12 ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠠᠴᠠ ᠬᠠᠷᠢᠶᠠᠲᠤ ᠣᠷᠣᠨ ᠤ ᠳᠣᠲᠣᠷᠠᠬᠢ ᠳᠠᠭᠠᠭᠠᠴᠢᠯᠠᠯᠲᠠ | ᠣᠯᠤᠭᠰᠠᠨ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠠᠵᠤ ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ | ᠪᠠ ᠡᠵᠡᠩᠨᠡᠯᠲᠡ ᠶᠢᠨ ᠪᠠᠶᠢᠳᠠᠯ ᠳᠤ ᠵᠢᠯ ᠤᠨ ᠡᠴᠦᠰ ᠤᠨ ᠪᠠᠶᠢᠴᠠᠭᠠᠯᠲᠠ ᠶᠢ ᠥᠷᠨᠢᠭᠦᠯᠵᠦ᠂ ᠪᠠᠷᠢᠯᠭ᠎ᠠ ᠶᠢᠨ ᠬᠤᠭ | ᠨᠣᠪᠰᠢ ᠲᠡᠭᠡᠭᠡᠪᠦᠷᠢᠯᠡᠬᠦ ᠠᠵᠤ ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠵᠦ᠂ ᠵᠠᠮ ᠤᠨ ᠲᠣᠭᠤᠰᠣ ᠳᠡᠭᠳᠡᠬᠦ ᠪᠣᠬᠢᠷᠲᠤᠯ ᠢ ᠪᠠᠭᠠᠰᠬᠠᠵᠤ᠂ ᠵᠢᠯ ᠤᠨ ᠡᠴᠦᠰ ᠤᠨ ᠪᠠᠷᠢᠯᠭ᠎ᠠ ᠶᠢᠨ | ᠬᠤᠭ ᠨᠣᠪᠰᠢ ᠲᠡᠭᠡᠭᠡᠪᠦᠷᠢᠯᠡᠬᠦ ᠠᠵᠤ ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ ᠪᠠ ᠲᠡᠷᠭᠡ ᠬᠥᠰᠬᠡ ᠶᠢᠨ | ᠲᠡᠭᠡᠭᠡᠪᠦᠷᠢ ᠶᠢᠨ ᠬᠠᠮᠢᠶᠠᠷᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃ | ᠪᠠᠶᠢᠴᠠᠭᠠᠬᠤ ᠶᠠᠪᠤᠴᠠ ᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠶᠡᠭᠡ ᠠᠩᠭᠢ ᠲᠣᠰ ᠲᠣᠰ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ ᠤᠨ ᠲᠦᠷᠢᠮ᠂ | ᠠᠶᠤᠯ ᠥᠬᠡᠶ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠡᠬᠡ ᠲᠠᠩᠰᠠ ᠶᠢᠨ | ᠬᠠᠮᠢᠶᠠᠷᠤᠯᠲᠠ᠂ ᠠᠮᠤᠷ ᠲᠦᠪᠰᠢᠨ ᠤ ᠰᠤᠷᠤᠯᠴᠠᠯᠭ᠎ᠠ᠂ ᠲᠡᠭᠡᠭᠡᠪᠦᠷᠢ ᠶᠢᠨ ᠲᠡᠷᠭᠡ ᠬᠥᠰᠬᠡ ᠶᠢᠨ ᠳᠦᠷᠰᠦ ᠪᠠᠶᠢᠳᠠᠯ᠂ | ᠲᠡᠷᠭᠡ ᠬᠥᠰᠬᠡ ᠶᠢᠨ ᠬᠠᠮᠢᠶᠠᠷᠤᠯᠲᠠ᠂ ᠠᠵᠤ ᠠᠬᠤᠶᠢᠯᠠᠯ ᠤᠨ ᠲᠡᠭᠡᠭᠡᠪᠦᠷᠢ ᠶᠢᠨ ᠠᠵᠢᠯ ᠵᠡᠷᠭᠡ ᠪᠠᠶᠢᠳᠠᠯ ᠳᠤ ᠨᠠᠷᠢᠨ | ᠪᠠᠶᠢᠴᠠᠭᠠᠯᠲᠠ ᠬᠢᠭᠰᠡᠨ ᠪᠥᠭᠡᠳ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠪᠠ ᠪᠠᠭᠤᠷᠠᠶ ᠭᠤᠭᠴᠤᠭ᠎ᠠ ᠶᠢ | ᠲᠤᠬᠠᠶ ᠶᠢᠨ ᠲᠠᠯᠠᠪᠤᠷ ᠲᠤᠨᠢ ᠬᠠᠮᠢᠶ᠎ᠠ ᠪᠥᠬᠦᠶ ᠲᠡᠭᠡᠭᠡᠪᠦᠷᠢ ᠶᠢᠨ ᠠᠵᠤ ᠠᠬᠤᠶᠢᠯᠠᠯ ᠳᠤ ᠲᠤᠰᠢᠶᠠᠨ ᠥᠭᠴᠦ | ᠰᠢᠢᠳᠪᠦᠷᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠬᠤ ᠶᠢ ᠰᠢᠪᠠᠳᠠᠨ ᠲᠣᠭᠲᠠᠭᠠᠵᠤ᠂ | ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠪᠠ᠃ | ᠡᠴᠦᠰ ᠲᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠪᠣᠯᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ | ᠠᠩᠭᠢ ᠶᠢᠨ ᠬᠢᠨ ᠡᠯ᠎ᠡ ᠲᠡᠭᠡᠭᠡᠪᠦᠷᠢ ᠶᠢᠨ ᠠᠵᠤ ᠠᠬᠤᠶᠢᠯᠠᠯ ᠤᠨ ᠬᠢᠨ ᠠᠶᠤᠯᠭᠦᠶ ᠦᠢᠯᠡᠳᠪᠦᠷᠢᠯᠡᠯ ᠤᠨ ︽ᠬᠥᠪᠴᠢ︾ | ᠶᠢ ᠴᠠᠭ ᠢᠮᠠᠭᠲᠠ ᠴᠢᠩᠭᠠᠯᠠᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠᠨ | ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠵᠤ᠂ ᠠᠮᠤᠷ ᠲᠦᠪᠰᠢᠨ ᠤ | ᠠᠳᠡᠯ ᠭᠠᠷᠬᠤ ᠶᠢ ᠰᠡᠷᠭᠡᠶᠢᠯᠡᠨ ᠬᠤᠷᠢᠭᠯᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ | ᠱᠠᠭᠠᠷᠳᠠᠪᠠ᠃ ᠡᠯ᠎ᠡ ᠲᠡᠭᠡᠭᠡᠪᠦᠷᠢ ᠶᠢᠨ ᠠᠵᠤ ᠠᠬᠤᠶᠢᠯᠠᠯ ᠤᠨ ᠬᠢᠨ ᠠᠭᠤᠷ ᠠᠮᠢᠰᠬᠤᠯ ᠠᠭᠠᠵᠢᠮ ᠢᠶᠠᠷ ᠬᠦᠢᠲᠡᠷᠡᠬᠦ ᠶᠢ | ᠳᠠᠭᠠᠯᠳᠤᠨ᠂ ᠪᠠᠷᠢᠯᠭ᠎ᠠ ᠶᠢᠨ ᠭᠠᠵᠠᠷ ᠴᠥᠮ ᠠᠵᠢᠯ ᠵᠣᠭᠰᠣᠵᠤ᠂ ᠡᠯ᠎ᠡ ᠲᠡᠭᠡᠭᠡᠪᠦᠷᠢ ᠶᠢᠨ ᠠᠵᠤ ᠠᠬᠤᠶᠢᠯᠠᠯ ᠤᠨ ᠬᠢᠨ | 2023 ᠣᠨ ᠤ 12 ᠰᠠᠷ᠎ᠠ ᠠᠴᠠ 2024 ᠣᠨ ᠤ 2 ᠰᠠᠷ᠎ᠠ ᠪᠣᠯᠲᠠᠯ᠎ᠠ ᠡᠵᠡᠩᠨᠡᠯᠲᠡ ᠪᠠᠨ ᠲᠦᠷ ᠵᠣᠭᠰᠣᠭᠠᠵᠤ᠂ | ᠡᠨᠡ ᠬᠦ ᠬᠤᠭᠤᠴᠠᠭᠠᠨ ᠳᠤ᠂ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠢ ᠴᠢᠩᠭᠠᠳᠬᠠᠵᠤ᠂ ᠵᠢᠯᠣᠭᠤᠴᠢ᠂ | ᠲᠡᠷᠭᠡ ᠬᠥᠰᠬᠡ ᠶᠢᠨ ᠠᠮᠤᠷ ᠲᠦᠪᠰᠢᠨ ᠤ ᠬᠠᠮᠢᠶᠠᠷᠤᠯᠲᠠ ᠪᠣᠯᠣᠨ ᠬᠥᠮᠦᠵᠢᠯ ᠢ ᠴᠢᠩᠭᠠᠳᠬᠠᠵᠤ᠂ ᠲᠡᠷᠭᠡ | ᠬᠥᠰᠬᠡ ᠶᠢᠨ ᠡᠪᠡᠳᠴᠢᠨ ᠲᠠᠢ ᠲᠡᠷᠭᠡ ᠶᠠᠪᠤᠬᠤ ᠶᠢ ᠡᠷᠡᠰ ᠬᠤᠷᠢᠭᠯᠠᠵᠤ᠂ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠨ | ᠬᠤᠷᠢᠭᠯᠠᠵᠤ᠂ ᠠᠶᠤᠯᠭᠦᠢ ᠦᠢᠯᠡᠳᠪᠦᠷᠢᠯᠡᠯ ᠪᠣᠯᠣᠨ ᠵᠠᠮ ᠬᠠᠷᠢᠯᠴᠠᠭᠠᠨ ᠤ ᠠᠮᠤᠷ ᠲᠦᠪᠰᠢᠨ ᠤ ︽ᠤᠯᠠᠭᠠᠨ | ᠱᠤᠭᠤᠮ ᠤᠨ ᠤᠬᠠᠮᠰᠠᠷ︾ ᠢ ᠪᠠᠲᠤ ᠪᠤᠢ ᠪᠣᠯᠭᠠᠨ᠎ᠠ ᠭᠡᠵᠦ ᠢᠯᠡᠳᠬᠡᠪᠡ᠃ | 2023 ᠣᠨ ᠠᠴᠠ ᠨᠠᠰᠢ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠪᠣᠯᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠬᠢ | ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ | ᠯᠠᠪᠳᠠᠭᠤᠨ ᠪᠠᠲᠤᠲᠠᠢ ᠠᠬᠢᠭᠤᠯᠵᠤ᠂ ᠣᠷᠣᠨ ᠤ ᠳᠣᠲᠣᠷᠠᠬᠢ 7 ᠳᠠᠭᠠᠭᠠᠴᠢᠯᠠᠯᠲᠠ ᠣᠯᠤᠭᠰᠠᠨ ᠪᠠᠷᠢᠯᠭ᠎ᠠ ᠶᠢᠨ ᠬᠤᠭ | ᠨᠣᠪᠰᠢ ᠲᠡᠭᠡᠭᠡᠪᠦᠷᠢᠯᠡᠬᠦ ᠠᠵᠤ ᠠᠬᠤᠶᠢᠯᠠᠯ ᠲᠠᠢ ᠠᠶᠤᠯᠭᠦᠢ ᠦᠢᠯᠡᠳᠪᠦᠷᠢᠯᠡᠯ ᠤᠨ ᠠᠮᠠᠯᠠᠯᠲᠠ ᠶᠢᠨ ᠪᠢᠴᠢᠭ ᠲᠣᠭᠲᠠᠵᠤ | ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ | ᠠᠵᠤ ᠠᠬᠤᠶᠢᠯᠠᠯ ᠤᠨ ᠠᠮᠤᠷ ᠲᠦᠪᠰᠢᠨ ᠤ ᠪᠣᠭᠤᠮᠲᠠ ᠶᠢ ᠦᠨᠡᠨᠬᠦ ᠪᠠᠲᠤ ᠡᠵᠡᠮᠳᠡᠵᠡᠢ᠃ ᠪᠥᠬᠦ ᠵᠢᠯ ᠳᠤ | ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠵᠢᠴᠢ | ᠡᠵᠡᠩᠨᠡᠯᠲᠡ ᠶᠢᠨ ᠪᠠᠶᠢᠳᠠᠯ ᠢ ᠨᠡᠶᠢᠲᠡ 5 ᠤᠳᠠᠭ᠎ᠠ ᠪᠠᠶᠢᠴᠠᠭᠠᠵᠤ᠂ ᠪᠠᠶᠢᠳᠠᠯ ᠦᠨᠳᠦᠰᠦᠨ ᠳᠡᠭᠡᠨ ᠰᠠᠶᠢᠨ ᠪᠠᠶᠢᠬᠤ ᠶᠢ | ᠪᠠᠶᠢᠴᠠᠭᠠᠵᠤ᠂ ᠠᠰᠠᠭᠤᠳᠠᠯ ᠢ ᠣᠯᠵᠤ ᠮᠡᠳᠡᠪᠡᠯ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠤ᠂ ᠴᠥᠮ | ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ |