| 2023 ᠣᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠡᠮ ᠡᠮᠨᠡᠯᠭᠡ ᠶᠢᠨ | ᠳᠠᠭᠠᠳᠬᠠᠯ ᠤᠨ ᠣᠯᠠᠨ ᠲᠦᠮᠡᠨ ᠳᠤ ᠦᠢᠯᠡᠴᠢᠯᠡᠬᠦ ︽ᠬᠠᠮᠤᠭ ᠡᠴᠦᠰ ᠤᠨ ᠨᠢᠭᠡ ᠺᠢᠯᠣᠮᠧᠳ᠋ᠷ︾ ᠢ ᠬᠦᠴᠦᠯᠡᠨ | ᠨᠠᠪᠲᠠᠷᠡᠭᠦᠯᠵᠦ᠂ ᠡᠯ᠎ᠡ ᠵᠡᠭᠡᠯᠢ ᠪᠠᠯᠭᠠᠰᠤ ᠨᠡᠶᠢᠭᠡᠮ ᠲᠣᠭᠤᠷᠢᠭ ᠲᠤ ᠤᠷᠢᠳ ᠬᠤᠵᠢᠳ 34 ᠦᠨᠳᠦᠰᠦᠨ ᠱᠠᠲᠤᠨ ᠤ | ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠴᠡᠭ ᠢ ᠪᠠᠶᠢᠭᠤᠯᠵᠤ᠂ ︽ᠬᠠᠯᠠᠭᠤᠨ ᠳᠤᠯᠠᠭᠠᠨ᠂ | ᠠᠷᠠᠳ ᠤᠨ ᠰᠡᠳᠬᠢᠯ ᠢ ᠳᠤᠯᠠᠭᠠᠴᠠᠭᠤᠯᠬᠤ︾ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠨᠠᠷᠠᠲᠤ | ᠲᠥᠷᠥᠯ ᠲᠡᠮᠳᠡᠭᠲᠦ ᠶᠢ ᠪᠣᠶ ᠪᠣᠯᠭᠠᠵᠤ᠂ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡᠨ ᠤ ᠥᠷᠲᠡᠭᠡ ᠴᠡᠭ ᠢ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠬᠦᠴᠢᠷ ᠠᠰᠠᠭᠤᠳᠠᠯ ᠢ | ᠰᠢᠢᠳᠪᠦᠷᠢᠯᠡᠬᠦ ᠨᠢᠭᠡᠳᠦᠭᠡᠷ ᠴᠣᠩᠬᠤ ᠪᠣᠯᠭᠠᠵᠤ᠂ ᠦᠨᠳᠦᠰᠦᠨ ᠱᠠᠲᠤᠨ ᠤ ᠭᠠᠷᠲᠠᠨ ᠭᠦᠢᠴᠡᠳᠬᠡᠬᠦ ᠠᠵᠢᠯᠲᠠᠨ ᠢ | ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ | ᠳᠣᠲᠣᠨᠣ ᠬᠥᠮᠥᠨ ᠪᠣᠯᠭᠠᠪᠠ᠃ ᠣᠶᠢᠷ᠎ᠠ ᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠵᠠᠮ ᠤᠨ | ᠵᠡᠭᠡᠯᠢ ᠭᠤᠳᠤᠮᠵᠢ ᠶᠢᠨ ᠨᠥᠬᠦᠷᠯᠡᠯ ᠨᠡᠶᠢᠭᠡᠮ ᠣᠷᠣᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡᠨ ᠤ ᠴᠡᠭ ᠤᠨ ᠠᠵᠢᠯᠲᠠᠨ ᠰᠤᠷᠪᠤᠯᠵᠢᠯᠠᠬᠤ ᠳᠤᠮᠳᠠ ᠪᠠᠨ ᠰᠠᠭᠤᠭᠠᠯᠢ ᠠᠷᠠᠳ ᠦ᠋ ᠠᠪᠤᠭᠠᠢ ᠪᠣᠯ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠬᠦᠨᠳᠦ ᠵᠡᠮᠳᠡᠭ ᠬᠥᠮᠥᠨ ᠪᠠᠶᠢᠵᠤ᠂ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠭᠤᠣᠯᠳᠠᠯᠭ᠎ᠠ ᠲᠠᠢ ᠬᠠᠮᠤᠷᠬᠤ ᠪᠠ ᠬᠠᠪᠰᠤᠷᠤᠨ | ᠲᠡᠳᠬᠦᠵᠦ ᠠᠪᠤᠷᠠᠨ ᠲᠤᠰᠠᠯᠠᠬᠤ ᠬᠠᠮᠲᠤᠯᠢᠭ ᠲᠤ ᠲᠣᠭᠠᠴᠠᠭᠳᠠᠨ᠎ᠠ᠂ ᠤᠤᠯ ᠨᠢ ᠨᠢᠭᠡᠨ ᠠᠵᠤ ᠠᠬᠤᠶᠢᠯᠠᠯ ᠳᠤ | ᠠᠵᠢᠯᠯᠠᠵᠤ ᠥᠩᠭᠡᠷᠡᠭᠰᠡᠨ ᠪᠥᠭᠡᠳ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠵᠤ᠂ ᠰᠡᠭᠦᠯᠡᠷ ᠨᠢ ᠡᠪᠡᠳᠴᠢᠨ ᠢᠶᠠᠷ ᠠᠵᠢᠯ ᠢᠶᠠᠨ ᠬᠠᠶᠠᠵᠠᠢ᠂ ᠭᠡᠪᠡᠴᠦ ᠲᠣᠰ ᠠᠵᠤ | ᠠᠬᠤᠶᠢᠯᠠᠯ ᠨᠢ ᠳᠠᠭᠠᠳᠬᠠᠯ ᠢᠶᠠᠨ ᠴᠠᠭ ᠲᠤᠬᠠᠢ ᠳᠤᠨᠢ ᠵᠣᠭᠰᠣᠭᠠᠭᠰᠠᠨ ᠦᠭᠡᠢ ᠠᠴᠠ ᠪᠣᠯᠵᠤ ᠥᠷᠢᠲᠦᠭᠰᠡᠨ ᠵᠠᠷᠤᠳᠠᠯ | ᠪᠣᠶ ᠪᠣᠯᠵᠤ᠂ ᠣᠳᠣᠬᠠᠨ ᠳᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠶᠢᠨ ᠠᠷᠭ᠎ᠠ | ᠦᠭᠡᠢ ᠪᠣᠯᠣᠭᠰᠠᠨ ᠢ ᠣᠶᠢᠯᠠᠭᠠᠪᠠ᠃ ᠠᠵᠢᠯᠲᠠᠳ ᠡᠨᠡᠬᠦ ᠪᠠᠶᠢᠳᠠᠯ ᠢ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠨᠡᠶᠢᠭᠡᠮ ᠤᠨ ᠪᠠᠲᠤᠯᠠᠭ᠎ᠠ ᠶᠢᠨ ᠲᠥᠪ ᠤᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠲ᠋ᠣᠺ ᠲᠤ | ᠲᠡᠷᠡ ᠳᠠᠷᠤᠢ ᠳᠤᠨᠢ ᠬᠠᠷᠢᠭᠤ ᠲᠤᠰᠬᠠᠬᠤ ᠶᠢᠨ ᠵᠡᠷᠭᠡ ᠳᠤ ᠲᠤᠰ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ | ᠬᠠᠯᠠᠮᠵᠢᠯᠠᠵᠤ᠂ ᠰᠠᠭᠤᠭᠠᠯᠢ ᠠᠷᠠᠳ ᠢ ᠰᠠᠨᠠᠭ᠎ᠠ ᠠᠮᠤᠷ ᠬᠦᠯᠢᠶᠡᠯᠭᠡᠵᠡᠢ᠃ ᠲᠣᠰ ᠣᠯᠠᠨ ᠲᠦᠮᠡᠨ ᠤ ᠤᠤᠯ ᠤᠨ | ᠠᠵᠢᠯᠯᠠᠵᠤ ᠪᠠᠶᠢᠭᠰᠠᠨ ᠨᠢᠭᠡᠴᠡ ᠨᠢ ᠬᠤᠲᠠ ᠶᠢᠨ ᠲᠠᠰ ᠤᠨ ᠳᠠᠭᠠᠳᠬᠠᠯ ᠳᠤ ᠣᠷᠣᠯᠴᠠᠭᠰᠠᠨ ᠨᠢᠭᠡᠴᠡ ᠪᠣᠯᠬᠤᠷ | ᠣᠷᠣᠨ ᠤ ᠨᠡᠶᠢᠭᠡᠮ ᠤᠨ ᠳᠠᠭᠠᠳᠬᠠᠯ ᠤᠨ ᠲᠥᠪ ᠤᠨ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠠᠴᠠ ᠬᠢᠨᠠᠨ | ᠬᠠᠷᠭᠤᠭᠤᠯᠤᠭᠰᠠᠨ ᠤ ᠳᠠᠷᠠᠭ᠎ᠠ᠂ ᠪᠤᠭᠤᠲᠤ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠥᠪ ᠲᠠᠢ ᠳᠠᠷᠤᠢ | ᠲᠦᠷᠭᠡᠨ ᠬᠠᠷᠢᠯᠴᠠᠵᠤ ᠰᠨᠠᠠᠯ ᠢᠶᠠᠨ ᠰᠣᠯᠢᠯᠴᠠᠪᠠ᠃ ᠬᠤᠲᠠ᠂ ᠲᠣᠭᠤᠷᠢᠭ᠂ ᠨᠡᠶᠢᠭᠡᠮ ᠣᠷᠣᠨ ᠤ ᠭᠤᠷᠪᠠᠨ | ᠱᠠᠲᠤᠨ ᠤ ᠬᠢᠨ ᠬᠤᠪᠢ ᠬᠥᠮᠥᠨ ᠲᠠᠢ ᠬᠠᠮᠲᠤ ᠪᠠᠷ ᠬᠤᠯᠪᠣᠭᠳᠠᠯ ᠪᠦᠬᠦᠢ ᠪᠠᠶᠢᠳᠠᠯ ᠢ ᠨᠤᠲᠠᠯᠠᠭᠰᠠᠨ ᠤ ᠳᠠᠷᠠᠭ᠎ᠠ᠂ | ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠥᠪ ᠠᠴᠠ ᠲᠣᠰ ᠣᠯᠠᠨ ᠲᠦᠮᠡᠨ ᠳᠤ ᠠᠵᠢᠯᠲᠠᠨ ᠠᠵᠢᠯᠴᠢᠨ ᠤ | ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠢ ᠵᠣᠭᠰᠤᠭᠠᠬᠤ ᠭᠠᠷ ᠭᠦᠢᠴᠡᠳᠬᠡᠯ ᠬᠢᠵᠦ ᠥᠭᠴᠡᠢ᠂ ᠡᠭᠦᠨ ᠤ | ᠳᠠᠷᠠᠭ᠎ᠠ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠥᠪ ᠠᠴᠠ ᠲᠡᠭᠦᠨ ᠢ ᠰᠠᠭᠤᠭᠠᠯᠢ ᠠᠷᠠᠳ ᠤᠨ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠤᠯᠵᠤ᠂ ᠨᠡᠶᠢᠭᠡᠮ ᠣᠷᠣᠨ ᠤ ᠠᠵᠢᠯᠲᠠᠨ ᠳᠠᠷᠠᠭ᠎ᠠ ᠡᠳᠦᠷ ᠲᠤᠨᠢ ᠲᠣᠰ | ᠣᠯᠠᠨ ᠲᠦᠮᠡᠨ ᠳᠤ ᠭᠠᠷ ᠤᠲᠠᠰᠤᠨ ᠤ ᠥᠪᠡᠰᠦᠪᠡᠨ ᠰᠦᠢᠳᠬᠡᠯ ᠲᠤᠰᠢᠶᠠᠬᠤ ᠶᠢ ᠨᠢᠭᠤᠷᠲᠠᠨ ᠵᠢᠯᠣᠭᠤᠳᠪᠠ᠃ | ᠬᠤᠲᠠ᠂ ᠲᠣᠭᠤᠷᠢᠭ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠭᠤᠷᠪᠠᠨ ᠱᠠᠲᠤ ᠪᠠᠷ ᠢᠶᠠᠨ ᠬᠤᠯᠪᠤᠭᠠᠯᠠᠨ | ᠬᠥᠳᠡᠯᠦᠯᠴᠡᠬᠦ ᠪᠠᠷ ᠳᠡᠮᠵᠢᠨ᠂ ᠬᠤᠶᠠᠷ ᠠᠵᠢᠯ ᠤᠨ ᠡᠳᠦᠷ ᠢ ᠬᠡᠷᠡᠭᠯᠡᠵᠦ ᠪᠠᠶᠢᠭᠠᠳ ᠬᠦᠴᠢᠷᠳᠡᠯᠲᠡᠢ ᠣᠯᠠᠨ | ᠲᠦᠮᠡᠨ ᠳᠤ ᠡᠮ ᠡᠮᠨᠡᠯᠭᠡ ᠶᠢᠨ ᠳᠠᠭᠠᠳᠬᠠᠯ ᠤᠨ ᠬᠦᠴᠢᠷ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ | ᠥᠭᠬᠦ ᠶᠢᠨ ᠬᠠᠮᠲᠤ᠂ ᠣᠯᠠᠨ ᠲᠦᠮᠡᠨ ᠳᠤ ᠪᠤᠭᠤᠲᠤ ᠬᠤᠲᠠ ᠶᠢᠨ ᠣᠨᠴᠠᠭᠠᠶ ᠬᠠᠮᠲᠤᠯᠢᠭ ᠤᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠬᠤ ᠶᠢ ᠲᠤᠰᠠᠯᠠᠬᠤ ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠳᠠᠭᠠᠳᠬᠠᠯ ᠳᠤ | ᠣᠷᠣᠯᠴᠠᠬᠤ ᠪᠠ ᠡᠪᠡᠳᠴᠢᠨ ᠦᠵᠡᠭᠦᠯᠬᠦ ᠳᠠᠷᠤᠭᠠᠰᠤ ᠶᠢ ᠶᠡᠭᠡ ᠪᠠᠷ ᠬᠥᠩᠭᠡᠷᠡᠭᠦᠯᠪᠡ᠃ | | ᠡᠨᠡ ᠵᠢᠯ ᠠᠴᠠ ᠨᠠᠰᠢ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠡᠶᠢᠭᠡᠮ ᠤᠨ ᠳᠠᠭᠠᠳᠬᠠᠯ ᠤᠨ | ᠦᠢᠯᠡᠰ ᠤᠨ ᠦᠢᠯᠡᠴᠢᠯᠡᠭᠡᠨ ᠤ ᠲᠥᠪ ᠨᠢ ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂ 787 ᠣᠨᠴᠠ | ᠬᠦᠴᠢᠷᠳᠡᠯᠲᠡᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠦᠨᠳᠦ ᠵᠡᠮᠳᠡᠭ ᠵᠡᠷᠭᠡ ᠣᠨᠴᠠᠭᠠᠶ ᠬᠠᠮᠲᠤᠯᠢᠭ ᠢ | ᠴᠥᠮ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠮᠤᠷᠬᠤ ᠬᠡᠪᠴᠢᠶᠡᠨ ᠳᠤ ᠣᠷᠣᠭᠤᠯᠵᠤ᠂ ᠮᠠᠨ ᠤ | ᠬᠤᠲᠠ ᠶᠢᠨ ᠲᠥᠷᠥᠯ ᠬᠤᠪᠢᠶᠠᠨ ᠲᠡᠳᠬᠦᠨ ᠲᠤᠰᠠᠯᠠᠵᠤ ᠳᠠᠭᠠᠳᠬᠠᠯ ᠳᠤ ᠣᠷᠣᠯᠴᠠᠭᠤᠯᠬᠤ ᠲᠥᠷᠥ ᠶᠢᠨ | ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ | ᠲᠤᠰᠠᠯᠠᠯᠲᠠ ᠶᠢᠨ ︽ᠨᠢᠭᠡ ᠶᠢ ᠴᠦ ᠣᠷᠬᠢᠭᠳᠠᠭᠤᠯᠬᠤ ᠦᠭᠡᠢ︾ ᠪᠠᠶᠢᠬᠤ ᠶᠢ ᠦᠨᠡᠨ ᠬᠦ ᠪᠠᠲᠤᠯᠠᠪᠠ᠃ | |