ᠪᠤᠭᠤᠲᠤ ᠶᠢᠨ ᠬᠤᠪᠣᠷ ᠰᠢᠷᠤᠢ ᠶᠢᠨ ᠳᠡᠭᠡᠳᠦ  ᠰᠢᠨ᠎ᠡ ᠮᠡᠷᠭᠡᠵᠢᠯ ᠤᠨ ᠣᠷᠣᠨ ᠤ ᠲᠣᠭᠲᠠᠮᠠᠯ ᠬᠥᠷᠥᠩᠭᠡ ᠶᠢ ᠳᠠᠩᠰᠠᠯᠠᠬᠤ ᠲᠥᠪ ᠪᠤᠭᠤᠲᠤ ᠬᠤᠲᠠ ᠶᠢᠨ ᠱᠢᠨ ᠾᠧᠩ ᠴᠧᠩ  ᠳ᠋ᠠ ᠦᠢᠯᠡᠰ ᠪᠠᠢᠭᠤᠯᠬᠤ ᠬᠢᠵᠠᠭᠠᠷᠲᠤ ᠺᠣᠮᠫᠠᠨᠢ ᠭᠠᠵᠠᠷ ᠰᠢᠷᠣᠢ ᠶᠢᠨ ᠦᠨᠡᠮᠯᠡᠯ ᠢᠶᠠᠨ ᠭᠡᠭᠡᠭᠰᠡᠨ ᠨᠥᠬᠦᠪᠦᠷᠢ ᠦᠨᠡᠮᠯᠡᠯ ᠢᠶᠠᠨ ᠠᠯᠳᠠᠭᠰᠠᠨ ᠠᠯᠪᠠᠨ ᠵᠠᠷ
ᠨᠡᠶᠢᠲᠡᠯᠡᠭᠰᠡᠨ ᠴᠠᠭ᠄
2023/12/31
      ᠪᠤᠭᠤᠲᠤ ᠬᠤᠲᠠ ᠵᠢᠨ‌‍ᠱᠢᠨ ᠾᠧᠩ ᠴᠧᠩ  ᠳ᠋ᠠ ᠦᠢᠯᠡᠰ  ᠪᠠᠢᠭᠤᠯᠬᠤ  ᠬᠢᠵᠠᠭᠠᠷᠲᠤ ᠺᠣᠮᠫᠠᠨᠢ ᠶᠢᠨ ᠨᠡᠷ᠎ᠡ ᠳᠣᠣᠷᠠᠬᠢ ︽ᠤᠯᠤᠰ ᠤᠨ ᠥᠮᠴᠢᠯᠡᠯᠲᠦ ᠭᠠᠵᠠᠷ ᠰᠢᠷᠤᠢ ᠶᠢᠨ ᠬᠡᠷᠡᠭᠯᠡᠯᠲᠡ ᠶᠢᠨ ᠦᠨᠡᠮᠯᠡᠯ︾ ᠪᠤᠭᠤᠲᠤ ᠶᠢᠨ ᠳᠡᠭᠡᠳᠦ  ᠰᠢᠨ᠎ᠡ ᠤᠯᠤᠰ ᠤᠨ ᠬᠡᠷᠡᠭᠯᠡᠬᠦ ︵2016︶ 025 ᠳ᠋ᠤᠭᠠᠷ ᠲᠣᠭᠠᠲᠤ᠂ ᠬᠠᠳᠠᠭᠠᠯᠠᠨ  ᠬᠠᠮᠢᠶᠠᠷᠤᠭᠰᠠᠨ ᠨᠠᠷᠢᠯᠠᠭ ᠦᠭᠡᠢ ᠠᠴᠠ ᠪᠣᠯᠵᠤ ᠳᠡᠭᠡᠷ᠎ᠡ ᠳᠤᠷᠠᠳᠤᠭᠰᠠᠨ ︽ᠤᠯᠤᠰ ᠤᠨ ᠥᠮᠴᠢᠯᠡᠯᠲᠦ ᠭᠠᠵᠠᠷ ᠰᠢᠷᠤᠢ ᠶᠢᠨ ᠬᠡᠷᠡᠭᠯᠡᠯᠲᠡ ᠶᠢᠨ ᠦᠨᠡᠮᠯᠡᠯ︾᠎ ᠢ ᠭᠡᠭᠡᠭᠰᠡᠨ ᠪᠥᠭᠡᠳ ᠨᠢᠭᠡᠨᠲᠡ ︽ᠪᠤᠭᠤᠲᠤ ᠶᠢᠨ ᠡᠳᠦᠷ ᠤᠨ ᠰᠣᠨᠢᠨ︾᠎ ᠤᠨ 23534 ᠳ᠋ᠦ᠋ᠭᠡᠷ ᠬᠤᠭᠤᠴᠠᠭᠠᠨ ᠳᠤ ᠬᠦᠴᠦᠨ ᠦᠭᠡᠢ ᠪᠣᠯᠭᠠᠵᠤ᠂ ᠣᠳᠣ ᠮᠠᠨ ᠤ ᠲᠥᠪ ᠲᠤ ᠨᠥᠬᠦᠨ ᠦᠨᠡᠮᠯᠡᠯ ᠭᠤᠶᠤᠴᠢᠯᠠᠵᠤ ᠪᠠᠢᠨ᠎ᠠ᠃       ᠲᠣᠰ ᠭᠠᠵᠠᠷ ᠨᠢ ᠪᠢᠨ ᠾᠧ ᠰᠢᠨ᠎ᠡ ᠲᠣᠭᠤᠷᠢᠭ ᠤᠨ ᠭᠠᠯ ᠪᠠᠮᠪᠠᠷ ᠵᠠᠮ ᠠᠴᠠ ᠵᠡᠭᠦᠨᠰᠢ᠂ ᠪᠦᠦ ᠬᠠ ᠵᠠᠰᠠᠮᠠᠯ ᠵᠠᠮ ᠠᠴᠠ ᠡᠮᠦᠨᠡᠰᠢ ᠪᠠᠨ ᠪᠠᠶᠢᠷᠢᠯᠠᠵᠤ᠂ ᠬᠡᠷᠡᠭᠯᠡᠬᠦ ᠡᠷᠬᠡ ᠶᠢᠨ ᠲᠠᠯᠠᠪᠠᠶ ᠨᠢ 8976.79 ᠲᠡᠭᠰᠢ ᠳᠥᠷᠪᠡᠯᠵᠢᠨ ᠮᠧᠲᠷ ᠪᠠᠶᠢᠵᠤ᠂ ᠬᠡᠷᠡᠭᠴᠡᠭᠡ ᠨᠢ ᠪᠥᠭᠡᠮ ᠢᠶᠠᠷ ᠬᠤᠳᠠᠯᠳᠤᠬᠤ ᠳᠤ ᠬᠡᠷᠡᠭᠯᠡᠬᠦ ᠭᠠᠵᠠᠷ ᠪᠠᠶᠢᠵᠤ᠂ ᠬᠡᠷᠡᠭᠯᠡᠬᠦ ᠬᠤᠭᠤᠴᠠᠭ᠎ᠠ ᠨᠢ 2015.4.1᠎ ᠠᠴᠠ 2055.3.31 ᠡᠳᠦᠷ ᠪᠣᠯᠤᠨ᠎ᠠ᠃      ᠮᠠᠨ ᠤ ᠲᠥᠪ ︽ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠲᠦᠷ ᠬᠡᠷᠡᠭᠵᠢᠭᠦᠯᠬᠦ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾᠎ ᠤᠨ ᠬᠤᠷᠢᠨ ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ᠵᠠᠷᠯᠠᠨ ᠨᠡᠶᠢᠲᠡᠯᠡᠵᠡᠢ᠃ ᠲᠣᠰ ᠵᠠᠷᠯᠠᠨ ᠨᠡᠶᠢᠲᠡᠯᠡᠬᠦ ᠬᠤᠭᠤᠴᠠᠭ᠎ᠠ ᠪᠣᠯ 15 ᠠᠵᠢᠯᠯᠠᠬᠤ ᠡᠳᠦᠷ ᠪᠣᠯᠤᠨ᠎ᠠ᠃ ᠣᠨᠳᠣᠣ ᠰᠠᠨᠠᠯ ᠲᠠᠢ ᠪᠣᠯ ᠵᠠᠷᠯᠠᠯ ᠤᠨ ᠬᠤᠭᠤᠴᠠᠭ᠎ᠠ ᠳᠦᠭᠦᠷᠬᠦ ᠠᠴᠠ ᠡᠮᠦᠨ᠎ᠡ ᠮᠠᠨ ᠎ ᠳᠤ ᠡᠷᠭᠦᠳᠡᠯ ᠭᠠᠷᠭᠠᠭᠠᠷᠠᠢ᠃       ᠣᠨᠴᠠᠭᠠᠶᠢᠯᠠᠨ ᠵᠠᠷᠯᠠᠪᠠ       ᠬᠠᠷᠢᠯᠴᠠᠬᠤ ᠤᠲᠠᠰᠤ᠄ 523502᠂ 5163108                              ᠪᠤᠭᠤᠲᠤ ᠶᠢᠨ ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠣᠭᠲᠠᠮᠠᠯ ᠬᠥᠷᠥᠩᠭᠡ ᠶᠢ ᠳᠠᠩᠰᠠᠯᠠᠬᠤ ᠲᠥᠪ                                        2023 ᠣᠨ ᠤ 12 ᠰᠠᠷ᠎ᠠ ᠶᠢᠨ 25᠎ ᠤ ᠡᠳᠦᠷ
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号