ᠨᠢᠭᠡᠳᠦᠭᠡᠷ ᠵᠦᠢᠯ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠮᠡᠷᠭᠡᠵᠢᠯ ᠤᠨ ᠰᠢᠨ᠎ᠡ ᠶᠢ ᠡᠭᠦᠳᠬᠦ ᠶᠢ | ᠵᠣᠷᠢᠭᠵᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ | ᠤᠨᠴᠠᠭᠠᠶᠢᠯᠠᠨ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠱᠠᠩᠨᠠᠬᠤ ᠬᠡᠪᠴᠢᠶ᠎ᠡ ᠵᠢᠴᠢ ᠪᠡᠯᠡ ᠮᠥᠩᠭᠦ ᠶᠢᠨ ᠰᠢᠨᠵᠢ ᠴᠢᠨᠠᠷ | ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨᠣᠷᠣᠨ ᠳᠤ ᠳᠠᠩᠰᠠᠯᠠᠭᠤᠯᠬᠤ ᠶᠢᠨ ᠬᠠᠮᠲᠤ ᠬᠠᠤᠯᠢ | ᠶᠣᠰᠣᠭᠠᠷ ᠭᠠᠶᠢᠯᠢ ᠲᠤᠰᠢᠶᠠᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠱᠠᠩᠨᠠᠨ᠎ᠠ᠃ ᠲᠤᠰ ᠠᠷᠭ᠎ᠠ ᠳᠤ | ᠬᠤᠯᠪᠣᠭᠳᠠᠬᠤ ᠱᠠᠩᠨᠠᠯ ᠤᠨ ᠪᠡᠯᠡ ᠮᠥᠩᠭᠦ ᠨᠢ ᠴᠥᠮ ᠬᠤᠶᠢᠰᠢᠳᠠ ᠶᠢᠨ ᠲᠤᠰᠠᠯᠠᠮᠵᠢ ᠶᠢᠨ ᠱᠠᠩᠨᠠᠯ ᠤᠨ ᠪᠡᠯᠡ ᠮᠥᠩᠭᠦ | ᠪᠣᠯᠤᠨ᠎ᠠ᠃ | ᠭᠤᠷᠪᠠᠳᠤᠭᠠᠷ ᠵᠦᠢᠯ ᠳᠡᠮᠵᠢᠯᠭᠡ ᠪᠠ ᠱᠠᠩᠨᠠᠯ ᠤᠨ ᠲᠥᠷᠥᠯ ᠵᠦᠢᠯ | ︵ᠨᠢᠭᠡ︶ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠠᠶᠢᠭᠤᠯᠤᠯᠲᠠ ᠶᠢᠨ ᠱᠠᠩᠨᠠᠯ᠄ ᠳᠡᠭᠡᠳᠦ ᠰᠢᠨ᠎ᠡ | ᠮᠡᠷᠭᠡᠵᠢᠯ ᠤᠨ ᠰᠤᠳᠤᠯᠤᠨ ᠨᠡᠭᠡᠭᠡᠬᠦ ᠠᠵᠢᠯ ᠢ ᠲᠤᠰᠬᠠᠶᠢᠯᠠᠨ ᠡᠷᠬᠢᠯᠡᠬᠦ ᠶᠢ ᠳᠡᠮᠵᠢᠵᠤ᠂ ᠵᠣᠬᠢᠬᠤ ᠬᠡᠪᠴᠢᠶᠡᠨ ᠤ | ᠲᠤᠰᠬᠠᠶ ᠪᠠᠶᠢᠭᠤᠯᠤᠮᠵᠢ ᠲᠠᠢ᠂ ᠡᠭᠦᠨ ᠳᠤ ᠰᠤᠳᠤᠯᠤᠨ ᠨᠡᠭᠡᠭᠡᠬᠦ ᠲᠥᠪ᠂ ᠠᠵᠤ ᠦᠢᠯᠡᠰ ᠤᠨ ᠮᠡᠷᠭᠡᠵᠢᠯ ᠤᠨ | ᠰᠢᠨ᠎ᠡ ᠶᠢ ᠡᠭᠦᠳᠬᠦ ᠬᠤᠯᠪᠣᠭ᠎ᠠ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠺᠠᠳᠧᠮᠢᠴᠢ ᠶᠢᠨ ᠠᠵᠢᠯᠯᠠᠬᠤ | ᠥᠷᠲᠡᠭᠡ ᠵᠡᠷᠭᠡ ᠶᠢ ᠪᠠᠭᠲᠠᠭᠠᠨ᠎ᠠ᠃ | ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ | ᠴᠢᠳᠠᠪᠤᠷᠢᠲᠠᠨ ᠤ ᠲᠥᠯᠥᠪᠯᠡᠭᠡ ᠶᠢᠨ ᠲᠥᠷᠥᠯ ᠵᠦᠢᠯ ᠤᠨ ᠱᠠᠩᠨᠠᠯ᠄ ᠬᠤᠪᠣᠷ ᠰᠢᠷᠣᠶ ᠶᠢᠨ ᠳᠡᠭᠡᠳᠦ ᠰᠢᠨ᠎ᠡ | ᠮᠡᠷᠭᠡᠵᠢᠯ ᠤᠨᠣᠷᠣᠨ ᠤ ᠢᠳᠡᠷ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ | ᠴᠢᠳᠠᠪᠤᠷᠢᠲᠠᠨ᠂ ᠭᠤᠤᠯᠳᠠᠯᠭ᠎ᠠ ᠲᠠᠢ ᠬᠦᠷᠢᠶᠡᠨ ᠳᠠᠬᠢ ᠰᠢᠨ᠎ᠡ ᠶᠢ ᠡᠭᠦᠳᠬᠦ ᠪᠦᠯᠬᠦᠮ ᠨᠡᠶᠢᠲᠡ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠢ ᠳᠡᠮᠵᠢᠨ᠎ᠡ᠃ | ︵ᠭᠤᠷᠪᠠ︶ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠢᠯᠠᠯ ᠢ ᠮᠠᠭᠠᠳᠯᠠᠨ | ᠲᠣᠭᠲᠠᠭᠠᠵᠤ ᠱᠠᠩᠨᠠᠯ ᠣᠯᠭᠤᠬᠤ᠄ ᠠᠵᠤ ᠠᠬᠤᠢᠯᠠᠯ ᠤᠨ ᠤᠯᠤᠰ ᠤᠨ ᠳᠡᠰ ᠤᠨ ᠳᠡᠭᠡᠳᠦᠰᠢᠨᠡ ᠮᠡᠷᠭᠡᠵᠢᠯ ᠤᠨ ᠠᠵᠤ | ᠠᠬᠤᠢᠯᠠᠯ ᠢ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ ᠶᠢ ᠵᠣᠷᠢᠭᠵᠢᠭᠤᠯᠤᠨ᠎ᠠ᠃ | ︵ᠲᠦᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ | ᠦᠨᠡᠮᠰᠢᠨ ᠲᠣᠭᠲᠠᠭᠠᠵᠤ ᠱᠠᠩᠨᠠᠨ ᠬᠥᠬᠢᠭᠦᠯᠬᠦ᠄ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ ᠶᠢ | ᠵᠣᠷᠢᠭᠵᠢᠭᠤᠯᠤᠨ᠎ᠠ᠃ | ︵ᠲᠠᠪᠤ︶ ᠠᠵᠤ ᠠᠬᠤᠢᠯᠠᠯ ᠱᠠᠩᠨᠠᠨ ᠬᠥᠬᠢᠭᠦᠯᠬᠦ᠄ ᠠᠵᠤ ᠠᠬᠤᠢᠯᠠᠯ ᠲᠦᠷᠭᠡᠨ ᠦᠰᠦᠨ ᠪᠤᠶᠢᠵᠢᠬᠤ ᠶᠢ | ᠬᠥᠲᠥᠯᠦᠨ ᠵᠢᠯᠣᠭᠤᠳᠴᠤ ᠠᠵᠤ ᠠᠬᠤᠢᠯᠠᠯ ᠲᠦᠷᠭᠡᠨ ᠦᠰᠦᠨ ᠪᠤᠶᠢᠵᠢᠬᠤ ᠶᠢ ᠵᠣᠷᠢᠭᠵᠢᠭᠤᠯᠵᠤ ᠪᠠᠢᠨ᠎ᠠ᠃ | ᠳᠥᠷᠪᠡᠳᠦᠭᠡᠷ ᠵᠦᠶ᠋ᠯ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠠᠰ ᠤᠨ ᠰᠤᠳᠤᠯᠤᠨ | ᠨᠡᠭᠡᠭᠡᠬᠦ ᠲᠥᠪ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠪᠠᠷ ᠲᠣᠭᠲᠠᠭᠠᠭᠰᠠᠨ ᠠᠵᠤ | ᠠᠬᠤᠶᠢᠯᠠᠯ ᠳᠤ 5 - 10 ᠲᠦᠮᠡᠨ ᠲᠥᠭᠦᠷᠢᠭ ᠤᠨ ᠱᠠᠩᠨᠠᠯ ᠤᠨ ᠪᠠᠯᠠ ᠮᠥᠩᠭᠦ ︵ᠬᠡᠪᠴᠢᠶᠡᠵᠢᠯ ᠠᠴᠠ ᠳᠡᠭᠡᠭᠰᠢᠬᠢ | ᠠᠵᠤ ᠠᠬᠤᠶᠢᠯᠠᠯ ᠳᠤ 10 ᠲᠦᠮᠡᠨ ᠲᠥᠭᠦᠷᠢᠭ᠂ ᠬᠡᠪᠴᠢᠶᠡᠵᠢᠯ ᠠᠴᠠ ᠳᠣᠷᠣᠭᠰᠢᠬᠢ ᠠᠵᠤ ᠠᠬᠤᠶᠢᠯᠠᠯ ᠳᠤ 5 | ᠲᠦᠮᠡᠨ ᠲᠥᠭᠦᠷᠢᠭ ᠢᠶᠠᠷ ᠱᠠᠩᠨᠠᠨ᠎ᠠ︶ ᠨᠢᠭᠡ ᠯᠡ ᠤᠳᠠᠭ᠎ᠠ ᠳᠤ 10 - 20 ᠲᠦᠮᠡᠨ ᠲᠥᠭᠦᠷᠢᠭ ᠤᠨ ᠱᠠᠩᠨᠠᠯ ᠤᠨ | ᠪᠠᠯᠠ ᠮᠥᠩᠭᠦ ︵ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ 20 ᠲᠦᠮᠡᠨ ᠲᠥᠭᠦᠷᠢᠭ᠂ | ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ 10 ᠲᠦᠮᠡᠨ ᠲᠥᠭᠦᠷᠢᠭ ᠤᠨ ᠱᠠᠩᠨᠠᠯ ᠤᠨ ᠮᠥᠩᠭᠦ | ᠣᠯᠭᠤᠨ᠎ᠠ︶ ᠣᠯᠭᠤᠨ᠎ᠠ︔ ᠰᠤᠳᠤᠯᠤᠨ ᠨᠡᠭᠡᠭᠡᠬᠦ ᠲᠥᠪ ᠠᠴᠠ ᠪᠤᠭᠤᠲᠤ ᠬᠤᠲᠠ ᠶᠢᠨ ᠲᠠᠰ᠂ ᠥᠪᠡᠷᠲᠡᠭᠡᠨ ᠵᠠᠰᠠᠬᠤ | ᠣᠷᠣᠨ ᠤ ᠲᠠᠰ ᠪᠤᠶᠤ ᠤᠯᠤᠰ ᠤᠨ ᠲᠠᠰ ᠤᠨ ᠲᠥᠪ ᠪᠣᠯᠭᠠᠭᠰᠠᠨ ᠪᠠᠶᠢᠪᠠᠯ᠂ ᠨᠢᠭᠡ ᠯᠡ ᠤᠳᠠᠭ᠎ᠠ ᠳᠤ 5 - 20 | ᠲᠦᠮᠡᠨ ᠲᠥᠭᠦᠷᠢᠭ ᠤᠨ ᠱᠠᠩᠨᠠᠯ ᠤᠨ ᠪᠠᠯᠠ ᠮᠥᠩᠭᠦ ︵ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ 10 | ᠲᠦᠮᠡᠨ ᠲᠥᠭᠦᠷᠢᠭ᠂ 10 ᠲᠦᠮᠡᠨ ᠲᠥᠭᠦᠷᠢᠭ᠂ 10 ᠲᠦᠮᠡᠨ ᠲᠥᠭᠦᠷᠢᠭ ᠢᠶᠠᠷ ᠱᠠᠩᠨᠠᠨ᠎ᠠ᠃ | ︵ᠨᠢᠭᠡ︶ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠡᠰ ᠤᠨ ᠰᠤᠳᠤᠯᠤᠨ ᠨᠡᠭᠡᠭᠡᠬᠦ | ᠪᠠᠶᠢᠭᠤᠯᠤᠮᠵᠢ ᠳᠤ ᠳᠣᠣᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | 1. ᠰᠤᠳᠤᠯᠤᠨ ᠨᠡᠭᠡᠭᠡᠬᠦ ᠪᠠᠶᠢᠭᠤᠯᠤᠮᠵᠢ ᠶᠢ ᠨᠢᠭᠡᠨᠲᠡ ᠪᠠᠶᠢᠭᠤᠯᠤᠭᠰᠠᠨ ᠪᠥᠭᠡᠳ ᠬᠤᠶᠠᠷ ᠵᠢᠯ ᠠᠴᠠ ᠳᠡᠭᠡᠭᠰᠢ | ᠠᠵᠢᠯᠯᠠᠭᠤᠯᠪᠠ᠃ | 2. ᠰᠤᠳᠤᠯᠤᠨ ᠨᠡᠭᠡᠭᠡᠬᠦ ᠲᠣᠭᠲᠠᠮᠠᠯ ᠭᠠᠵᠠᠷ ᠪᠠ ᠪᠠᠷᠢᠯᠭ᠎ᠠ ᠶᠢᠨ ᠮᠡᠷᠭᠡᠵᠢᠯ ᠤᠨ ᠲᠤᠷᠰᠢᠯᠲᠠ ᠶᠢᠨ ᠨᠥᠬᠦᠴᠡᠯ᠂ | ᠪᠠᠶᠢᠴᠠᠭᠠᠨ ᠰᠢᠯᠭᠠᠵᠤ ᠵᠠᠳᠠᠯᠬᠤ ᠠᠷᠭ᠎ᠠ ᠪᠠᠷᠢᠯ ᠪᠠ ᠭᠠᠷ ᠤᠷᠠᠯᠠᠯ ᠤᠨ ᠲᠥᠬᠦᠭᠡᠷᠦᠮᠵᠢ ᠲᠠᠢ᠃ | 3. ᠳᠡᠭᠡᠷ᠎ᠡ ᠨᠢᠭᠡ ᠵᠢᠯ ᠤᠨ ᠰᠤᠳᠤᠯᠭᠠᠨ ᠪᠠ ᠲᠤᠷᠰᠢᠯᠲᠠ ᠬᠥᠭᠵᠢᠯᠲᠡ ᠶᠢᠨ ᠵᠠᠷᠤᠳᠠᠯ ᠤᠨ ᠵᠠᠷᠤᠯᠭ᠎ᠠ ᠶᠢᠨ | ᠠᠳᠠᠯᠢ ᠬᠤᠭᠤᠴᠠᠭᠠᠨ ᠤ ᠪᠣᠷᠣᠯᠠᠭᠤᠯᠤᠯᠲᠠ ᠶᠢᠨ ᠣᠷᠣᠯᠭ᠎ᠠ ᠶᠢᠨ ᠶᠡᠷᠦᠩᠬᠡᠶ ᠲᠣᠭᠠᠨ ᠳᠠᠬᠢ ᠡᠵᠡᠯᠡᠬᠦ ᠬᠤᠪᠢ ᠶᠢᠨ | ᠵᠢᠩ ᠨᠢ 3% ᠠᠴᠠ ᠳᠣᠣᠷ᠎ᠠ ᠪᠠᠶᠢᠵᠤ ᠪᠣᠯᠬᠤ ᠦᠭᠡᠢ᠃ | 4 ᠲᠤᠰᠬᠠᠢ ᠰᠤᠳᠤᠯᠤᠨ ᠨᠡᠭᠡᠭᠡᠬᠦ ᠠᠵᠢᠯᠲᠠᠨ ᠲᠠᠢ᠂ ᠰᠤᠳᠤᠯᠤᠨ ᠨᠡᠭᠡᠭᠡᠬᠦ ᠪᠠ ᠮᠡᠷᠭᠡᠵᠢᠯ ᠤᠨ ᠰᠢᠨ᠎ᠡ ᠶᠢ | ᠡᠭᠦᠳᠬᠦ ᠠᠵᠢᠯᠯᠠᠭ᠎ᠠ ᠬᠢᠵᠦ ᠪᠠᠶᠢᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠠᠵᠢᠯᠲᠠᠨ ᠠᠵᠢᠯᠴᠢᠨ ᠤ | ᠶᠡᠷᠦᠩᠬᠡᠢ ᠲᠣᠭᠠᠨ ᠳᠠᠬᠢ ᠡᠵᠡᠯᠡᠬᠦ ᠬᠠᠷᠢᠴᠠᠯ ᠢ 10% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ | 5. ᠰᠢᠨᠵᠢᠯᠡᠬᠦ ᠤᠬᠠᠭᠠᠨ ᠤ ᠰᠤᠳᠤᠯᠭᠠᠨ ᠤ ᠨᠡᠭᠡᠭᠡᠨ ᠬᠥᠭᠵᠢᠭᠦᠯᠬᠦ ᠬᠠᠮᠢᠶᠠᠷᠤᠯᠲᠠ ᠶᠢᠨ ᠠᠷᠭ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠠᠵᠢᠯᠲᠠᠨ ᠢ ᠤᠷᠮᠠᠰᠢᠭᠤᠯᠬᠤ ᠠᠷᠭ᠎ᠠ ᠵᠡᠷᠭᠡ ᠳᠦᠷᠢᠮ ᠪᠠᠶᠢᠨ᠎ᠠ᠃ | ︵ᠬᠤᠶᠠᠷ︶ ᠠᠵᠤ ᠠᠬᠤᠶᠢᠯᠠᠯ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠠᠴᠠ ᠡᠮᠦᠨᠡᠬᠢ ᠨᠢᠭᠡ | ᠵᠢᠯ ᠤᠨ ᠳᠣᠲᠣᠷ᠎ᠠ᠂ ᠭᠠᠶᠢᠯᠢ ᠳᠠᠷᠤᠵᠤ ᠲᠤᠰᠢᠶᠠᠬᠤ᠂ ᠭᠠᠶᠢᠯᠢ ᠠᠴᠠ ᠵᠠᠶᠢᠯᠠᠬᠤ ᠵᠡᠷᠭᠡ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠲᠠᠢ ᠪᠠᠶᠢᠵᠤ᠂ ᠬᠦᠨᠳᠦ ᠶᠡᠭᠡ ᠠᠮᠤᠷ ᠲᠦᠪᠰᠢᠨ᠂ ᠶᠠᠰᠤ ᠴᠢᠨᠠᠷ ᠤᠨ ᠬᠦᠨᠳᠦ ᠶᠡᠭᠡ ᠠᠳᠡᠯ | ᠪᠤᠶᠤ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠶ ᠦᠢᠯᠡ ᠠᠵᠢᠯᠯᠠᠭ᠎ᠠ ᠭᠠᠷᠭᠠᠭᠰᠠᠨ | ᠪᠠᠶᠢᠪᠠᠯ᠂ ᠭᠤᠶᠤᠴᠢᠯᠠᠨ ᠮᠡᠳᠡᠭᠦᠯᠵᠦ ᠪᠣᠯᠬᠤ ᠦᠭᠡᠶ᠃ | ︵ᠭᠤᠷᠪᠠ︶ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠰᠠᠯᠠᠭ᠎ᠠ ᠮᠥᠴᠢᠷ ᠤᠳ ᠬᠤᠶᠠᠷ ᠵᠢᠯ ᠳᠤ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠠᠵᠢᠯᠯᠠᠭᠠᠨ ᠤ | ᠪᠠᠶᠢᠳᠠᠯ ᠢ ᠨᠢᠭᠡ ᠤᠳᠠᠭ᠎ᠠ ᠰᠢᠯᠭᠠᠨ ᠬᠢᠨᠠᠵᠤ ᠦᠨᠡᠯᠡᠨ᠎ᠡ᠂ ᠰᠢᠯᠭᠠᠨ ᠬᠢᠨᠠᠵᠤ ᠦᠨᠡᠯᠡᠬᠦ ᠳᠤ᠄ A ᠲᠥᠷᠥᠯ ᠤᠨ | ᠰᠢᠯᠢᠳᠡᠭ᠂ B ᠲᠥᠷᠥᠯ ᠤᠨ ᠰᠠᠶᠢᠨ᠂ C ᠲᠥᠷᠥᠯ ᠤᠨ ᠬᠢᠷᠢ ᠲᠡᠩᠴᠡᠭᠰᠡᠨ᠂ D ᠲᠥᠷᠥᠯ ᠤᠨ ᠰᠡᠷᠡᠮᠵᠢᠯᠡᠭᠦᠯᠦᠯ | ᠭᠡᠵᠦ ᠬᠤᠪᠢᠶᠠᠨ᠎ᠠ᠃ D ᠲᠥᠷᠥᠯ ᠢᠶᠠᠷ ᠦᠨᠡᠯᠡᠭᠳᠡᠭᠰᠡᠨ ᠪᠠᠶᠢᠪᠠᠯ᠂ ᠬᠤᠶᠠᠷ ᠵᠢᠯ ᠤᠨ ᠳᠣᠲᠣᠷ᠎ᠠ ᠬᠤᠭᠤᠴᠠᠭ᠎ᠠ | ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ︔ ᠴᠡᠭᠴᠡᠯᠡᠨ ᠰᠠᠶᠢᠵᠢᠷᠠᠭᠤᠯᠤᠭᠠᠳ ᠬᠢᠷᠢ ᠲᠡᠩᠴᠡᠭᠰᠡᠨ ᠦᠭᠡᠢ ᠪᠣᠯ | ᠳᠡᠭᠡᠳᠦ ᠰᠢᠨ᠎ᠡ ᠮᠡᠷᠭᠡᠵᠢᠯ ᠤᠨ ᠣᠷᠣᠨ ᠤ ᠳᠡᠰ ᠤᠨ ᠰᠤᠳᠤᠯᠤᠨ ᠨᠡᠭᠡᠭᠡᠬᠦ ᠲᠥᠪ ᠤᠨ ᠴᠣᠯᠠ ᠶᠢ ᠬᠦᠴᠦᠨ ᠦᠭᠡᠢ | ᠪᠣᠯᠭᠠᠨ᠎ᠠ᠃ | ᠲᠠᠪᠤᠳᠤᠭᠠᠷ ᠵᠦᠢᠯ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠴᠢᠳᠠᠪᠤᠷᠢᠲᠠᠨ ᠤ ᠲᠥᠯᠥᠪᠯᠡᠭᠡ ᠶᠢᠨ ᠲᠥᠷᠥᠯ ᠵᠦᠢᠯ ᠤᠨ ᠱᠠᠩᠨᠠᠯ᠃ ᠳᠣᠣᠷᠠᠬᠢ ᠨᠥᠬᠦᠴᠡᠯ ᠳᠤ ᠨᠡᠶᠢᠴᠡᠭᠰᠡᠨ | ᠪᠥᠭᠡᠳ ᠬᠢᠨᠠᠨ ᠲᠣᠭᠲᠠᠭᠠᠬᠤ ᠪᠠᠷ ᠳᠠᠮᠵᠢᠭᠰᠠᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠢᠳᠡᠷ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ ᠴᠢᠳᠠᠪᠤᠷᠢᠲᠠᠨ᠂ | ᠭᠤᠣᠯᠳᠠᠯᠭ᠎ᠠ ᠲᠠᠢ ᠬᠦᠷᠢᠶᠡᠨ ᠳᠠᠬᠢ ᠰᠢᠨ᠎ᠡ ᠶᠢ ᠡᠭᠦᠳᠬᠦ ᠪᠦᠯᠬᠦᠮ ᠨᠡᠶᠢᠲᠡ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠳᠤ ᠲᠣᠰ ᠲᠣᠰ ᠡᠭᠦᠷᠭᠡᠯᠡᠵᠦ ᠪᠠᠶᠢᠭ᠎ᠠ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠢᠯ ᠢ 10 ᠲᠦᠮᠡᠨ ᠲᠥᠭᠦᠷᠢᠭ ᠤᠨ ᠳᠠᠷᠠᠭ᠎ᠠ ᠨᠥᠬᠦᠵᠦ | ᠱᠠᠩᠨᠠᠬᠤ ᠪᠡᠯᠡ ᠮᠥᠩᠭᠦ ᠣᠯᠭᠤᠨ᠎ᠠ᠃ | ︵ᠨᠢᠭᠡ︶ ᠢᠳᠡᠷ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ | ᠴᠢᠳᠠᠪᠤᠷᠢᠲᠠᠨ ᠳᠤ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | 1. ᠰᠤᠳᠤᠯᠬᠤ ᠴᠢᠭᠯᠡᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠬᠤᠰᠢᠭᠤᠷᠠᠯ ᠬᠥᠭᠵᠢᠯᠲᠡ ᠶᠢᠨ | ᠬᠠᠨᠳᠤᠰᠢ ᠲᠠᠢ ᠨᠡᠶᠢᠴᠡᠬᠦ ᠪᠤᠶᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠬᠦᠷᠢᠶ᠎ᠡ ᠴᠠᠷᠠᠭ᠎ᠠ ᠳᠤ ᠬᠠᠷᠢᠶᠠᠯᠠᠭᠳᠠᠵᠤ᠂ ᠨᠠᠰᠤ ᠨᠢ ᠪᠦᠬᠦᠯᠢ 45 ᠨᠠᠰᠤᠨ ᠠᠴᠠ ᠬᠡᠲᠦᠷᠡᠬᠦ ᠦᠭᠡᠢ᠂ | ᠳ᠋ᠣᠺᠲ᠋ᠣᠷ ᠤᠨ ᠴᠣᠯᠠ ᠪᠤᠶᠤ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ︵ᠠᠵᠤ ᠠᠬᠤᠶᠢᠯᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠮᠡᠷᠭᠡᠵᠢᠯ ᠤᠨ ᠴᠣᠯᠠ ᠲᠠᠢ ᠪᠠᠶᠢᠵᠤ ᠪᠣᠯᠬᠤ ᠪᠥᠭᠡᠳ | ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠶᠢ ᠵᠣᠬᠢᠰᠲᠠᠶ ᠠᠭᠤᠵᠢᠭᠤ ᠲᠠᠯᠪᠢᠨ᠎ᠠ︶᠃ | 2. ᠨᠢᠭᠡᠨᠲᠡ ᠥᠨᠳᠥᠷ ᠬᠢᠷᠢ ᠲᠦᠪᠰᠢᠨ ᠪᠦᠬᠦᠢ ᠰᠢᠨ᠎ᠡ ᠶᠢ ᠡᠭᠦᠳᠬᠦ ᠴᠢᠨᠠᠷᠲᠠᠶ ᠦᠷ᠎ᠡ ᠪᠦᠲᠦᠭᠡᠯ ᠢ ᠣᠯᠵᠤ | ᠂ ᠪᠠᠶᠢᠭ᠎ᠠ ᠠᠵᠢᠯ ᠲᠥᠷᠥᠯ ᠪᠤᠶᠤ ᠬᠦᠷᠢᠶᠡᠨ ᠳᠠᠬᠢ ᠠᠮᠵᠢᠯᠲᠠ ᠪᠦᠲᠦᠮᠵᠢ ᠨᠢ ᠲᠣᠪᠤᠶᠢᠮ᠎ᠠ ᠪᠠᠶᠢᠵᠤ᠂ ᠰᠢᠨ᠎ᠡ ᠶᠢ | ᠡᠭᠦᠳᠬᠦ ᠬᠥᠭᠵᠢᠯᠲᠡ ᠶᠢᠨ ᠨᠡᠯᠢᠶᠡᠳ ᠶᠡᠭᠡ ᠳᠠᠯᠳᠠ ᠬᠦᠴᠦᠨ ᠲᠠᠢ ᠪᠣᠯᠪᠠ᠃ | 3. ᠨᠡᠯᠢᠶᠡᠳ ᠴᠢᠩᠭ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠳᠠᠭᠠᠭᠤᠯᠤᠭᠴᠢ ᠰᠠᠶ᠋ᠢ ᠪᠦᠯᠬᠦᠮ | ᠨᠡᠶᠢᠲᠡ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠴᠢᠳᠠᠪᠤᠷᠢ ᠲᠠᠢ ᠪᠥᠭᠡᠳ ᠪᠦᠬᠦ ᠠᠵᠢᠯᠲᠠᠨ | ︵ᠬᠤᠶᠠᠷ︶ ᠭᠤᠤᠯᠳᠠᠯᠭ᠎ᠠ ᠲᠠᠢ ᠬᠦᠷᠢᠶᠡᠨ ᠳᠠᠬᠢ ᠰᠢᠨ᠎ᠡ ᠶᠢ ᠡᠭᠦᠳᠬᠦ ᠪᠦᠯᠬᠦᠮ ᠨᠡᠶᠢᠲᠡ ᠨᠢ ᠳᠣᠤᠷᠠᠬᠢ | ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | 1. ᠪᠦᠯᠬᠦᠮ ᠨᠡᠶᠢᠲᠡ ᠶᠢᠨ ᠰᠤᠳᠤᠯᠭᠠᠨ ᠤ ᠴᠢᠭᠯᠡᠯ ᠨᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠭᠤᠤᠯᠳᠠᠯᠭ᠎ᠠ ᠲᠠᠢ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠵᠦ᠂ ᠪᠦᠯᠬᠦᠮ ᠨᠡᠶᠢᠲᠡ ᠨᠢ | ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ᠂ ᠭᠤᠤᠯᠳᠠᠯᠭ᠎ᠠ ᠲᠠᠢ ᠢᠨᠵᠧᠨᠧᠷᠢᠩ᠂ | ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠡᠭᠦᠷᠭᠡ ᠶᠢ ᠡᠭᠦᠷᠭᠡᠯᠡᠵᠦ᠂ ᠲᠣᠳᠣᠷᠬᠠᠶ ᠰᠤᠳᠤᠯᠤᠨ ᠨᠡᠭᠡᠭᠡᠬᠦ ᠬᠠᠷᠠᠯᠲᠠ ᠪᠠ | ᠬᠥᠭᠵᠢᠯᠲᠡ ᠶᠢᠨ ᠲᠥᠯᠥᠪᠵᠢᠭᠦᠯᠭᠡ ᠲᠠᠢ ᠪᠠᠶᠢᠳᠠᠭ᠃ | 2. ᠪᠦᠯᠬᠦᠮ ᠨᠡᠶᠢᠲᠡ ᠶᠢᠨ ᠰᠢᠨ᠎ᠡ ᠶᠢ ᠡᠭᠦᠳᠦᠭᠰᠡᠨ ᠠᠮᠵᠢᠯᠲᠠ ᠪᠦᠲᠦᠮᠵᠢ ᠨᠢ ᠲᠣᠪᠤᠶᠢᠮ᠎ᠠ᠂ ᠰᠤᠳᠤᠯᠤᠨ | ᠨᠡᠭᠡᠭᠡᠬᠦ ᠬᠢᠷᠢ ᠬᠡᠮᠵᠢᠶ᠎ᠡ ᠨᠢ ᠠᠵᠢᠯ ᠲᠥᠷᠥᠯ ᠪᠤᠶᠤ ᠬᠦᠷᠢᠶᠡᠨ ᠤ ᠡᠮᠦᠨ᠎ᠡ ᠡᠩᠨᠡᠭᠡᠨ ᠳᠤ ᠣᠷᠣᠬᠤ ᠶᠢᠨ ᠬᠠᠮᠲᠤ | ᠦᠷᠭᠦᠯᠵᠢᠯᠡᠨ ᠰᠢᠨ᠎ᠡ ᠶᠢ ᠡᠭᠦᠳᠬᠦ ᠴᠢᠳᠠᠪᠤᠷᠢ ᠪᠠ ᠨᠡᠯᠢᠶᠡᠳ ᠰᠠᠶᠢᠨ ᠬᠥᠭᠵᠢᠯᠲᠡ ᠶᠢᠨ ᠢᠷᠡᠭᠡᠳᠦᠶ ᠲᠠᠢ ᠶᠤᠮ᠃ | 3. ᠪᠦᠯᠬᠦᠮ ᠨᠡᠶᠢᠲᠡ ᠶᠢᠨ ᠪᠦᠲᠦᠴᠡ ᠲᠣᠭᠲᠠᠭᠤᠨ ᠪᠥᠭᠡᠳ ᠵᠦᠶ ᠵᠣᠬᠢᠰᠲᠠᠶ ᠪᠠᠶᠢᠵᠤ᠂ ᠭᠤᠤᠯ | ᠪᠦᠷᠢᠯᠳᠦᠬᠦᠨ ᠨᠢ ᠡᠩ ᠤᠨ ᠪᠠᠶᠢᠳᠠᠯ ᠳᠤ 5 ᠬᠥᠮᠦᠨ ᠠᠴᠠ ᠳᠤᠲᠠᠭᠤ ᠪᠠᠶᠢᠯᠭᠠᠵᠤ ᠪᠣᠯᠬᠤ ᠥᠬᠡᠶ᠂ 15 | ᠬᠥᠮᠦᠨ ᠠᠴᠠ ᠬᠡᠲᠦᠷᠡᠭᠦᠯᠵᠦ ᠪᠣᠯᠬᠤ ᠥᠬᠡᠶ᠂ ᠨᠢᠭᠡᠴᠢ ᠠᠯᠤᠰᠯᠠᠨ ᠬᠠᠮᠵᠢᠯᠴᠠᠵᠤ ᠪᠣᠯᠤᠨ᠎ᠠ᠃ ᠪᠦᠯᠬᠦᠮ | ᠨᠡᠶᠢᠲᠡ ᠶᠢᠨ ᠬᠠᠷᠢᠭᠤᠴᠠᠯᠭᠠᠲᠠᠨ ᠤ ᠨᠠᠰᠤ ᠵᠢᠯ ᠨᠢ ᠪᠦᠬᠦᠯᠢ 50 ᠨᠠᠰᠤᠨ ᠠᠴᠠ ᠬᠡᠲᠦᠷᠡᠵᠦ ᠪᠣᠯᠬᠤ ᠦᠭᠡᠶ ᠪᠥᠭᠡᠳ | ᠢᠳᠡᠷ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ ᠴᠢᠳᠠᠪᠤᠷᠢᠲᠠᠨ ᠤ ᠪᠤᠰᠤᠳ | ᠦᠨᠳᠦᠰᠦᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠃ | ︵ᠭᠤᠷᠪᠠ︶ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠠ ᠶᠢ ᠡᠬᠦᠳᠣᠨ ᠠᠲᠠᠯ ᠦᠢᠯᠡᠰ ᠴᠣᠠᠠᠴᠠᠯᠬᠠᠥ | ᠴᠢᠳᠡᠪᠦᠷᠢᠳᠡᠨ ᠳᠤ ᠲᠣᠣᠷᠡᠬᠢ ᠨᠦᠬᠦᠴᠡᠯ ᠢ ᠪᠦᠷᠢᠯᠳᠦᠬᠦᠯᠬᠦ ᠭᠡᠷᠡᠭᠳᠡᠢ᠄ | 1. ᠭᠤᠶᠤᠴᠢᠯᠠᠨ ᠮᠡᠳᠡᠭᠦᠯᠦᠭᠴᠢ ᠠᠵᠤ ᠠᠬᠤᠶᠢᠯᠠᠯ ᠤᠨ ᠭᠤᠤᠯ ᠡᠭᠦᠳᠦᠨ ᠪᠠᠶᠢᠭᠤᠯᠤᠭᠴᠢ ᠪᠠ ᠪᠣᠳᠠᠲᠠᠶ | ᠡᠵᠡᠮᠰᠢᠭᠴᠢ ︵ᠠᠵᠤ ᠠᠬᠤᠶᠢᠯᠠᠯ ᠤᠨ ᠨᠢᠭᠡᠳᠦᠭᠡᠷ ᠲᠣᠮᠣ ᠬᠤᠪᠢ ᠣᠷᠣᠭᠤᠯᠤᠭᠴᠢ ᠪᠤᠶᠤ ᠬᠠᠤᠯᠢ ᠪᠠᠷ | ᠲᠣᠭᠲᠠᠭᠠᠭᠰᠠᠨ ᠲᠥᠯᠥᠭᠡᠯᠡᠭᠴᠢ︶᠂ ᠠᠵᠤ ᠠᠬᠤᠶᠢᠯᠠᠯ ᠨᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠳᠤ ᠳᠠᠩᠰᠠᠯᠠᠭᠤᠯᠤᠨ ᠭᠠᠶᠢᠯᠢ ᠲᠤᠰᠢᠶᠠᠬᠤ ᠶᠢᠨ ᠬᠠᠮᠲᠤ ᠬᠠᠤᠯᠢ ᠶᠣᠰᠣᠭᠠᠷ ᠡᠵᠡᠩᠨᠡᠵᠦ᠂ ᠡᠭᠦᠳᠦᠨ | ᠪᠠᠶᠢᠭᠤᠯᠬᠤ ᠴᠠᠭ ᠨᠢ 2 ᠵᠢᠯ ᠠᠴᠠ ᠳᠡᠭᠡᠭᠰᠢ ᠪᠠᠶᠢᠵᠤ᠂ ᠨᠡᠯᠢᠶᠡᠳ ᠰᠠᠶᠢᠨ ᠡᠵᠡᠩᠨᠡᠯᠲᠡ ᠶᠢᠨ ᠠᠮᠵᠢᠯᠲᠠ ᠪᠦᠲᠦᠮᠵᠢ᠂ | ᠪᠤᠶᠢᠵᠢᠯᠲᠠ ᠶᠢᠨ ᠴᠢᠨᠠᠷ ᠪᠠ ᠰᠢᠨ᠎ᠡ ᠶᠢ ᠡᠭᠦᠳᠬᠦ ᠴᠢᠳᠠᠪᠤᠷᠢ ᠲᠠᠢ ᠪᠠᠶᠢᠳᠠᠭ᠃ | 2. ᠠᠵᠤ ᠠᠬᠤᠶᠢᠯᠠᠯ ᠳᠤ ᠭᠤᠤᠯᠯᠠᠬᠤ ᠮᠡᠷᠭᠡᠵᠢᠯ ᠪᠣᠯᠤᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠪᠠᠶᠢᠵᠤ᠂ ᠠᠳᠠᠭ ᠲᠠᠭᠠᠨ 1 ᠵᠦᠢᠯ ᠤᠨ ᠭᠤᠤᠯ ᠡᠵᠡᠩᠨᠡᠬᠦ | ᠲᠤᠬᠠᠶᠢᠯᠠᠭᠰᠠᠨ ᠠᠵᠢᠯ ᠯᠤᠭ᠎ᠠ ᠬᠤᠯᠪᠣᠭᠳᠠᠬᠤ ᠡᠭᠦᠳᠦᠨ ᠪᠦᠲᠦᠭᠡᠯᠲᠡ ᠶᠢᠨ ᠲᠤᠰᠬᠠᠶ ᠠᠰᠢᠭ ᠲᠠᠢ ᠪᠠᠶᠢᠵᠤ᠂ | ᠤᠨᠴᠡᠯᠢᠭ᠌ᠳᠦ ᠦᠢᠯᠡᠳᠬᠦᠨ ᠪᠤᠶᠤ ᠰᠢᠨ᠎ᠡ ᠶᠢ ᠡᠭᠦᠳᠬᠦ ᠴᠢᠨᠠᠷᠲᠠᠶ ᠬᠤᠳᠠᠯᠳᠤᠭᠠᠨ ᠤ ᠵᠠᠭᠪᠤᠷ ᠲᠠᠢ ᠪᠠᠶᠢᠵᠤ᠂ | ᠮᠡᠷᠭᠡᠵᠢᠯ ᠤᠨ ᠬᠢᠷᠢ ᠬᠡᠮᠵᠢᠶ᠎ᠡ ᠨᠢ ᠠᠵᠢᠯ ᠲᠥᠷᠥᠯ ᠤᠨ ᠳᠣᠲᠣᠷ᠎ᠠ ᠲᠦᠷᠦᠭᠦᠯᠡᠬᠦ ᠪᠠᠶᠢᠷᠢᠨ ᠳᠤ ᠪᠠᠶᠢᠬᠤ ᠬᠡᠷᠡᠭᠲᠡᠶ᠃ | 3. ᠠᠵᠤ ᠠᠬᠤᠶᠢᠯᠠᠯ ᠰᠠᠶᠢᠨ ᠠᠰᠢᠭ ᠤᠯᠬᠤ ᠴᠢᠳᠠᠪᠤᠷᠢ ᠪᠠ ᠵᠠᠬ᠎ᠠ ᠳᠡᠯᠭᠡᠭᠦᠷ ᠤᠨ ᠠᠯᠤᠰ ᠢᠷᠡᠭᠡᠳᠦᠶ ᠲᠠᠢ | ᠪᠠᠶᠢᠬᠤ ᠬᠡᠷᠡᠭᠲᠡᠶ︔ 5 ᠵᠢᠯ ᠠᠴᠠ ᠳᠡᠭᠡᠭᠰᠢᠬᠢ ᠠᠵᠤ ᠠᠬᠤᠶᠢᠯᠠᠯ ᠢ ᠡᠭᠦᠳᠦᠨ ᠪᠠᠶᠢᠭᠤᠯᠪᠠᠯ᠂ ᠣᠶᠢᠷ᠎ᠠ ᠶᠢᠨ 2 | ᠵᠢᠯ ᠤᠨ ᠴᠡᠪᠡᠷ ᠠᠰᠢᠭ ᠬᠤᠨᠵᠢᠪᠤᠷᠢ ᠨᠢ ᠨᠡᠶᠢᠲᠡ 500 ᠲᠦᠮᠡᠨ ᠲᠥᠭᠦᠷᠢᠭ ᠠᠴᠠ ᠳᠤᠲᠠᠭᠤ ᠪᠠᠶᠢᠵᠤ ᠪᠣᠯᠬᠤ | ᠦᠭᠡᠢ᠃ | ᠵᠢᠷᠭᠤᠳᠤᠭᠠᠷ ᠵᠦᠢᠯ ᠤᠯᠤᠰ ᠤᠨ ᠱᠠᠲᠤᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ | ᠦᠨᠡᠮᠰᠢᠨ ᠲᠣᠭᠲᠠᠭᠠᠵᠤ ᠱᠠᠩᠨᠠᠬᠤ ᠬᠡᠷᠡᠭᠲᠡᠶ᠃ ᠠᠵᠤ ᠠᠬᠤᠶᠢᠯᠠᠯ ᠨᠢ ᠤᠯᠤᠰ ᠤᠨ ᠲᠠᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠪᠣᠯᠬᠤ ᠪᠠᠷ ᠨᠤᠲᠠᠯᠠᠭᠰᠠᠨ ᠤ ᠳᠠᠷᠠᠭ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ | ᠠᠬᠤᠶᠢᠯᠠᠯ ᠳᠤ 5 ᠲᠦᠮᠡᠨ ᠲᠥᠭᠦᠷᠢᠭ ᠤᠨ ᠱᠠᠩᠨᠠᠯ ᠤᠨ ᠪᠠᠯᠠ ᠮᠥᠩᠭᠦ ᠶᠢ ᠨᠢᠭᠡ ᠯᠡ ᠤᠳᠠᠭ᠎ᠠ ᠳᠤ ᠣᠯᠭᠤᠵᠤ᠂ | ᠬᠡᠪᠴᠢᠶᠡᠵᠢᠯ ᠠᠴᠠ ᠳᠣᠷᠣᠭᠰᠢᠬᠢ ᠠᠵᠤ ᠠᠬᠤᠶᠢᠯᠠᠯ ᠳᠤ 3 ᠲᠦᠮᠡᠨ ᠲᠥᠭᠦᠷᠢᠭ ᠤᠨ ᠱᠠᠩᠨᠠᠯ ᠤᠨ ᠪᠠᠯᠠ ᠮᠥᠩᠭᠦ ᠶᠢ | ᠨᠢᠭᠡ ᠯᠡ ᠤᠳᠠᠭ᠎ᠠ ᠳᠤ ᠣᠯᠭᠤᠨ᠎ᠠ᠃ | ᠳᠣᠯᠣᠳᠤᠭᠠᠷ ᠵᠦᠢᠯ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠤᠨ ᠦᠨᠡᠮᠰᠢᠭᠰᠡᠨ ᠱᠠᠩᠨᠠᠯ᠃ ᠠᠵᠤ ᠠᠬᠤᠶᠢᠯᠠᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ ᠪᠣᠯᠬᠤ ᠪᠠᠷ ᠮᠠᠭᠠᠳᠯᠠᠨ ᠲᠣᠭᠲᠠᠭᠠᠭᠰᠠᠨ ᠤ ᠳᠠᠷᠠᠭ᠎ᠠ᠂ ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ ᠳᠤ 2 ᠲᠦᠮᠡᠨ ᠲᠥᠭᠦᠷᠢᠭ ᠤᠨ ᠱᠠᠩᠨᠠᠯ ᠤᠨ ᠪᠡᠯᠡ ᠮᠥᠩᠭᠦ ᠶᠢ ᠨᠢᠭᠡ ᠯᠡ | ᠤᠳᠠᠭ᠎ᠠ ᠳᠤ ᠥᠭᠴᠦ᠂ ᠬᠡᠪᠴᠢᠶᠡᠵᠢᠯ ᠠᠴᠠ ᠳᠣᠷᠣᠭᠰᠢᠬᠢ ᠠᠵᠤ ᠠᠬᠤᠶᠢᠯᠠᠯ ᠳᠤ 1 ᠲᠦᠮᠡᠨ ᠲᠥᠭᠦᠷᠢᠭ ᠤᠨ | ᠱᠠᠩᠨᠠᠯ ᠤᠨ ᠪᠡᠯᠡ ᠮᠥᠩᠭᠦ ᠶᠢ ᠨᠢᠭᠡ ᠯᠡ ᠤᠳᠠᠭ᠎ᠠ ᠳᠤ ᠣᠯᠭᠤᠨ᠎ᠠ᠃ | ᠨᠠᠢᠮᠠᠳᠤᠭᠠᠷ ᠵᠦᠢᠯ ᠪᠦᠬᠦᠩ ᠠᠵᠤ ᠠᠬᠤᠶᠢᠯᠠᠯ ᠤᠨ ᠲᠣᠭᠲᠠᠭᠠᠭᠰᠠᠨ ᠨᠥᠬᠦᠴᠡᠯ ᠵᠢᠴᠢ ᠱᠠᠩᠨᠠᠯ ᠤᠨ | ᠵᠣᠭᠤᠰ ᠤᠨ ᠲᠤᠭ᠎ᠠ | ︵ᠨᠢᠭᠡ︶ ᠨᠦᠬᠦᠴᠡᠯ ᠮᠠᠭᠠᠳᠯᠠᠨ ᠲᠤᠭᠳᠠᠭᠠᠬᠤ | 1. ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠳᠡᠭᠡᠳᠦ ᠰᠢᠨ᠎ᠡ ᠮᠡᠷᠭᠡᠵᠢᠯ ᠤᠨ ᠤᠷᠤᠨ ᠳᠤ | ᠳᠠᠩᠰᠠᠯᠠᠭᠤᠯᠬᠤ ᠶᠢᠨ ᠬᠠᠮᠲᠤ ᠬᠠᠤᠯᠢ ᠶᠣᠰᠣᠭᠠᠷ ᠭᠠᠶᠢᠯᠢ ᠲᠤᠰᠢᠶᠠᠭᠰᠠᠨ ᠪᠥᠭᠡᠳ ︽ᠤᠯᠤᠰ ᠤᠨ ᠳᠡᠭᠡᠳᠦ ᠰᠢᠨ᠎ᠡ | ᠮᠡᠷᠭᠡᠵᠢᠯ ᠤᠨ ᠬᠦᠷᠢᠶ᠎ᠡ︾ ᠳᠤ ᠨᠡᠶᠢᠴᠡᠭᠰᠡᠨ ᠠᠵᠤ ᠠᠬᠤᠶᠢᠯᠠᠯ᠃ | 2. ᠠᠵᠤ ᠠᠬᠤᠶᠢᠯᠠᠯ ᠨᠢ ᠲᠠᠪᠤᠨ ᠵᠢᠯ ︵ᠲᠠᠪᠤᠨ ᠨᠢᠭᠲᠠᠯᠠᠨ ᠪᠣᠳᠣᠬᠤ ᠣᠨ︶ ᠠᠴᠠ ᠳᠡᠭᠡᠭᠰᠢ ᠪᠠᠶᠢᠭᠤᠯᠵᠤ᠂ | ᠦᠢᠯᠡᠳᠪᠦᠷᠢᠯᠡᠯ ᠡᠵᠡᠩᠨᠡᠯᠲᠡ ᠪᠠ ᠢᠲᠡᠭᠡᠮᠵᠢ ᠶᠢᠨ ᠪᠠᠶᠢᠳᠠᠯ ᠰᠠᠶᠢᠨ ᠪᠠᠶᠢᠵᠤ᠂ ᠬᠠᠤᠯᠢ ᠶᠢ ᠵᠥᠷᠢᠴᠡᠭᠰᠡᠨ ᠲᠡᠮᠳᠡᠭᠯᠡᠯ | ᠦᠭᠡᠢ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠤᠭᠰᠠᠨ ᠦᠭᠡᠢ᠃ | 