᠤᠨ ︽2 · 22︾᠎ ᠤ ᠨᠤᠷᠠᠭᠰᠠᠨ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠬᠡᠮ ᠰᠣᠭᠤᠭ ᠢ ᠲᠤᠰᠬᠠᠶ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠪᠠ᠃      ᠭᠤᠷᠪᠠ ᠳᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠠᠵᠢᠯ ᠢ ᠪᠦᠬᠦ ᠲᠠᠯ᠎ᠠ ᠪᠠᠷ ᠵᠢᠷᠤᠮᠵᠢᠭᠤᠯᠵᠤ᠂ ᠬᠠᠤᠯᠢ ᠶᠢ ᠴᠢᠩᠭ᠎ᠠ ᠬᠡᠷᠡᠭᠵᠢᠭᠦᠯᠬᠦ ᠪᠠ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠳᠠᠯᠠᠪᠠ᠃ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠶᠡᠭᠡ ᠪᠠᠷ ᠤᠬᠠᠭᠤᠯᠤᠨ ᠲᠦᠭᠡᠮᠡᠯᠵᠢᠭᠦᠯᠵᠦ᠂ ᠠᠵᠤ ᠠᠬᠤᠶᠢᠯᠠᠯ ᠤᠨ ᠬᠠᠤᠯᠢ ᠶᠢ ᠵᠢᠷᠤᠮᠯᠠᠨ ᠬᠠᠤᠯᠢ ᠶᠢ ᠰᠠᠬᠢᠬᠤ ᠤᠬᠠᠮᠰᠠᠷ ᠢ ᠳᠡᠭᠡᠭᠰᠢᠯᠡᠭᠦᠯᠵᠦ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠪᠤᠭᠤᠲᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠢ ᠬᠠᠮᠵᠢᠯᠴᠠᠨ ︽ᠨᠢᠭᠡ ᠬᠠᠤᠯᠢ ᠨᠢᠭᠡ ᠲᠦᠷᠢᠮ︾᠎ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠯᠲᠠ ᠬᠢᠪᠡ᠃ ᠭᠠᠳᠠᠭᠰᠢ ᠳᠠᠭᠠᠭᠠᠴᠢᠯᠠᠭᠤᠯᠬᠤ ᠶᠢ ᠲᠤᠰᠬᠠᠢ ᠴᠡᠭᠴᠡᠯᠡᠨ ᠵᠠᠰᠠᠬᠤ᠂ ᠵᠠᠭᠤᠴᠢ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠤᠰᠬᠠᠢ ᠴᠡᠭᠴᠡᠯᠡᠨ ᠵᠠᠰᠠᠯᠲᠠ᠂ ︽ᠲᠤᠷᠭᠠᠭᠳᠠᠬᠤ ᠠᠴᠠ ᠪᠢᠰᠢ ᠵᠠᠯᠠᠷᠠᠭᠤᠯᠬᠤ ᠦᠭᠡᠢ︾ ᠲᠤᠰᠬᠠᠢ ᠴᠡᠭᠴᠡᠯᠡᠨ ᠵᠠᠰᠠᠯᠲᠠ᠂ ︽ᠬᠠᠤᠯᠢ ᠪᠣᠰᠤ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠨ ᠢ ᠵᠠᠰᠠᠬᠤ︾ ᠲᠤᠰᠬᠠᠢ ᠠᠵᠢᠯᠯᠠᠭ᠎ᠠ ᠵᠡᠷᠭᠡ 4 ᠲᠤᠰᠬᠠᠢ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ︽ᠢᠨᠲ᠋ᠧᠷ ᠰᠦᠯᠵᠢᠶ᠎ᠡ + ᠬᠠᠤᠯᠢ ᠬᠡᠷᠡᠭᠵᠢᠭᠦᠯᠬᠦ︾ ᠰᠢᠰᠲ᠋ᠧᠮ ᠢ ᠳᠡᠯᠭᠡᠷᠡᠭᠦᠯᠦᠨ ᠬᠡᠷᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ︽ᠰᠦᠯᠵᠢᠶᠡᠨ ᠳᠤ ᠭᠠᠷᠭᠠᠵᠤ ᠰᠦᠯᠵᠢᠶᠡᠨ ᠳᠤ ᠣᠷᠣᠭᠤᠯᠬᠤ︾᠎ ᠶᠢ ᠠᠬᠢᠭᠤᠯᠪᠠ᠃        ᠬᠥᠲᠥᠯᠥᠭᠴᠢ᠄ ᠰᠠᠶ᠋ᠢᠬᠠᠨ ᠭᠤᠣᠯᠳᠠᠭᠤ ᠠᠶᠤᠯᠭᠦᠶ ᠦᠢᠯᠡᠳᠪᠦᠷᠢᠯᠡᠯ ᠤᠨ ᠲᠠᠯ᠎ᠠ ᠪᠠᠷ ᠬᠢ ᠠᠵᠢᠯ ᠢ ᠲᠠᠨᠢᠯᠴᠠᠭᠤᠯᠤᠯ᠎ᠠ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠠᠯ᠎ᠠ ᠪᠠᠷ ᠭᠤᠤᠯᠳᠠᠭᠤ ᠶᠠᠮᠠᠷ ᠶᠠᠮᠠᠷ ᠠᠵᠢᠯ ᠤᠨ ᠠᠷᠭ᠎ᠠ ᠬᠡᠮᠵᠢᠶ᠎ᠡ ᠠᠪᠤᠭᠰᠠᠨ ᠪᠣᠶ︖      ᠰᠤᠷᠪᠤᠯᠵᠢᠯᠠᠭᠳᠠᠭᠴᠢ ᠵᠤᠤ ᠶᠦᠩ ᠸᠧᠨ᠄ ᠪᠢᠳᠡ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠬᠦ ᠪᠠᠷ ᠳᠠᠮᠵᠢᠨ᠂ ᠠᠶᠤᠯᠭᠦᠢ ᠬᠥᠭᠵᠢᠯᠲᠡ ᠶᠢᠨ ᠪᠠᠲᠤᠯᠠᠭ᠎ᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠠᠷ ᠴᠢᠷᠮᠠᠶᠢᠪᠠ᠃ ᠨᠢᠭᠡ ᠳᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ︽ᠬᠥᠨᠳᠡᠯᠡᠨ ᠢᠶᠠᠷ ᠬᠤᠯᠪᠣᠯᠳᠤᠭᠰᠠᠨ᠂ ᠭᠤᠯᠳᠤ ᠪᠠᠷ ᠨᠡᠪᠲᠡᠷᠡᠭᠰᠡᠨ︾ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠤᠨ ᠲᠣᠬᠢᠷᠠᠭᠤᠯᠬᠤ ᠲᠣᠤᠷ ᠰᠦᠯᠵᠢᠶ᠎ᠡ ᠶᠢ ᠪᠠᠶᠢᠭᠤᠯᠪᠠ᠃ ᠭᠠᠯ ᠰᠡᠷᠭᠡᠶᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭᠠᠨ ᠳᠤ᠂ ᠪᠥᠬᠦ ᠬᠤᠲᠠ ᠶᠢᠨ ᠬᠥᠮᠦᠨ ᠬᠠᠷ᠎ᠠ ᠲᠥᠪᠯᠡᠷᠡᠭᠰᠡᠨ ᠣᠷᠣᠨ ᠤ ᠬᠡᠷ ᠤᠨ ᠭᠠᠳᠠᠨᠠᠬᠢ ᠲᠣᠮᠣ ᠳᠡᠯᠭᠡᠴᠡ ᠳᠤ ᠭᠠᠯ ᠰᠡᠷᠭᠡᠶᠢᠯᠡᠯᠲᠡ ᠭᠠᠯ ᠤᠨᠲᠠᠷᠠᠭᠠᠯᠲᠠ ᠶᠢᠨ ᠤᠬᠠᠭᠤᠯᠭ᠎ᠠ ᠶᠢᠨ ᠤᠷᠢᠶ᠎ᠠ ᠯᠣᠽᠦ᠋ᠩ ᠢ ᠣᠷᠴᠢᠯᠳᠤᠭᠤᠯᠤᠨ ᠨᠡᠪᠲᠡᠷᠡᠭᠦᠯᠵᠦ᠂ ᠵᠤᠭᠠᠴᠠᠭᠰᠠᠳ ᠨᠢᠭᠲᠠᠷᠠᠭᠰᠠᠨ ᠣᠷᠣᠨ ᠳᠤ ᠵᠢᠯᠣᠭᠤᠴᠢ ᠥᠬᠡᠶ ᠨᠢᠰᠬᠡᠯ ᠢ ᠠᠰᠢᠭᠯᠠᠨ ᠦᠵᠡᠮᠵᠢ ᠶᠢᠨ ᠣᠷᠣᠨ ᠳᠤ ᠭᠦᠨᠵᠡᠭᠡᠶᠢᠷᠡᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠶᠢᠨ ᠦᠭᠡ ᠶᠢ ᠨᠡᠪᠲᠡᠷᠡᠭᠦᠯᠵᠦ᠂ ᠣᠯᠠᠨ ᠲᠠᠰ ᠳᠠᠪᠬᠤᠷᠭ᠎ᠠ᠂ ᠣᠯᠠᠨ ᠬᠠᠷᠠᠭᠠᠰᠤ᠂ ᠣᠯᠠᠨ ᠬᠡᠯᠪᠡᠷᠢ ᠶᠢᠨ ᠤᠬᠠᠭᠤᠯᠭ᠎ᠠ ᠶᠢᠨ ᠲᠣᠤᠷ ᠰᠦᠯᠵᠢᠶ᠎ᠡ ᠶᠢ ᠪᠠᠶᠢᠭᠤᠯᠬᠤ ᠶᠢ ᠠᠬᠢᠭᠤᠯᠪᠠ᠃ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ᠂ ᠲᠦᠮᠡᠳ ᠪᠠᠷᠠᠭᠤᠨ ᠬᠤᠰᠢᠭᠤᠨ ᠳᠤ ᠪᠤᠭᠤᠲᠤ ᠬᠤᠳᠠ ᠶᠢᠨ 2023 ᠣᠨ ᠤ ᠦᠶᠡᠷ ᠤᠰᠤᠲᠤᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠨ ᠲᠤᠰᠠᠯᠠᠬᠤ ᠪᠣᠳᠠᠲᠤ ᠪᠠᠶᠢᠯᠳᠤᠭᠠᠨ ᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠣᠯᠤᠨ ᠠᠶᠤᠯ ᠭᠠᠮᠰᠢᠭ ᠠᠴᠠ ᠠᠪᠤᠷᠠᠬᠤ ᠡᠩᠨᠡᠭᠡ ᠶᠢ ᠪᠦᠲᠦᠮᠵᠢᠲᠡᠢ ᠰᠢᠯᠭᠠᠨ ᠪᠠᠶᠢᠴᠠᠭᠠᠵᠤ᠂ ︽ᠲᠣᠯᠣᠳᠤᠭᠠᠷ ᠰᠠᠷ᠎ᠠ ᠶᠢᠨ ᠰᠡᠭᠦᠯᠴᠢ᠂ ᠨᠠᠢᠮᠠᠳᠤᠭᠠᠷ ᠰᠠᠷ᠎ᠠ ᠶᠢᠨ ᠡᠬᠢᠨ︾᠎ ᠤ ᠵᠠᠩᠭᠢᠯᠠᠭ᠎ᠠ ᠶᠢᠨ ᠬᠤᠭᠤᠴᠠᠭᠠᠨ ᠤ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠪᠠᠲᠤᠯᠠᠪᠠ᠃ ᠬᠤᠶᠠᠷ ᠲᠤ᠂ ᠠᠮᠤᠷ ᠲᠦᠪᠰᠢᠨ ᠤ ᠰᠣᠶᠣᠯ ᠤᠨ ᠤᠬᠠᠭᠤᠯᠭ᠎ᠠ ᠶᠢ ᠶᠡᠭᠡ ᠪᠠᠷ ᠠᠬᠢᠭᠤᠯᠪᠠ᠃ ᠪᠤᠭᠤᠲᠤ ᠶᠢᠨ ᠷᠠᠳᠢᠣ᠋ ᠲᠧᠯᠸᠢᠰ ᠬᠤᠷᠢᠶᠠᠨ ᠤ ᠰᠢᠵᠢᠷ ᠠᠯᠲᠠᠨ ᠴᠠᠭ ᠵᠢᠴᠢ ᠪᠥᠬᠦ ᠬᠤᠲᠠ ᠶᠢᠨ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡᠨ ᠤ LED ᠳᠡᠯᠭᠡᠴᠡ ᠳᠤ ᠠᠮᠤᠷ ᠲᠦᠪᠰᠢᠨ ᠤ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠲᠠᠯᠪᠢᠪᠠ᠃ ︽︿ᠠᠮᠤᠷ﹀ ᠲᠦᠢᠯ ᠤᠨ ᠴᠠᠭ ᠠᠭᠤᠷ ᠤᠨ ᠭᠠᠮᠰᠢᠭ ᠢ ᠠᠷᠭᠠᠴᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠺᠠᠷᠲ᠋ᠣᠨ ᠵᠢᠷᠤᠭ︾ ᠵᠡᠷᠭᠡ ᠠᠯᠢ ᠣᠯᠠᠨ ᠰᠢᠨ᠎ᠡ ᠵᠠᠭᠤᠴᠢᠯᠠᠭᠤᠷ ᠤᠨ ᠪᠦᠲᠦᠭᠡᠯ ᠢ ᠵᠣᠬᠢᠶᠠᠵᠤ᠂ ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠬᠦᠯᠬᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠵᠡᠷᠭᠡ ᠰᠤᠷᠤᠯᠴᠠᠯᠭ᠎ᠠ ᠶᠢᠨ ᠲᠠᠪᠴᠠᠩ ᠳᠤ ᠲᠤᠰᠬᠠᠶ ᠰᠡᠳᠦᠪᠲᠦ ᠲᠤᠰᠬᠠᠶ ᠪᠤᠯᠤᠩ ᠭᠠᠷᠭᠠᠵᠤ ᠳᠡᠯᠭᠡᠷᠡᠭᠦᠯᠦᠨ ᠨᠡᠶᠢᠲᠡᠯᠡᠪᠡ᠃ ᠭᠤᠷᠪᠠ ᠳᠤ᠂ 2023 ᠣᠨ ᠤ ᠥᠪᠥᠷ ᠮᠣᠩᠭᠤᠯ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ ᠢ ᠪᠡᠯᠡᠳᠬᠡᠨ ᠡᠷᠬᠢᠯᠡᠬᠦ ᠠᠵᠢᠯ ᠢ ᠢᠳᠡᠪᠬᠢᠲᠡᠢ ᠠᠬᠢᠭᠤᠯᠵᠤ᠂ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠤᠨ ᠬᠤᠳᠠ ᠶᠢᠨ ᠰᠦᠷᠦᠭᠵᠢᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠢᠰᠲ᠋ᠧᠮᠵᠢᠭᠰᠡᠨ ᠪᠠᠶᠢᠭᠤᠯᠤᠯᠲᠠ ᠶᠢᠨ ᠠᠭᠤᠰᠤᠯᠴᠠᠯ ᠳᠤ ᠬᠦᠴᠦᠨ ᠨᠡᠮᠡᠷᠢᠯᠡᠵᠦ ᠂ ᠤᠯᠠᠨ ᠤᠯᠤᠰ ᠤᠨ ᠲᠡᠰ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠰᠣᠯᠢᠯᠴᠠᠭᠠᠨ ᠤ ᠲᠠᠪᠴᠠᠩ ᠢ ᠪᠠᠶᠢᠭᠤᠯᠪᠠ᠃ ᠡᠭᠦᠨ ᠤ ᠬᠠᠮᠲᠤ ᠡᠨᠡ ᠬᠦ ᠲᠣᠬᠢᠶᠠᠯ ᠢ ᠠᠰᠢᠭᠯᠠᠨ᠂ ᠮᠠᠨ ᠤ ᠲᠣᠪᠴᠢᠶ᠎ᠠ ᠶᠢᠨ ᠠᠵᠢᠯ ᠲᠥᠷᠥᠯ ᠤᠨ ᠰᠤᠷᠲᠠᠯ ᠤᠨ ᠲᠤᠬᠠᠶ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ ︵5222851︶᠎ ᠶᠢ ᠣᠯᠠᠨ ᠳᠤ ᠨᠡᠶᠢᠲᠡᠯᠡᠶ᠎ᠡ᠃ ᠠᠶᠤᠯᠬᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠢᠯᠡᠴᠢᠯᠡᠨ ᠮᠡᠳᠡᠭᠦᠯᠬᠦ ᠤᠲᠠᠰᠤ 12350 ᠪᠠᠶᠢᠵᠤ᠂ ᠥᠷᠭᠡᠨ ᠣᠯᠠᠨ ᠲᠦᠮᠡᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠠᠶᠤᠯᠭᠦᠶ ᠦᠢᠯᠡᠳᠪᠦᠷᠢᠯᠡᠯ ᠤᠨ ᠠᠵᠢᠯ ᠳᠤ ᠣᠷᠣᠯᠴᠠᠬᠤ ᠪᠠ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠪᠠᠶᠠᠷᠯᠠᠨ ᠤᠭᠲᠤᠶ᠎ᠠ᠃
 
ᠢᠷᠡᠯᠲᠡ᠄ ᠪᠤᠭᠤᠲᠤ ᠬᠤᠲᠠ ᠶᠢᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号