ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠱᠠᠩᠨᠠᠯ ᠤᠨ ᠠᠷᠭ᠎ᠠ
ᠨᠡᠶᠢᠲᠡᠯᠡᠭᠰᠡᠨ ᠴᠠᠭ᠄
2023/12/31
      ᠨᠢᠭᠡᠳᠦᠭᠡᠷ ᠵᠦᠢᠯ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠤᠨᠴᠠᠭᠠᠶᠢᠯᠠᠨ ᠲᠤᠰ ᠠᠷᠭ᠎ᠠ ᠶᠢ ᠲᠣᠭᠲᠠᠭᠠᠪᠠ᠃       ᠬᠤᠶᠠᠳᠤᠭᠠᠷ ᠵᠦᠢᠯ ᠱᠠᠩᠨᠠᠬᠤ ᠬᠡᠪᠴᠢᠶ᠎ᠡ ᠵᠢᠴᠢ ᠪᠡᠯᠡ ᠮᠥᠩᠭᠦ ᠶᠢᠨ ᠰᠢᠨᠵᠢ ᠴᠢᠨᠠᠷ       ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ‍ᠤᠨ‌ᠣᠷᠣᠨ ᠳᠤ ᠳᠠᠩᠰᠠᠯᠠᠭᠤᠯᠬᠤ ᠶᠢᠨ ᠬᠠᠮᠲᠤ ᠬᠠᠤᠯᠢ ᠶᠣᠰᠣᠭᠠᠷ ᠭᠠᠶᠢᠯᠢ ᠲᠤᠰᠢᠶᠠᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠱᠠᠩᠨᠠᠨ᠎ᠠ᠃ ᠲᠤᠰ ᠠᠷᠭ᠎ᠠ ᠳᠤ ᠬᠤᠯᠪᠣᠭᠳᠠᠬᠤ ᠱᠠᠩᠨᠠᠯ ᠤᠨ ᠪᠡᠯᠡ ᠮᠥᠩᠭᠦ ᠨᠢ ᠴᠥᠮ ᠬᠤᠶᠢᠰᠢᠳᠠ ᠶᠢᠨ ᠲᠤᠰᠠᠯᠠᠮᠵᠢ ᠶᠢᠨ ᠱᠠᠩᠨᠠᠯ ᠤᠨ ᠪᠡᠯᠡ ᠮᠥᠩᠭᠦ ᠪᠣᠯᠤᠨ᠎ᠠ᠃       ᠭᠤᠷᠪᠠᠳᠤᠭᠠᠷ ᠵᠦᠢᠯ ᠳᠡᠮᠵᠢᠯᠭᠡ ᠪᠠ ᠱᠠᠩᠨᠠᠯ ᠤᠨ ᠲᠥᠷᠥᠯ ᠵᠦᠢᠯ      ︵ᠨᠢᠭᠡ︶ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠠᠶᠢᠭᠤᠯᠤᠯᠲᠠ ᠶᠢᠨ ᠱᠠᠩᠨᠠᠯ᠄ ᠳᠡᠭᠡᠳᠦ ᠰᠢᠨ᠎ᠡ ᠮᠡᠷᠭᠡᠵᠢᠯ ᠤᠨ ᠰᠤᠳᠤᠯᠤᠨ ᠨᠡᠭᠡᠭᠡᠬᠦ ᠠᠵᠢᠯ ᠢ ᠲᠤᠰᠬᠠᠶᠢᠯᠠᠨ ᠡᠷᠬᠢᠯᠡᠬᠦ ᠶᠢ ᠳᠡᠮᠵᠢᠵᠤ᠂ ᠵᠣᠬᠢᠬᠤ ᠬᠡᠪᠴᠢᠶᠡᠨ ᠤ ᠲᠤᠰᠬᠠᠶ ᠪᠠᠶᠢᠭᠤᠯᠤᠮᠵᠢ ᠲᠠᠢ᠂ ᠡᠭᠦᠨ ᠳᠤ ᠰᠤᠳᠤᠯᠤᠨ ᠨᠡᠭᠡᠭᠡᠬᠦ ᠲᠥᠪ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠺᠠᠳᠧᠮᠢᠴᠢ ᠶᠢᠨ ᠠᠵᠢᠯᠯᠠᠬᠤ ᠥᠷᠲᠡᠭᠡ ᠵᠡᠷᠭᠡ ᠶᠢ ᠪᠠᠭᠲᠠᠭᠠᠨ᠎ᠠ᠃      ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠲᠥᠯᠥᠪᠯᠡᠭᠡ ᠶᠢᠨ ᠲᠥᠷᠥᠯ ᠵᠦᠢᠯ ᠤᠨ ᠱᠠᠩᠨᠠᠯ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ‍ᠤᠨ‌ᠣᠷᠣᠨ ᠤ ᠢᠳᠡᠷ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ ᠴᠢᠳᠠᠪᠤᠷᠢᠲᠠᠨ᠂ ᠭᠤᠤᠯᠳᠠᠯᠭ᠎ᠠ ᠲᠠᠢ ᠬᠦᠷᠢᠶᠡᠨ ᠳᠠᠬᠢ ᠰᠢᠨ᠎ᠡ ᠶᠢ ᠡᠭᠦᠳᠬᠦ ᠪᠦᠯᠬᠦᠮ ᠨᠡᠶᠢᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠢ ᠳᠡᠮᠵᠢᠨ᠎ᠡ᠃      ︵ᠭᠤᠷᠪᠠ︶ ᠤᠯᠤᠰ ᠤᠨ ᠳᠡᠰ ᠤᠨ ᠳᠡᠭᠡᠳᠦ  ᠰᠢᠨ᠎ᠡ ᠮᠡᠷᠭᠡᠵᠢᠯ ᠤᠨ ᠠᠵᠤ ᠠᠬᠤᠢᠯᠠᠯ ᠢ ᠮᠠᠭᠠᠳᠯᠠᠨ ᠲᠣᠭᠲᠠᠭᠠᠵᠤ ᠱᠠᠩᠨᠠᠯ ᠣᠯᠭᠤᠬᠤ᠄ ᠠᠵᠤ ᠠᠬᠤᠢᠯᠠᠯ ᠤᠨ ᠤᠯᠤᠰ ᠤᠨ ᠳᠡᠰ ᠤᠨ ᠳᠡᠭᠡᠳᠦ‌‍ᠰᠢᠨ᠎ᠡ ᠮᠡᠷᠭᠡᠵᠢᠯ ᠤᠨ ᠠᠵᠤ ᠠᠬᠤᠢᠯᠠᠯ ᠢ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ ᠶᠢ ᠵᠣᠷᠢᠭᠵᠢᠭᠤᠯᠤᠨ᠎ᠠ᠃      ︵ᠲᠦᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠦᠨᠡᠮᠰᠢᠨ ᠲᠣᠭᠲᠠᠭᠠᠵᠤ ᠱᠠᠩᠨᠠᠨ ᠬᠥᠬᠢᠭᠦᠯᠬᠦ᠄ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ ᠶᠢ ᠵᠣᠷᠢᠭᠵᠢᠭᠤᠯᠤᠨ᠎ᠠ᠃       ︵ᠲᠠᠪᠤ︶ ᠠᠵᠤ ᠠᠬᠤᠢᠯᠠᠯ ᠱᠠᠩᠨᠠᠨ ᠬᠥᠬᠢᠭᠦᠯᠬᠦ᠄ ᠠᠵᠤ ᠠᠬᠤᠢᠯᠠᠯ ᠲᠦᠷᠭᠡᠨ ᠦᠰᠦᠨ  ᠪᠤᠶᠢᠵᠢᠬᠤ ᠶᠢ ᠬᠥᠲᠥᠯᠦᠨ ᠵᠢᠯᠣᠭᠤᠳᠴᠤ ᠠᠵᠤ ᠠᠬᠤᠢᠯᠠᠯ ᠲᠦᠷᠭᠡᠨ ᠦᠰᠦᠨ ᠪᠤᠶᠢᠵᠢᠬᠤ ᠶᠢ ᠵᠣᠷᠢᠭᠵᠢᠭᠤᠯᠵᠤ ᠪᠠᠢᠨ᠎ᠠ᠃      ᠳᠥᠷᠪᠡᠳᠦᠭᠡᠷ ᠵᠦᠶ᠋ᠯ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠠᠰ ᠤᠨ ᠰᠤᠳᠤᠯᠤᠨ ᠨᠡᠭᠡᠭᠡᠬᠦ ᠲᠥᠪ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠪᠠᠷ ᠲᠣᠭᠲᠠᠭᠠᠭᠰᠠᠨ ᠠᠵᠤ ᠠᠬᠤᠶᠢᠯᠠᠯ ᠳᠤ 5 - 10 ᠲᠦᠮᠡᠨ ᠲᠥᠭᠦᠷᠢᠭ ᠤᠨ ᠱᠠᠩᠨᠠᠯ ᠤᠨ ᠪᠠᠯᠠ ᠮᠥᠩᠭᠦ ︵ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ 10 ᠲᠦᠮᠡᠨ ᠲᠥᠭᠦᠷᠢᠭ᠂ ᠬᠡᠪᠴᠢᠶᠡᠵᠢᠯ ᠠᠴᠠ ᠳᠣᠷᠣᠭᠰᠢᠬᠢ ᠠᠵᠤ ᠠᠬᠤᠶᠢᠯᠠᠯ ᠳᠤ 5 ᠲᠦᠮᠡᠨ ᠲᠥᠭᠦᠷᠢᠭ ᠢᠶᠠᠷ ᠱᠠᠩᠨᠠᠨ᠎ᠠ︶ ᠨᠢᠭᠡ ᠯᠡ ᠤᠳᠠᠭ᠎ᠠ ᠳᠤ 10 - 20 ᠲᠦᠮᠡᠨ ᠲᠥᠭᠦᠷᠢᠭ ᠤᠨ ᠱᠠᠩᠨᠠᠯ ᠤᠨ ᠪᠠᠯᠠ ᠮᠥᠩᠭᠦ ︵ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ 20 ᠲᠦᠮᠡᠨ ᠲᠥᠭᠦᠷᠢᠭ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ 10 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠣᠯᠭᠤᠨ᠎ᠠ︶ ᠣᠯᠭᠤᠨ᠎ᠠ︔ ᠰᠤᠳᠤᠯᠤᠨ ᠨᠡᠭᠡᠭᠡᠬᠦ ᠲᠥᠪ ᠠᠴᠠ ᠪᠤᠭᠤᠲᠤ ᠬᠤᠲᠠ ᠶᠢᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠪᠤᠶᠤ ᠤᠯᠤᠰ ᠤᠨ ᠲᠠᠰ ᠤᠨ ᠲᠥᠪ ᠪᠣᠯᠭᠠᠭᠰᠠᠨ ᠪᠠᠶᠢᠪᠠᠯ᠂ ᠨᠢᠭᠡ ᠯᠡ ᠤᠳᠠᠭ᠎ᠠ ᠳᠤ 5 - 20 ᠲᠦᠮᠡᠨ ᠲᠥᠭᠦᠷᠢᠭ ᠤᠨ ᠱᠠᠩᠨᠠᠯ ᠤᠨ ᠪᠠᠯᠠ ᠮᠥᠩᠭᠦ ︵ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ 10 ᠲᠦᠮᠡᠨ ᠲᠥᠭᠦᠷᠢᠭ᠂ 10 ᠲᠦᠮᠡᠨ ᠲᠥᠭᠦᠷᠢᠭ᠂ 10 ᠲᠦᠮᠡᠨ ᠲᠥᠭᠦᠷᠢᠭ ᠢᠶᠠᠷ ᠱᠠᠩᠨᠠᠨ᠎ᠠ᠃      ︵ᠨᠢᠭᠡ︶ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠡᠰ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠳᠣᠣᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄      1. ᠰᠤᠳᠤᠯᠤᠨ ᠨᠡᠭᠡᠭᠡᠬᠦ ᠪᠠᠶᠢᠭᠤᠯᠤᠮᠵᠢ ᠶᠢ ᠨᠢᠭᠡᠨᠲᠡ ᠪᠠᠶᠢᠭᠤᠯᠤᠭᠰᠠᠨ ᠪᠥᠭᠡᠳ ᠬᠤᠶᠠᠷ ᠵᠢᠯ ᠠᠴᠠ ᠳᠡᠭᠡᠭᠰᠢ ᠠᠵᠢᠯᠯᠠᠭᠤᠯᠪᠠ᠃      2. ᠰᠤᠳᠤᠯᠤᠨ ᠨᠡᠭᠡᠭᠡᠬᠦ ᠲᠣᠭᠲᠠᠮᠠᠯ ᠭᠠᠵᠠᠷ ᠪᠠ ᠪᠠᠷᠢᠯᠭ᠎ᠠ ᠶᠢᠨ ᠮᠡᠷᠭᠡᠵᠢᠯ ᠤᠨ ᠲᠤᠷᠰᠢᠯᠲᠠ ᠶᠢᠨ ᠨᠥᠬᠦᠴᠡᠯ᠂ ᠪᠠᠶᠢᠴᠠᠭᠠᠨ ᠰᠢᠯᠭᠠᠵᠤ ᠵᠠᠳᠠᠯᠬᠤ ᠠᠷᠭ᠎ᠠ ᠪᠠᠷᠢᠯ ᠪᠠ ᠭᠠᠷ ᠤᠷᠠᠯᠠᠯ ᠤᠨ ᠲᠥᠬᠦᠭᠡᠷᠦᠮᠵᠢ ᠲᠠᠢ᠃      3. ᠳᠡᠭᠡᠷ᠎ᠡ ᠨᠢᠭᠡ ᠵᠢᠯ ᠤᠨ ᠰᠤᠳᠤᠯᠭᠠᠨ ᠪᠠ ᠲᠤᠷᠰᠢᠯᠲᠠ ᠬᠥᠭᠵᠢᠯᠲᠡ ᠶᠢᠨ ᠵᠠᠷᠤᠳᠠᠯ ᠤᠨ ᠵᠠᠷᠤᠯᠭ᠎ᠠ ᠶᠢᠨ ᠠᠳᠠᠯᠢ ᠬᠤᠭᠤᠴᠠᠭᠠᠨ ᠤ ᠪᠣᠷᠣᠯᠠᠭᠤᠯᠤᠯᠲᠠ ᠶᠢᠨ ᠣᠷᠣᠯᠭ᠎ᠠ ᠶᠢᠨ ᠶᠡᠷᠦᠩᠬᠡᠶ ᠲᠣᠭᠠᠨ ᠳᠠᠬᠢ ᠡᠵᠡᠯᠡᠬᠦ ᠬᠤᠪᠢ ᠶᠢᠨ ᠵᠢᠩ ᠨᠢ 3%᠎ ᠠᠴᠠ ᠳᠣᠣᠷ᠎ᠠ ᠪᠠᠶᠢᠵᠤ ᠪᠣᠯᠬᠤ ᠦᠭᠡᠢ᠃      4 ᠲᠤᠰᠬᠠᠢ ᠰᠤᠳᠤᠯᠤᠨ ᠨᠡᠭᠡᠭᠡᠬᠦ ᠠᠵᠢᠯᠲᠠᠨ ᠲᠠᠢ᠂ ᠰᠤᠳᠤᠯᠤᠨ ᠨᠡᠭᠡᠭᠡᠬᠦ ᠪᠠ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠬᠢᠵᠦ ᠪᠠᠶᠢᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠠᠵᠢᠯᠲᠠᠨ ᠠᠵᠢᠯᠴᠢᠨ ᠤ ᠶᠡᠷᠦᠩᠬᠡᠢ ᠲᠣᠭᠠᠨ ᠳᠠᠬᠢ ᠡᠵᠡᠯᠡᠬᠦ ᠬᠠᠷᠢᠴᠠᠯ ᠢ 10%᠎ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃      5. ᠰᠢᠨᠵᠢᠯᠡᠬᠦ ᠤᠬᠠᠭᠠᠨ ᠤ ᠰᠤᠳᠤᠯᠭᠠᠨ ᠤ ᠨᠡᠭᠡᠭᠡᠨ ᠬᠥᠭᠵᠢᠭᠦᠯᠬᠦ ᠬᠠᠮᠢᠶᠠᠷᠤᠯᠲᠠ ᠶᠢᠨ ᠠᠷᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠢ ᠤᠷᠮᠠᠰᠢᠭᠤᠯᠬᠤ ᠠᠷᠭ᠎ᠠ ᠵᠡᠷᠭᠡ ᠳᠦᠷᠢᠮ ᠪᠠᠶᠢᠨ᠎ᠠ᠃      ︵ᠬᠤᠶᠠᠷ︶ ᠠᠵᠤ ᠠᠬᠤᠶᠢᠯᠠᠯ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠠᠴᠠ ᠡᠮᠦᠨᠡᠬᠢ ᠨᠢᠭᠡ ᠵᠢᠯ ᠤᠨ ᠳᠣᠲᠣᠷ᠎ᠠ᠂ ᠭᠠᠶᠢᠯᠢ ᠳᠠᠷᠤᠵᠤ ᠲᠤᠰᠢᠶᠠᠬᠤ᠂ ᠭᠠᠶᠢᠯᠢ ᠠᠴᠠ ᠵᠠᠶᠢᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠵᠤ᠂ ᠬᠦᠨᠳᠦ ᠶᠡᠭᠡ ᠠᠮᠤᠷ ᠲᠦᠪᠰᠢᠨ᠂ ᠶᠠᠰᠤ ᠴᠢᠨᠠᠷ ᠤᠨ ᠬᠦᠨᠳᠦ ᠶᠡᠭᠡ ᠠᠳᠡᠯ ᠪᠤᠶᠤ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠶ ᠦᠢᠯᠡ ᠠᠵᠢᠯᠯᠠᠭ᠎ᠠ ᠭᠠᠷᠭᠠᠭᠰᠠᠨ ᠪᠠᠶᠢᠪᠠᠯ᠂ ᠭᠤᠶᠤᠴᠢᠯᠠᠨ ᠮᠡᠳᠡᠭᠦᠯᠵᠦ ᠪᠣᠯᠬᠤ ᠦᠭᠡᠶ᠃      ︵ᠭᠤᠷᠪᠠ︶ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠤᠳ ᠬᠤᠶᠠᠷ ᠵᠢᠯ ᠳᠤ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠠᠵᠢᠯᠯᠠᠭᠠᠨ ᠤ ᠪᠠᠶᠢᠳᠠᠯ ᠢ ᠨᠢᠭᠡ ᠤᠳᠠᠭ᠎ᠠ ᠰᠢᠯᠭᠠᠨ ᠬᠢᠨᠠᠵᠤ ᠦᠨᠡᠯᠡᠨ᠎ᠡ᠂ ᠰᠢᠯᠭᠠᠨ ᠬᠢᠨᠠᠵᠤ ᠦᠨᠡᠯᠡᠬᠦ ᠳᠤ᠄ A ᠲᠥᠷᠥᠯ ᠤᠨ ᠰᠢᠯᠢᠳᠡᠭ᠂ B ᠲᠥᠷᠥᠯ ᠤᠨ ᠰᠠᠶᠢᠨ᠂ C ᠲᠥᠷᠥᠯ ᠤᠨ ᠬᠢᠷᠢ ᠲᠡᠩᠴᠡᠭᠰᠡᠨ᠂ D ᠲᠥᠷᠥᠯ ᠤᠨ ᠰᠡᠷᠡᠮᠵᠢᠯᠡᠭᠦᠯᠦᠯ ᠭᠡᠵᠦ ᠬᠤᠪᠢᠶᠠᠨ᠎ᠠ᠃ D ᠲᠥᠷᠥᠯ ᠢᠶᠠᠷ ᠦᠨᠡᠯᠡᠭᠳᠡᠭᠰᠡᠨ ᠪᠠᠶᠢᠪᠠᠯ᠂ ᠬᠤᠶᠠᠷ ᠵᠢᠯ ᠤᠨ ᠳᠣᠲᠣᠷ᠎ᠠ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ︔ ᠴᠡᠭᠴᠡᠯᠡᠨ ᠰᠠᠶᠢᠵᠢᠷᠠᠭᠤᠯᠤᠭᠠᠳ ᠬᠢᠷᠢ ᠲᠡᠩᠴᠡᠭᠰᠡᠨ ᠦᠭᠡᠢ ᠪᠣᠯ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠳᠡᠰ ᠤᠨ ᠰᠤᠳᠤᠯᠤᠨ ᠨᠡᠭᠡᠭᠡᠬᠦ ᠲᠥᠪ ᠤᠨ ᠴᠣᠯᠠ ᠶᠢ ᠬᠦᠴᠦᠨ ᠦᠭᠡᠢ ᠪᠣᠯᠭᠠᠨ᠎ᠠ᠃      ᠲᠠᠪᠤᠳᠤᠭᠠᠷ ᠵᠦᠢᠯ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠲᠥᠯᠥᠪᠯᠡᠭᠡ ᠶᠢᠨ ᠲᠥᠷᠥᠯ ᠵᠦᠢᠯ ᠤᠨ ᠱᠠᠩᠨᠠᠯ᠃ ᠳᠣᠣᠷᠠᠬᠢ ᠨᠥᠬᠦᠴᠡᠯ ᠳᠤ ᠨᠡᠶᠢᠴᠡᠭᠰᠡᠨ ᠪᠥᠭᠡᠳ ᠬᠢᠨᠠᠨ ᠲᠣᠭᠲᠠᠭᠠᠬᠤ ᠪᠠᠷ ᠳᠠᠮᠵᠢᠭᠰᠠᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠢᠳᠡᠷ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ ᠴᠢᠳᠠᠪᠤᠷᠢᠲᠠᠨ᠂ ᠭᠤᠣᠯᠳᠠᠯᠭ᠎ᠠ ᠲᠠᠢ ᠬᠦᠷᠢᠶᠡᠨ ᠳᠠᠬᠢ ᠰᠢᠨ᠎ᠡ ᠶᠢ ᠡᠭᠦᠳᠬᠦ ᠪᠦᠯᠬᠦᠮ ᠨᠡᠶᠢᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠳᠤ ᠲᠣᠰ ᠲᠣᠰ ᠡᠭᠦᠷᠭᠡᠯᠡᠵᠦ ᠪᠠᠶᠢᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠢᠯ ᠢ 10 ᠲᠦᠮᠡᠨ ᠲᠥᠭᠦᠷᠢᠭ ᠤᠨ ᠳᠠᠷᠠᠭ᠎ᠠ ᠨᠥᠬᠦᠵᠦ ᠱᠠᠩᠨᠠᠬᠤ ᠪᠡᠯᠡ ᠮᠥᠩᠭᠦ ᠣᠯᠭᠤᠨ᠎ᠠ᠃       ︵ᠨᠢᠭᠡ︶ ᠢᠳᠡᠷ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ ᠴᠢᠳᠠᠪᠤᠷᠢᠲᠠᠨ ᠳᠤ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄      1. ᠰᠤᠳᠤᠯᠬᠤ ᠴᠢᠭᠯᠡᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠬᠤᠰᠢᠭᠤᠷᠠᠯ ᠬᠥᠭᠵᠢᠯᠲᠡ ᠶᠢᠨ ᠬᠠᠨᠳᠤᠰᠢ ᠲᠠᠢ ᠨᠡᠶᠢᠴᠡᠬᠦ ᠪᠤᠶᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠦᠷᠢᠶ᠎ᠡ ᠴᠠᠷᠠᠭ᠎ᠠ ᠳᠤ ᠬᠠᠷᠢᠶᠠᠯᠠᠭᠳᠠᠵᠤ᠂ ᠨᠠᠰᠤ ᠨᠢ ᠪᠦᠬᠦᠯᠢ 45 ᠨᠠᠰᠤᠨ ᠠᠴᠠ ᠬᠡᠲᠦᠷᠡᠬᠦ ᠦᠭᠡᠢ᠂ ᠳ᠋ᠣᠺᠲ᠋ᠣᠷ ᠤᠨ ᠴᠣᠯᠠ ᠪᠤᠶᠤ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ︵ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠮᠡᠷᠭᠡᠵᠢᠯ ᠤᠨ ᠴᠣᠯᠠ ᠲᠠᠢ ᠪᠠᠶᠢᠵᠤ ᠪᠣᠯᠬᠤ ᠪᠥᠭᠡᠳ ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠶᠢ ᠵᠣᠬᠢᠰᠲᠠᠶ ᠠᠭᠤᠵᠢᠭᠤ ᠲᠠᠯᠪᠢᠨ᠎ᠠ︶᠃      2. ᠨᠢᠭᠡᠨᠲᠡ ᠥᠨᠳᠥᠷ ᠬᠢᠷᠢ ᠲᠦᠪᠰᠢᠨ ᠪᠦᠬᠦᠢ ᠰᠢᠨ᠎ᠡ ᠶᠢ ᠡᠭᠦᠳᠬᠦ ᠴᠢᠨᠠᠷᠲᠠᠶ ᠦᠷ᠎ᠡ ᠪᠦᠲᠦᠭᠡᠯ ᠢ ᠣᠯᠵᠤ ᠂ ᠪᠠᠶᠢᠭ᠎ᠠ ᠠᠵᠢᠯ ᠲᠥᠷᠥᠯ ᠪᠤᠶᠤ ᠬᠦᠷᠢᠶᠡᠨ ᠳᠠᠬᠢ ᠠᠮᠵᠢᠯᠲᠠ ᠪᠦᠲᠦᠮᠵᠢ ᠨᠢ ᠲᠣᠪᠤᠶᠢᠮ᠎ᠠ ᠪᠠᠶᠢᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠨᠡᠯᠢᠶᠡᠳ ᠶᠡᠭᠡ ᠳᠠᠯᠳᠠ ᠬᠦᠴᠦᠨ ᠲᠠᠢ ᠪᠣᠯᠪᠠ᠃      3. ᠨᠡᠯᠢᠶᠡᠳ ᠴᠢᠩᠭ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠳᠠᠭᠠᠭᠤᠯᠤᠭᠴᠢ ᠰᠠᠶ᠋ᠢ ᠪᠦᠯᠬᠦᠮ ᠨᠡᠶᠢᠲᠡ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠴᠢᠳᠠᠪᠤᠷᠢ ᠲᠠᠢ ᠪᠥᠭᠡᠳ ᠪᠦᠬᠦ ᠠᠵᠢᠯᠲᠠᠨ      ︵ᠬᠤᠶᠠᠷ︶ ᠭᠤᠤᠯᠳᠠᠯᠭ᠎ᠠ ᠲᠠᠢ ᠬᠦᠷᠢᠶᠡᠨ ᠳᠠᠬᠢ ᠰᠢᠨ᠎ᠡ ᠶᠢ ᠡᠭᠦᠳᠬᠦ ᠪᠦᠯᠬᠦᠮ ᠨᠡᠶᠢᠲᠡ ᠨᠢ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄     1. ᠪᠦᠯᠬᠦᠮ ᠨᠡᠶᠢᠲᠡ ᠶᠢᠨ ᠰᠤᠳᠤᠯᠭᠠᠨ ᠤ ᠴᠢᠭᠯᠡᠯ ᠨᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠭᠤᠤᠯᠳᠠᠯᠭ᠎ᠠ ᠲᠠᠢ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠵᠦ᠂ ᠪᠦᠯᠬᠦᠮ ᠨᠡᠶᠢᠲᠡ ᠨᠢ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ᠂ ᠭᠤᠤᠯᠳᠠᠯᠭ᠎ᠠ ᠲᠠᠢ ᠢᠨᠵᠧᠨᠧᠷᠢᠩ᠂ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠡᠭᠦᠷᠭᠡ ᠶᠢ ᠡᠭᠦᠷᠭᠡᠯᠡᠵᠦ᠂ ᠲᠣᠳᠣᠷᠬᠠᠶ ᠰᠤᠳᠤᠯᠤᠨ ᠨᠡᠭᠡᠭᠡᠬᠦ ᠬᠠᠷᠠᠯᠲᠠ ᠪᠠ ᠬᠥᠭᠵᠢᠯᠲᠡ ᠶᠢᠨ ᠲᠥᠯᠥᠪᠵᠢᠭᠦᠯᠭᠡ ᠲᠠᠢ ᠪᠠᠶᠢᠳᠠᠭ᠃     2. ᠪᠦᠯᠬᠦᠮ ᠨᠡᠶᠢᠲᠡ ᠶᠢᠨ ᠰᠢᠨ᠎ᠡ ᠶᠢ ᠡᠭᠦᠳᠦᠭᠰᠡᠨ ᠠᠮᠵᠢᠯᠲᠠ ᠪᠦᠲᠦᠮᠵᠢ ᠨᠢ ᠲᠣᠪᠤᠶᠢᠮ᠎ᠠ᠂ ᠰᠤᠳᠤᠯᠤᠨ ᠨᠡᠭᠡᠭᠡᠬᠦ ᠬᠢᠷᠢ ᠬᠡᠮᠵᠢᠶ᠎ᠡ ᠨᠢ ᠠᠵᠢᠯ ᠲᠥᠷᠥᠯ ᠪᠤᠶᠤ ᠬᠦᠷᠢᠶᠡᠨ ᠤ ᠡᠮᠦᠨ᠎ᠡ ᠡᠩᠨᠡᠭᠡᠨ ᠳᠤ ᠣᠷᠣᠬᠤ ᠶᠢᠨ ᠬᠠᠮᠲᠤ ᠦᠷᠭᠦᠯᠵᠢᠯᠡᠨ ᠰᠢᠨ᠎ᠡ ᠶᠢ ᠡᠭᠦᠳᠬᠦ ᠴᠢᠳᠠᠪᠤᠷᠢ ᠪᠠ ᠨᠡᠯᠢᠶᠡᠳ ᠰᠠᠶᠢᠨ ᠬᠥᠭᠵᠢᠯᠲᠡ ᠶᠢᠨ ᠢᠷᠡᠭᠡᠳᠦᠶ ᠲᠠᠢ ᠶᠤᠮ᠃     3. ᠪᠦᠯᠬᠦᠮ ᠨᠡᠶᠢᠲᠡ ᠶᠢᠨ ᠪᠦᠲᠦᠴᠡ ᠲᠣᠭᠲᠠᠭᠤᠨ ᠪᠥᠭᠡᠳ ᠵᠦᠶ ᠵᠣᠬᠢᠰᠲᠠᠶ ᠪᠠᠶᠢᠵᠤ᠂ ᠭᠤᠤᠯ ᠪᠦᠷᠢᠯᠳᠦᠬᠦᠨ ᠨᠢ ᠡᠩ ᠤᠨ ᠪᠠᠶᠢᠳᠠᠯ ᠳᠤ 5 ᠬᠥᠮᠦᠨ ᠠᠴᠠ ᠳᠤᠲᠠᠭᠤ ᠪᠠᠶᠢᠯᠭᠠᠵᠤ ᠪᠣᠯᠬᠤ ᠥᠬᠡᠶ᠂ 15 ᠬᠥᠮᠦᠨ ᠠᠴᠠ ᠬᠡᠲᠦᠷᠡᠭᠦᠯᠵᠦ ᠪᠣᠯᠬᠤ ᠥᠬᠡᠶ᠂ ᠨᠢᠭᠡᠴᠢ ᠠᠯᠤᠰᠯᠠᠨ ᠬᠠᠮᠵᠢᠯᠴᠠᠵᠤ ᠪᠣᠯᠤᠨ᠎ᠠ᠃ ᠪᠦᠯᠬᠦᠮ ᠨᠡᠶᠢᠲᠡ ᠶᠢᠨ ᠬᠠᠷᠢᠭᠤᠴᠠᠯᠭᠠᠲᠠᠨ ᠤ ᠨᠠᠰᠤ ᠵᠢᠯ ᠨᠢ ᠪᠦᠬᠦᠯᠢ 50 ᠨᠠᠰᠤᠨ ᠠᠴᠠ ᠬᠡᠲᠦᠷᠡᠵᠦ ᠪᠣᠯᠬᠤ ᠦᠭᠡᠶ ᠪᠥᠭᠡᠳ ᠢᠳᠡᠷ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ ᠴᠢᠳᠠᠪᠤᠷᠢᠲᠠᠨ ᠤ ᠪᠤᠰᠤᠳ ᠦᠨᠳᠦᠰᠦᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠃      ︵ᠭᠤᠷᠪᠠ︶ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠠ ᠶᠢ ᠡᠬᠦᠳᠣᠨ ᠠᠲᠠᠯ ᠦᠢᠯᠡᠰ ᠴᠣᠠᠠᠴᠠᠯᠬᠠᠥ ᠴᠢᠳᠡᠪᠦᠷᠢᠳᠡᠨ ᠳᠤ ᠲᠣᠣᠷᠡᠬᠢ ᠨᠦᠬᠦᠴᠡᠯ ᠢ ᠪᠦᠷᠢᠯᠳᠦᠬᠦᠯᠬᠦ ᠭᠡᠷᠡᠭᠳᠡᠢ᠄     1. ᠭᠤᠶᠤᠴᠢᠯᠠᠨ ᠮᠡᠳᠡᠭᠦᠯᠦᠭᠴᠢ ᠠᠵᠤ ᠠᠬᠤᠶᠢᠯᠠᠯ ᠤᠨ ᠭᠤᠤᠯ ᠡᠭᠦᠳᠦᠨ ᠪᠠᠶᠢᠭᠤᠯᠤᠭᠴᠢ ᠪᠠ ᠪᠣᠳᠠᠲᠠᠶ ᠡᠵᠡᠮᠰᠢᠭᠴᠢ ︵ᠠᠵᠤ ᠠᠬᠤᠶᠢᠯᠠᠯ ᠤᠨ ᠨᠢᠭᠡᠳᠦᠭᠡᠷ ᠲᠣᠮᠣ ᠬᠤᠪᠢ ᠣᠷᠣᠭᠤᠯᠤᠭᠴᠢ ᠪᠤᠶᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ︶᠂ ᠠᠵᠤ ᠠᠬᠤᠶᠢᠯᠠᠯ ᠨᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠳᠠᠩᠰᠠᠯᠠᠭᠤᠯᠤᠨ ᠭᠠᠶᠢᠯᠢ ᠲᠤᠰᠢᠶᠠᠬᠤ ᠶᠢᠨ ᠬᠠᠮᠲᠤ ᠬᠠᠤᠯᠢ ᠶᠣᠰᠣᠭᠠᠷ ᠡᠵᠡᠩᠨᠡᠵᠦ᠂ ᠡᠭᠦᠳᠦᠨ ᠪᠠᠶᠢᠭᠤᠯᠬᠤ ᠴᠠᠭ ᠨᠢ 2 ᠵᠢᠯ ᠠᠴᠠ ᠳᠡᠭᠡᠭᠰᠢ ᠪᠠᠶᠢᠵᠤ᠂ ᠨᠡᠯᠢᠶᠡᠳ ᠰᠠᠶᠢᠨ ᠡᠵᠡᠩᠨᠡᠯᠲᠡ ᠶᠢᠨ ᠠᠮᠵᠢᠯᠲᠠ ᠪᠦᠲᠦᠮᠵᠢ᠂ ᠪᠤᠶᠢᠵᠢᠯᠲᠠ ᠶᠢᠨ ᠴᠢᠨᠠᠷ ᠪᠠ ᠰᠢᠨ᠎ᠡ ᠶᠢ ᠡᠭᠦᠳᠬᠦ ᠴᠢᠳᠠᠪᠤᠷᠢ ᠲᠠᠢ ᠪᠠᠶᠢᠳᠠᠭ᠃     2. ᠠᠵᠤ ᠠᠬᠤᠶᠢᠯᠠᠯ ᠳᠤ ᠭᠤᠤᠯᠯᠠᠬᠤ ᠮᠡᠷᠭᠡᠵᠢᠯ ᠪᠣᠯᠤᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠪᠠᠶᠢᠵᠤ᠂ ᠠᠳᠠᠭ ᠲᠠᠭᠠᠨ 1 ᠵᠦᠢᠯ ᠤᠨ ᠭᠤᠤᠯ ᠡᠵᠡᠩᠨᠡᠬᠦ ᠲᠤᠬᠠᠶᠢᠯᠠᠭᠰᠠᠨ ᠠᠵᠢᠯ ᠯᠤᠭ᠎ᠠ ᠬᠤᠯᠪᠣᠭᠳᠠᠬᠤ ᠡᠭᠦᠳᠦᠨ ᠪᠦᠲᠦᠭᠡᠯᠲᠡ ᠶᠢᠨ ᠲᠤᠰᠬᠠᠶ ᠠᠰᠢᠭ ᠲᠠᠢ ᠪᠠᠶᠢᠵᠤ᠂ ᠤᠨᠴᠡᠯᠢᠭ᠌ᠳᠦ ᠦᠢᠯᠡᠳᠬᠦᠨ ᠪᠤᠶᠤ ᠰᠢᠨ᠎ᠡ ᠶᠢ ᠡᠭᠦᠳᠬᠦ ᠴᠢᠨᠠᠷᠲᠠᠶ ᠬᠤᠳᠠᠯᠳᠤᠭᠠᠨ ᠤ ᠵᠠᠭᠪᠤᠷ ᠲᠠᠢ ᠪᠠᠶᠢᠵᠤ᠂ ᠮᠡᠷᠭᠡᠵᠢᠯ ᠤᠨ ᠬᠢᠷᠢ ᠬᠡᠮᠵᠢᠶ᠎ᠡ ᠨᠢ ᠠᠵᠢᠯ ᠲᠥᠷᠥᠯ ᠤᠨ ᠳᠣᠲᠣᠷ᠎ᠠ ᠲᠦᠷᠦᠭᠦᠯᠡᠬᠦ ᠪᠠᠶᠢᠷᠢᠨ ᠳᠤ ᠪᠠᠶᠢᠬᠤ ᠬᠡᠷᠡᠭᠲᠡᠶ᠃      3. ᠠᠵᠤ ᠠᠬᠤᠶᠢᠯᠠᠯ ᠰᠠᠶᠢᠨ ᠠᠰᠢᠭ ᠤᠯᠬᠤ ᠴᠢᠳᠠᠪᠤᠷᠢ ᠪᠠ ᠵᠠᠬ᠎ᠠ ᠳᠡᠯᠭᠡᠭᠦᠷ ᠤᠨ ᠠᠯᠤᠰ ᠢᠷᠡᠭᠡᠳᠦᠶ ᠲᠠᠢ ᠪᠠᠶᠢᠬᠤ ᠬᠡᠷᠡᠭᠲᠡᠶ︔ 5 ᠵᠢᠯ ᠠᠴᠠ ᠳᠡᠭᠡᠭᠰᠢᠬᠢ ᠠᠵᠤ ᠠᠬᠤᠶᠢᠯᠠᠯ ᠢ ᠡᠭᠦᠳᠦᠨ ᠪᠠᠶᠢᠭᠤᠯᠪᠠᠯ᠂ ᠣᠶᠢᠷ᠎ᠠ ᠶᠢᠨ 2 ᠵᠢᠯ ᠤᠨ ᠴᠡᠪᠡᠷ ᠠᠰᠢᠭ ᠬᠤᠨᠵᠢᠪᠤᠷᠢ ᠨᠢ ᠨᠡᠶᠢᠲᠡ 500 ᠲᠦᠮᠡᠨ ᠲᠥᠭᠦᠷᠢᠭ ᠠᠴᠠ ᠳᠤᠲᠠᠭᠤ ᠪᠠᠶᠢᠵᠤ ᠪᠣᠯᠬᠤ ᠦᠭᠡᠢ᠃      ᠵᠢᠷᠭᠤᠳᠤᠭᠠᠷ ᠵᠦᠢᠯ ᠤᠯᠤᠰ ᠤᠨ ᠱᠠᠲᠤᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠦᠨᠡᠮᠰᠢᠨ ᠲᠣᠭᠲᠠᠭᠠᠵᠤ ᠱᠠᠩᠨᠠᠬᠤ ᠬᠡᠷᠡᠭᠲᠡᠶ᠃ ᠠᠵᠤ ᠠᠬᠤᠶᠢᠯᠠᠯ ᠨᠢ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠬᠤ ᠪᠠᠷ ᠨᠤᠲᠠᠯᠠᠭᠰᠠᠨ ᠤ ᠳᠠᠷᠠᠭ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ 5 ᠲᠦᠮᠡᠨ ᠲᠥᠭᠦᠷᠢᠭ ᠤᠨ ᠱᠠᠩᠨᠠᠯ ᠤᠨ ᠪᠠᠯᠠ ᠮᠥᠩᠭᠦ ᠶᠢ ᠨᠢᠭᠡ ᠯᠡ ᠤᠳᠠᠭ᠎ᠠ ᠳᠤ ᠣᠯᠭᠤᠵᠤ᠂ ᠬᠡᠪᠴᠢᠶᠡᠵᠢᠯ ᠠᠴᠠ ᠳᠣᠷᠣᠭᠰᠢᠬᠢ ᠠᠵᠤ ᠠᠬᠤᠶᠢᠯᠠᠯ ᠳᠤ 3 ᠲᠦᠮᠡᠨ ᠲᠥᠭᠦᠷᠢᠭ ᠤᠨ ᠱᠠᠩᠨᠠᠯ ᠤᠨ ᠪᠠᠯᠠ ᠮᠥᠩᠭᠦ ᠶᠢ ᠨᠢᠭᠡ ᠯᠡ ᠤᠳᠠᠭ᠎ᠠ ᠳᠤ ᠣᠯᠭᠤᠨ᠎ᠠ᠃      ᠳᠣᠯᠣᠳᠤᠭᠠᠷ ᠵᠦᠢᠯ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠦᠨᠡᠮᠰᠢᠭᠰᠡᠨ ᠱᠠᠩᠨᠠᠯ᠃ ᠠᠵᠤ ᠠᠬᠤᠶᠢᠯᠠᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠣᠯᠬᠤ ᠪᠠᠷ ᠮᠠᠭᠠᠳᠯᠠᠨ ᠲᠣᠭᠲᠠᠭᠠᠭᠰᠠᠨ ᠤ ᠳᠠᠷᠠᠭ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ 2 ᠲᠦᠮᠡᠨ ᠲᠥᠭᠦᠷᠢᠭ ᠤᠨ ᠱᠠᠩᠨᠠᠯ ᠤᠨ ᠪᠡᠯᠡ ᠮᠥᠩᠭᠦ ᠶᠢ ᠨᠢᠭᠡ ᠯᠡ ᠤᠳᠠᠭ᠎ᠠ ᠳᠤ ᠥᠭᠴᠦ᠂ ᠬᠡᠪᠴᠢᠶᠡᠵᠢᠯ ᠠᠴᠠ ᠳᠣᠷᠣᠭᠰᠢᠬᠢ ᠠᠵᠤ ᠠᠬᠤᠶᠢᠯᠠᠯ ᠳᠤ 1 ᠲᠦᠮᠡᠨ ᠲᠥᠭᠦᠷᠢᠭ ᠤᠨ ᠱᠠᠩᠨᠠᠯ ᠤᠨ ᠪᠡᠯᠡ ᠮᠥᠩᠭᠦ ᠶᠢ ᠨᠢᠭᠡ ᠯᠡ ᠤᠳᠠᠭ᠎ᠠ ᠳᠤ ᠣᠯᠭᠤᠨ᠎ᠠ᠃      ᠨᠠᠢᠮᠠᠳᠤᠭᠠᠷ ᠵᠦᠢᠯ ᠪᠦᠬᠦᠩ ᠠᠵᠤ ᠠᠬᠤᠶᠢᠯᠠᠯ ᠤᠨ ᠲᠣᠭᠲᠠᠭᠠᠭᠰᠠᠨ ᠨᠥᠬᠦᠴᠡᠯ ᠵᠢᠴᠢ ᠱᠠᠩᠨᠠᠯ ᠤᠨ ᠵᠣᠭᠤᠰ ᠤᠨ ᠲᠤᠭ᠎ᠠ      ︵ᠨᠢᠭᠡ︶ ᠨᠦᠬᠦᠴᠡᠯ ᠮᠠᠭᠠᠳᠯᠠᠨ ᠲᠤᠭᠳᠠᠭᠠᠬᠤ     1. ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠳᠡᠭᠡᠳᠦ ᠰᠢᠨ᠎ᠡ ᠮᠡᠷᠭᠡᠵᠢᠯ ᠤᠨ  ᠤᠷᠤᠨ ᠳᠤ ᠳᠠᠩᠰᠠᠯᠠᠭᠤᠯᠬᠤ ᠶᠢᠨ ᠬᠠᠮᠲᠤ ᠬᠠᠤᠯᠢ ᠶᠣᠰᠣᠭᠠᠷ ᠭᠠᠶᠢᠯᠢ ᠲᠤᠰᠢᠶᠠᠭᠰᠠᠨ ᠪᠥᠭᠡᠳ ︽ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠬᠦᠷᠢᠶ᠎ᠡ︾᠎ ᠳᠤ ᠨᠡᠶᠢᠴᠡᠭᠰᠡᠨ ᠠᠵᠤ ᠠᠬᠤᠶᠢᠯᠠᠯ᠃     2. ᠠᠵᠤ ᠠᠬᠤᠶᠢᠯᠠᠯ ᠨᠢ ᠲᠠᠪᠤᠨ ᠵᠢᠯ ︵ᠲᠠᠪᠤᠨ ᠨᠢᠭᠲᠠᠯᠠᠨ ᠪᠣᠳᠣᠬᠤ ᠣᠨ︶᠎ ᠠᠴᠠ ᠳᠡᠭᠡᠭᠰᠢ ᠪᠠᠶᠢᠭᠤᠯᠵᠤ᠂ ᠦᠢᠯᠡᠳᠪᠦᠷᠢᠯᠡᠯ ᠡᠵᠡᠩᠨᠡᠯᠲᠡ ᠪᠠ ᠢᠲᠡᠭᠡᠮᠵᠢ ᠶᠢᠨ ᠪᠠᠶᠢᠳᠠᠯ ᠰᠠᠶᠢᠨ ᠪᠠᠶᠢᠵᠤ᠂ ᠬᠠᠤᠯᠢ ᠶᠢ ᠵᠥᠷᠢᠴᠡᠭᠰᠡᠨ ᠲᠡᠮᠳᠡᠭᠯᠡᠯ ᠦᠭᠡᠢ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠤᠭᠰᠠᠨ ᠦᠭᠡᠢ᠃     3᠃ ᠠᠵᠤ ᠦᠢᠯᠡᠳᠪᠦᠷᠢ ᠶᠢᠨ ᠠᠵᠤ ᠠᠬᠤᠶᠢᠯᠠᠯ ᠳᠦᠷᠦᠭᠦᠦ ᠵᠢᠯ ᠤᠨ ᠶᠡᠷᠦᠩᠭᠡᠢ ᠤᠷᠤᠯᠭ᠎ᠠ ᠨᠢ 20 ᠣᠣ ᠳᠦᠮᠡᠨ ᠳᠦᠭᠦᠷᠢᠭ ᠠᠴᠠ 1 ᠳ᠋ᠦᠩᠰᠢᠭᠤᠷ ᠳᠦᠭᠦᠷᠢᠭ ᠲᠤ ᠬᠦᠷᠦᠭᠰᠡᠨ ᠠᠵᠤ ᠠᠬᠤᠶᠢᠯᠠᠯ ᠪᠤᠯ ᠤᠶᠢᠷ᠎ᠠ ᠶᠢᠨ ᠳᠦᠷᠪᠡᠨ ᠵᠢᠯ ᠤᠨ ᠤᠷᠤᠯᠭ᠎ᠠ ᠶᠢᠨ ᠨᠡᠶᠢᠯᠡᠮᠡᠯ ᠨᠡᠮᠡᠭᠲᠡᠯ ᠤᠨ ᠨᠤᠷᠮ᠎ᠠ ᠨᠢ 30% ᠪᠤᠶᠤ ᠠᠰᠢᠭ ᠤᠷᠤᠯᠭ᠎ᠠ ᠶᠢᠨ ᠨᠡᠶᠢᠯᠡᠮᠡᠯ ᠨᠡᠮᠡᠭᠲᠡᠯ ᠤᠨ ᠨᠤᠷᠮ᠎ᠠ ᠶᠢ 30᠎ ᠳᠤ ᠬᠦᠷᠬᠡᠨ᠎ᠡ ᠳᠦᠷᠦᠭᠦᠦ ᠵᠢᠯ ᠤᠨ ᠤᠷᠤᠯᠭ᠎ᠠ ᠶᠢᠨ ᠨᠡᠶᠢᠯᠡᠮᠡᠯ ᠨᠡᠮᠡᠭᠲᠡᠯ ᠤᠨ ᠨᠤᠷᠮ᠎ᠠ ᠨᠢ 1᠎ ᠠᠴᠠ 5 ᠳ᠋ᠦᠩᠰᠢᠭᠤᠷ ᠳᠦᠭᠦᠷᠢᠭ ᠲᠤ ᠬᠦᠷᠦᠭᠰᠡᠨ ᠪᠦᠭᠡᠳ ᠳᠦᠷᠦᠭᠦᠦ ᠵᠢᠯ ᠤᠨ ᠤᠷᠤᠯᠭ᠎ᠠ ᠶᠢᠨ ᠨᠡᠶᠢᠯᠡᠮᠡᠯ ᠨᠡᠮᠡᠭᠲᠡᠯ ᠤᠨ ᠨᠤᠷᠮ᠎ᠠ ᠶᠢ 25᠎ ᠳᠤ ᠬᠦᠷᠬᠡᠭᠰᠡᠨ ᠪᠦᠭᠡᠳ ᠠᠰᠢᠭ ᠤᠷᠤᠯᠭ᠎ᠠ ᠶᠢᠨ ᠨᠡᠶᠢᠯᠡᠮᠡᠯ ᠨᠡᠮᠡᠭᠲᠡᠯ ᠤᠨ ᠨᠤᠷᠮ᠎ᠠ ᠶᠢ 25᠎ ᠳᠤ ᠬᠦᠷᠬᠡᠭᠰᠡᠨ ᠪᠠᠶᠢᠨ᠎ᠠ ᠳᠦᠷᠦᠭᠦᠦ ᠵᠢᠯ ᠤᠨ ᠪᠦᠭᠦ ᠤᠷᠤᠯᠭ᠎ᠠ ᠶᠢᠨ 5 ᠳ᠋ᠦᠩᠰᠢᠭᠤᠷ ᠳᠦᠭᠦᠷᠢᠭ ᠲᠤ ᠬᠦᠷᠦᠭᠰᠡᠨ ᠠᠵᠤ ᠠᠬᠤᠶᠢᠯᠠᠯ ᠪᠤᠯ ᠤᠶᠢᠷ᠎ᠠ ᠶᠢᠨ ᠳᠦᠷᠪᠡᠨ ᠵᠢᠯ ᠤᠨ ᠤᠷᠤᠯᠭ᠎ᠠ ᠶᠢᠨ ᠨᠡᠶᠢᠯᠡᠮᠡᠯ ᠨᠡᠮᠡᠭᠲᠡᠯ ᠤᠨ ᠨᠤᠷᠮ᠎ᠠ ᠶᠢ 20᠎ ᠳᠤ ᠬᠦᠷᠬᠡᠭᠰᠡᠨ ᠪᠠᠶᠢᠨ᠎ᠠ᠃     ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ᠄ ᠳᠡᠭᠡᠷ᠎ᠡ ᠵᠢᠯ ᠤᠨ ᠶᠡᠷᠦᠩᠬᠡᠢ ᠣᠷᠣᠯᠭ᠎ᠠ ᠨᠢ 500 ᠲᠦᠮᠡᠨ ᠲᠥᠭᠦᠷᠢᠭ ᠠᠴᠠ 2000 ᠲᠦᠮᠡᠨ ᠲᠥᠭᠦᠷᠢᠭ ᠬᠦᠷᠬᠦ ᠠᠵᠤ ᠠᠬᠤᠶᠢᠯᠠᠯ᠄ ᠣᠶᠢᠷ᠎ᠠ ᠶᠢᠨ ᠳᠥᠷᠪᠡᠨ ᠵᠢᠯ ᠤᠨ ᠣᠷᠣᠯᠭ᠎ᠠ ᠶᠢᠨ ᠨᠡᠶᠢᠯᠡᠮᠡᠯ ᠨᠡᠮᠡᠭᠳᠡᠯ ᠤᠨ ᠨᠣᠷᠮ᠎ᠠ ᠶᠢ 30% ᠪᠤᠶᠤ ᠠᠰᠢᠭ ᠬᠤᠨᠵᠢᠪᠣᠷᠢ ᠶᠢᠨ ᠨᠡᠶᠢᠯᠡᠮᠡᠯ ᠨᠡᠮᠡᠭᠳᠡᠯ ᠤᠨ ᠨᠣᠷᠮ᠎ᠠ ᠶᠢ 30%᠎ ᠳᠤ ᠬᠦᠷᠭᠡᠨ᠎ᠡ︔ ᠲᠦᠷᠦᠭᠦᠤ ᠵᠢᠯ ᠤᠨ ᠶᠡᠷᠦᠩᠬᠡᠶ ᠣᠷᠣᠯᠭ᠎ᠠ ᠨᠢ 2000 ᠲᠦᠮᠡᠨ ᠲᠥᠭᠦᠷᠢᠭ ᠠᠴᠠ 1 ᠳ᠋ᠦᠩᠰᠢᠭᠤᠷ ᠠᠵᠤ ᠠᠬᠤᠶᠢᠯᠠᠯ ᠳᠤ᠂ ᠣᠶᠢᠷ᠎ᠠ ᠶᠢᠨ ᠳᠥᠷᠪᠡᠨ ᠵᠢᠯ ᠤᠨ ᠣᠷᠣᠯᠭ᠎ᠠ ᠶᠢᠨ ᠨᠡᠶᠢᠯᠡᠮᠡᠯ ᠨᠡᠮᠡᠭᠳᠡᠯ ᠤᠨ ᠨᠣᠷᠮ᠎ᠠ ᠶᠢ 25% ᠪᠤᠶᠤ ᠠᠰᠢᠭ ᠬᠤᠨᠵᠢᠪᠣᠷᠢ ᠶᠢᠨ ᠨᠡᠶᠢᠯᠡᠮᠡᠯ ᠨᠡᠮᠡᠭᠳᠡᠯ ᠤᠨ ᠨᠣᠷᠮ᠎ᠠ ᠶᠢ 25 %᠎ ᠳᠤ ᠬᠦᠷᠦᠭᠦᠯᠦᠨ᠎ᠡ︔ ᠲᠦᠷᠦᠭᠦᠤ ᠵᠢᠯ ᠤᠨ ᠶᠡᠷᠦᠩᠬᠡᠶ ᠣᠷᠣᠯᠭ᠎ᠠ 1 ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢ ᠪᠠᠶᠢᠭ᠎ᠠ ᠠᠵᠤ ᠠᠬᠤᠶᠢᠯᠠᠯ᠄ ᠣᠶᠢᠷ᠎ᠠ ᠶᠢᠨ ᠳᠥᠷᠪᠡᠨ ᠵᠢᠯ ᠤᠨ ᠣᠷᠣᠯᠭ᠎ᠠ ᠶᠢᠨ ᠨᠡᠶᠢᠯᠡᠮᠡᠯ ᠨᠡᠮᠡᠭᠳᠡᠯ ᠤᠨ ᠨᠣᠷᠮ᠎ᠠ ᠶᠢ 20% ᠪᠤᠶᠤ ᠠᠰᠢᠭ ᠬᠤᠨᠵᠢᠪᠣᠷᠢ ᠶᠢᠨ ᠨᠡᠶᠢᠯᠡᠮᠡᠯ ᠨᠡᠮᠡᠭᠳᠡᠯ ᠤᠨ ᠨᠣᠷᠮ᠎ᠠ ᠶᠢ 20 %᠎ ᠳᠤ ᠬᠦᠷᠭᠡᠨ᠎ᠡ᠃      4. ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠬᠤ ᠪᠠᠷ ᠮᠠᠭᠠᠳᠯᠠᠨ ᠲᠣᠭᠲᠠᠭᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠠᠪᠴᠠᠩ ︵ᠰᠤᠳᠤᠯᠤᠨ ᠨᠡᠭᠡᠭᠡᠬᠦ ᠲᠥᠪ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠺᠠᠳᠧᠮᠢᠴᠢ ᠶᠢᠨ ᠠᠵᠢᠯᠯᠠᠬᠤ ᠥᠷᠲᠡᠭᠡ ᠵᠡᠷᠭᠡ ᠲᠠᠪᠴᠠᠩ︶ ᠪᠠᠶᠢᠭᠤᠯᠤᠨ᠎ᠠ᠃       ︵ᠬᠤᠶᠠᠷ︶ ᠱᠠᠩᠨᠠᠯ ᠤᠨ ᠮᠥᠩᠭᠦ       ᠪᠦᠬᠦᠩ ᠪᠣᠯᠭᠠᠭᠰᠠᠨ ᠠᠵᠤ ᠠᠬᠤᠶᠢᠯᠠᠯ ᠳᠤ 10᠎ ᠠᠴᠠ 30 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃      ᠶᠢᠰᠦᠳᠦᠭᠡᠷ ᠵᠦᠢᠯ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠᠭᠠᠢ ᠬᠤᠪᠢ ᠨᠡᠮᠡᠷᠢ ᠶᠢᠨ ᠱᠠᠩᠨᠠᠯ᠂ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ  ᠤᠷᠤᠨ ᠤ ᠮᠡᠷᠭᠡᠵᠢᠯ ᠤᠨ ᠠᠵᠤ ᠠᠬᠤᠶᠢᠯᠠᠯ᠂ ᠪᠦᠬᠦᠩ ᠤᠨ ᠠᠵᠤ ᠠᠬᠤᠶᠢᠯᠠᠯ ᠤᠨ ᠲᠠᠪᠤᠨ ᠲᠥᠷᠥᠯ ᠤᠨ ᠱᠠᠩᠨᠠᠯ ᠤᠨ ᠪᠡᠯᠡ ᠮᠥᠩᠭᠦ ᠶᠢᠨ ᠭᠤᠶᠤᠴᠢᠯᠠᠨ ᠮᠡᠳᠡᠭᠦᠯᠬᠦ ᠨᠥᠬᠦᠴᠡᠯ᠂ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ᠂ ᠮᠡᠳᠡᠭᠦᠯᠦᠭᠰᠡᠨ ᠮᠠᠲ᠋ᠧᠷᠢᠶᠠᠯ ᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ  ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠠᠴᠠ ᠬᠠᠷᠢᠭᠤᠴᠠᠨ ᠲᠤᠭᠤᠷᠪᠢᠵᠤ ᠨᠡᠶᠢᠲᠡᠯᠡᠨ᠎ᠡ᠃      ᠠᠷᠪᠠᠳᠤᠭᠠᠷ ᠵᠦᠢᠯ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ ᠨᠢ ᠵᠢᠯ ᠪᠦᠷᠢ ᠨᠢᠭᠡ ᠤᠳᠠᠭ᠎ᠠ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠱᠠᠩᠨᠠᠬᠤ ᠪᠠᠷ ᠭᠤᠶᠤᠴᠢᠯᠠᠨ ᠮᠡᠳᠡᠭᠦᠯᠵᠦ ᠰᠢᠯᠭᠠᠷᠠᠭᠤᠯᠬᠤ ᠪᠠ ᠪᠡᠯᠡ ᠮᠥᠩᠭᠦ ᠶᠢ ᠪᠣᠳᠠᠲᠠᠶᠢᠵᠢᠭᠤᠯᠬᠤ ᠠᠵᠢᠯ ᠢ ᠵᠣᠬᠢᠶᠠᠨ ᠪᠠᠶᠢᠭᠤᠯᠵᠤ᠂ ᠱᠠᠩᠨᠠᠯ ᠤᠨ ᠪᠡᠯᠡ ᠮᠥᠩᠭᠦ ᠶᠢ ᠵᠢᠯ ᠪᠦᠷᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠡᠳ᠋ ᠤᠨ ᠵᠠᠰᠠᠭ ᠤᠨ ᠲᠤᠰᠬᠠᠶ ᠵᠦᠢᠯ ᠢᠶᠠᠷ ᠭᠠᠷᠭᠠᠨ᠎ᠠ᠃ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠨᠢ ᠡᠯ᠎ᠡ ᠲᠥᠷᠥᠯ ᠤᠨ ᠱᠠᠩᠨᠠᠯ ᠤᠨ ᠪᠡᠯᠡ ᠮᠥᠩᠭᠦ ᠶᠢ ᠭᠤᠶᠤᠴᠢᠯᠠᠨ ᠮᠡᠳᠡᠭᠦᠯᠵᠦ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃       ᠠᠷᠪᠠᠨ ᠨᠢᠭᠡᠳᠦᠭᠡᠷ ᠵᠦᠢᠯ ᠲᠣᠰ ᠠᠷᠭ᠎ᠠ ᠶᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠠᠴᠠ ᠬᠠᠷᠢᠭᠤᠴᠠᠨ ᠲᠠᠶᠢᠯᠪᠤᠷᠢᠯᠠᠨ᠎ᠠ᠃      ᠠᠷᠪᠠᠨ ᠬᠤᠶᠠᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠤᠤᠯ ᠤᠨ ︽ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠱᠠᠩᠨᠠᠬᠤ ᠠᠷᠭ᠎ᠠ︾ ︵ᠳᠠᠭᠠᠭᠠᠴᠢᠯᠠᠨ ᠨᠡᠭᠡᠭᠡᠬᠦ ᠨᠠᠮ ᠵᠠᠰᠠᠭ ᠠᠯᠪᠠᠨ ᠲᠠᠷᠬᠠᠭᠠᠭᠰᠠᠨ ︹2014︺ 1 ᠳ᠋ᠤᠭᠡᠷ ᠲᠣᠭᠠᠲᠤ︶᠎ ᠶᠢ ᠬᠠᠮᠲᠤ ᠳᠤᠨᠢ ᠬᠦᠴᠦᠨ ᠦᠭᠡᠶ ᠪᠣᠯᠭᠠᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号