ᠪᠤᠭᠤᠲᠤ ᠬᠤᠲᠠ ᠵᠢᠨᠱᠢᠨ ᠾᠧᠩ ᠴᠧᠩ ᠳ᠋ᠠ ᠦᠢᠯᠡᠰ ᠪᠠᠢᠭᠤᠯᠬᠤ ᠬᠢᠵᠠᠭᠠᠷᠲᠤ ᠺᠣᠮᠫᠠᠨᠢ ᠶᠢᠨ ᠨᠡᠷ᠎ᠡ | ᠳᠣᠣᠷᠠᠬᠢ ︽ᠤᠯᠤᠰ ᠤᠨ ᠥᠮᠴᠢᠯᠡᠯᠲᠦ ᠭᠠᠵᠠᠷ ᠰᠢᠷᠤᠢ ᠶᠢᠨ ᠬᠡᠷᠡᠭᠯᠡᠯᠲᠡ ᠶᠢᠨ ᠦᠨᠡᠮᠯᠡᠯ︾ ᠪᠤᠭᠤᠲᠤ ᠶᠢᠨ ᠳᠡᠭᠡᠳᠦ | ᠰᠢᠨ᠎ᠡ ᠤᠯᠤᠰ ᠤᠨ ᠬᠡᠷᠡᠭᠯᠡᠬᠦ ︵2016︶ 025 ᠳ᠋ᠤᠭᠠᠷ ᠲᠣᠭᠠᠲᠤ᠂ ᠬᠠᠳᠠᠭᠠᠯᠠᠨ ᠬᠠᠮᠢᠶᠠᠷᠤᠭᠰᠠᠨ ᠨᠠᠷᠢᠯᠠᠭ | ᠦᠭᠡᠢ ᠠᠴᠠ ᠪᠣᠯᠵᠤ ᠳᠡᠭᠡᠷ᠎ᠡ ᠳᠤᠷᠠᠳᠤᠭᠰᠠᠨ ︽ᠤᠯᠤᠰ ᠤᠨ ᠥᠮᠴᠢᠯᠡᠯᠲᠦ ᠭᠠᠵᠠᠷ ᠰᠢᠷᠤᠢ ᠶᠢᠨ ᠬᠡᠷᠡᠭᠯᠡᠯᠲᠡ ᠶᠢᠨ | ᠦᠨᠡᠮᠯᠡᠯ︾ ᠢ ᠭᠡᠭᠡᠭᠰᠡᠨ ᠪᠥᠭᠡᠳ ᠨᠢᠭᠡᠨᠲᠡ ︽ᠪᠤᠭᠤᠲᠤ ᠶᠢᠨ ᠡᠳᠦᠷ ᠤᠨ ᠰᠣᠨᠢᠨ︾ ᠤᠨ 23534 ᠳ᠋ᠦ᠋ᠭᠡᠷ | ᠬᠤᠭᠤᠴᠠᠭᠠᠨ ᠳᠤ ᠬᠦᠴᠦᠨ ᠦᠭᠡᠢ ᠪᠣᠯᠭᠠᠵᠤ᠂ ᠣᠳᠣ ᠮᠠᠨ ᠤ ᠲᠥᠪ ᠲᠤ ᠨᠥᠬᠦᠨ ᠦᠨᠡᠮᠯᠡᠯ ᠭᠤᠶᠤᠴᠢᠯᠠᠵᠤ | ᠪᠠᠢᠨ᠎ᠠ᠃ | ᠲᠣᠰ ᠭᠠᠵᠠᠷ ᠨᠢ ᠪᠢᠨ ᠾᠧ ᠰᠢᠨ᠎ᠡ ᠲᠣᠭᠤᠷᠢᠭ ᠤᠨ ᠭᠠᠯ ᠪᠠᠮᠪᠠᠷ ᠵᠠᠮ ᠠᠴᠠ ᠵᠡᠭᠦᠨᠰᠢ᠂ ᠪᠦᠦ ᠬᠠ ᠵᠠᠰᠠᠮᠠᠯ | ᠵᠠᠮ ᠠᠴᠠ ᠡᠮᠦᠨᠡᠰᠢ ᠪᠠᠨ ᠪᠠᠶᠢᠷᠢᠯᠠᠵᠤ᠂ ᠬᠡᠷᠡᠭᠯᠡᠬᠦ ᠡᠷᠬᠡ ᠶᠢᠨ ᠲᠠᠯᠠᠪᠠᠶ ᠨᠢ 8976.79 ᠲᠡᠭᠰᠢ ᠳᠥᠷᠪᠡᠯᠵᠢᠨ | ᠮᠧᠲᠷ ᠪᠠᠶᠢᠵᠤ᠂ ᠬᠡᠷᠡᠭᠴᠡᠭᠡ ᠨᠢ ᠪᠥᠭᠡᠮ ᠢᠶᠠᠷ ᠬᠤᠳᠠᠯᠳᠤᠬᠤ ᠳᠤ ᠬᠡᠷᠡᠭᠯᠡᠬᠦ ᠭᠠᠵᠠᠷ ᠪᠠᠶᠢᠵᠤ᠂ ᠬᠡᠷᠡᠭᠯᠡᠬᠦ | ᠬᠤᠭᠤᠴᠠᠭ᠎ᠠ ᠨᠢ 2015.4.1 ᠠᠴᠠ 2055.3.31 ᠡᠳᠦᠷ ᠪᠣᠯᠤᠨ᠎ᠠ᠃ | ᠮᠠᠨ ᠤ ᠲᠥᠪ ︽ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠲᠦᠷ ᠬᠡᠷᠡᠭᠵᠢᠭᠦᠯᠬᠦ ᠳᠦᠷᠢᠮ ᠢ | ᠬᠡᠷᠡᠭᠵᠢᠭᠦᠯᠬᠦ ᠨᠠᠷᠢᠨ ᠳᠦᠷᠢᠮ︾ ᠤᠨ ᠬᠤᠷᠢᠨ ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ᠵᠠᠷᠯᠠᠨ | ᠨᠡᠶᠢᠲᠡᠯᠡᠵᠡᠢ᠃ ᠲᠣᠰ ᠵᠠᠷᠯᠠᠨ ᠨᠡᠶᠢᠲᠡᠯᠡᠬᠦ ᠬᠤᠭᠤᠴᠠᠭ᠎ᠠ ᠪᠣᠯ 15 ᠠᠵᠢᠯᠯᠠᠬᠤ ᠡᠳᠦᠷ ᠪᠣᠯᠤᠨ᠎ᠠ᠃ ᠣᠨᠳᠣᠣ | ᠰᠠᠨᠠᠯ ᠲᠠᠢ ᠪᠣᠯ ᠵᠠᠷᠯᠠᠯ ᠤᠨ ᠬᠤᠭᠤᠴᠠᠭ᠎ᠠ ᠳᠦᠭᠦᠷᠬᠦ ᠠᠴᠠ ᠡᠮᠦᠨ᠎ᠡ ᠮᠠᠨ ᠳᠤ ᠡᠷᠭᠦᠳᠡᠯ ᠭᠠᠷᠭᠠᠭᠠᠷᠠᠢ᠃ | ᠣᠨᠴᠠᠭᠠᠶᠢᠯᠠᠨ ᠵᠠᠷᠯᠠᠪᠠ | ᠬᠠᠷᠢᠯᠴᠠᠬᠤ ᠤᠲᠠᠰᠤ᠄ 523502᠂ 5163108 | ᠪᠤᠭᠤᠲᠤ ᠶᠢᠨ ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠲᠣᠭᠲᠠᠮᠠᠯ ᠬᠥᠷᠥᠩᠭᠡ ᠶᠢ ᠳᠠᠩᠰᠠᠯᠠᠬᠤ ᠲᠥᠪ | 2023 ᠣᠨ ᠤ 12 ᠰᠠᠷ᠎ᠠ ᠶᠢᠨ 25 ᠤ ᠡᠳᠦᠷ |