3᠃ ᠠᠵᠤ ᠦᠢᠯᠡᠳᠪᠦᠷᠢ ᠶᠢᠨ ᠠᠵᠤ ᠠᠬᠤᠶᠢᠯᠠᠯ ᠳᠦᠷᠦᠭᠦᠦ ᠵᠢᠯ ᠤᠨ ᠶᠡᠷᠦᠩᠭᠡᠢ ᠤᠷᠤᠯᠭ᠎ᠠ ᠨᠢ 20 ᠣᠣ | ᠳᠦᠮᠡᠨ ᠳᠦᠭᠦᠷᠢᠭ ᠠᠴᠠ 1 ᠳ᠋ᠦᠩᠰᠢᠭᠤᠷ ᠳᠦᠭᠦᠷᠢᠭ ᠲᠤ ᠬᠦᠷᠦᠭᠰᠡᠨ ᠠᠵᠤ ᠠᠬᠤᠶᠢᠯᠠᠯ ᠪᠤᠯ ᠤᠶᠢᠷ᠎ᠠ ᠶᠢᠨ | ᠳᠦᠷᠪᠡᠨ ᠵᠢᠯ ᠤᠨ ᠤᠷᠤᠯᠭ᠎ᠠ ᠶᠢᠨ ᠨᠡᠶᠢᠯᠡᠮᠡᠯ ᠨᠡᠮᠡᠭᠲᠡᠯ ᠤᠨ ᠨᠤᠷᠮ᠎ᠠ ᠨᠢ 30% ᠪᠤᠶᠤ ᠠᠰᠢᠭ ᠤᠷᠤᠯᠭ᠎ᠠ ᠶᠢᠨ | ᠨᠡᠶᠢᠯᠡᠮᠡᠯ ᠨᠡᠮᠡᠭᠲᠡᠯ ᠤᠨ ᠨᠤᠷᠮ᠎ᠠ ᠶᠢ 30 ᠳᠤ ᠬᠦᠷᠬᠡᠨ᠎ᠡ ᠳᠦᠷᠦᠭᠦᠦ ᠵᠢᠯ ᠤᠨ ᠤᠷᠤᠯᠭ᠎ᠠ ᠶᠢᠨ ᠨᠡᠶᠢᠯᠡᠮᠡᠯ | ᠨᠡᠮᠡᠭᠲᠡᠯ ᠤᠨ ᠨᠤᠷᠮ᠎ᠠ ᠨᠢ 1 ᠠᠴᠠ 5 ᠳ᠋ᠦᠩᠰᠢᠭᠤᠷ ᠳᠦᠭᠦᠷᠢᠭ ᠲᠤ ᠬᠦᠷᠦᠭᠰᠡᠨ ᠪᠦᠭᠡᠳ ᠳᠦᠷᠦᠭᠦᠦ ᠵᠢᠯ ᠤᠨ | ᠤᠷᠤᠯᠭ᠎ᠠ ᠶᠢᠨ ᠨᠡᠶᠢᠯᠡᠮᠡᠯ ᠨᠡᠮᠡᠭᠲᠡᠯ ᠤᠨ ᠨᠤᠷᠮ᠎ᠠ ᠶᠢ 25 ᠳᠤ ᠬᠦᠷᠬᠡᠭᠰᠡᠨ ᠪᠦᠭᠡᠳ ᠠᠰᠢᠭ ᠤᠷᠤᠯᠭ᠎ᠠ ᠶᠢᠨ | ᠨᠡᠶᠢᠯᠡᠮᠡᠯ ᠨᠡᠮᠡᠭᠲᠡᠯ ᠤᠨ ᠨᠤᠷᠮ᠎ᠠ ᠶᠢ 25 ᠳᠤ ᠬᠦᠷᠬᠡᠭᠰᠡᠨ ᠪᠠᠶᠢᠨ᠎ᠠ ᠳᠦᠷᠦᠭᠦᠦ ᠵᠢᠯ ᠤᠨ ᠪᠦᠭᠦ ᠤᠷᠤᠯᠭ᠎ᠠ ᠶᠢᠨ 5 | ᠳ᠋ᠦᠩᠰᠢᠭᠤᠷ ᠳᠦᠭᠦᠷᠢᠭ ᠲᠤ ᠬᠦᠷᠦᠭᠰᠡᠨ ᠠᠵᠤ ᠠᠬᠤᠶᠢᠯᠠᠯ ᠪᠤᠯ ᠤᠶᠢᠷ᠎ᠠ ᠶᠢᠨ ᠳᠦᠷᠪᠡᠨ ᠵᠢᠯ ᠤᠨ ᠤᠷᠤᠯᠭ᠎ᠠ ᠶᠢᠨ | ᠨᠡᠶᠢᠯᠡᠮᠡᠯ ᠨᠡᠮᠡᠭᠲᠡᠯ ᠤᠨ ᠨᠤᠷᠮ᠎ᠠ ᠶᠢ 20 ᠳᠤ ᠬᠦᠷᠬᠡᠭᠰᠡᠨ ᠪᠠᠶᠢᠨ᠎ᠠ᠃ | ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ᠄ ᠳᠡᠭᠡᠷ᠎ᠡ ᠵᠢᠯ ᠤᠨ ᠶᠡᠷᠦᠩᠬᠡᠢ ᠣᠷᠣᠯᠭ᠎ᠠ ᠨᠢ 500 | ᠲᠦᠮᠡᠨ ᠲᠥᠭᠦᠷᠢᠭ ᠠᠴᠠ 2000 ᠲᠦᠮᠡᠨ ᠲᠥᠭᠦᠷᠢᠭ ᠬᠦᠷᠬᠦ ᠠᠵᠤ ᠠᠬᠤᠶᠢᠯᠠᠯ᠄ ᠣᠶᠢᠷ᠎ᠠ ᠶᠢᠨ ᠳᠥᠷᠪᠡᠨ | ᠵᠢᠯ ᠤᠨ ᠣᠷᠣᠯᠭ᠎ᠠ ᠶᠢᠨ ᠨᠡᠶᠢᠯᠡᠮᠡᠯ ᠨᠡᠮᠡᠭᠳᠡᠯ ᠤᠨ ᠨᠣᠷᠮ᠎ᠠ ᠶᠢ 30% ᠪᠤᠶᠤ ᠠᠰᠢᠭ ᠬᠤᠨᠵᠢᠪᠣᠷᠢ ᠶᠢᠨ ᠨᠡᠶᠢᠯᠡᠮᠡᠯ | ᠨᠡᠮᠡᠭᠳᠡᠯ ᠤᠨ ᠨᠣᠷᠮ᠎ᠠ ᠶᠢ 30% ᠳᠤ ᠬᠦᠷᠭᠡᠨ᠎ᠡ︔ ᠲᠦᠷᠦᠭᠦᠤ ᠵᠢᠯ ᠤᠨ ᠶᠡᠷᠦᠩᠬᠡᠶ ᠣᠷᠣᠯᠭ᠎ᠠ ᠨᠢ 2000 | ᠲᠦᠮᠡᠨ ᠲᠥᠭᠦᠷᠢᠭ ᠠᠴᠠ 1 ᠳ᠋ᠦᠩᠰᠢᠭᠤᠷ ᠠᠵᠤ ᠠᠬᠤᠶᠢᠯᠠᠯ ᠳᠤ᠂ ᠣᠶᠢᠷ᠎ᠠ ᠶᠢᠨ ᠳᠥᠷᠪᠡᠨ ᠵᠢᠯ ᠤᠨ | ᠣᠷᠣᠯᠭ᠎ᠠ ᠶᠢᠨ ᠨᠡᠶᠢᠯᠡᠮᠡᠯ ᠨᠡᠮᠡᠭᠳᠡᠯ ᠤᠨ ᠨᠣᠷᠮ᠎ᠠ ᠶᠢ 25% ᠪᠤᠶᠤ ᠠᠰᠢᠭ ᠬᠤᠨᠵᠢᠪᠣᠷᠢ ᠶᠢᠨ ᠨᠡᠶᠢᠯᠡᠮᠡᠯ | ᠨᠡᠮᠡᠭᠳᠡᠯ ᠤᠨ ᠨᠣᠷᠮ᠎ᠠ ᠶᠢ 25 % ᠳᠤ ᠬᠦᠷᠦᠭᠦᠯᠦᠨ᠎ᠡ︔ ᠲᠦᠷᠦᠭᠦᠤ ᠵᠢᠯ ᠤᠨ ᠶᠡᠷᠦᠩᠬᠡᠶ ᠣᠷᠣᠯᠭ᠎ᠠ 1 | ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢ ᠪᠠᠶᠢᠭ᠎ᠠ ᠠᠵᠤ ᠠᠬᠤᠶᠢᠯᠠᠯ᠄ ᠣᠶᠢᠷ᠎ᠠ ᠶᠢᠨ ᠳᠥᠷᠪᠡᠨ | ᠵᠢᠯ ᠤᠨ ᠣᠷᠣᠯᠭ᠎ᠠ ᠶᠢᠨ ᠨᠡᠶᠢᠯᠡᠮᠡᠯ ᠨᠡᠮᠡᠭᠳᠡᠯ ᠤᠨ ᠨᠣᠷᠮ᠎ᠠ ᠶᠢ 20% ᠪᠤᠶᠤ ᠠᠰᠢᠭ ᠬᠤᠨᠵᠢᠪᠣᠷᠢ ᠶᠢᠨ ᠨᠡᠶᠢᠯᠡᠮᠡᠯ | ᠨᠡᠮᠡᠭᠳᠡᠯ ᠤᠨ ᠨᠣᠷᠮ᠎ᠠ ᠶᠢ 20 % ᠳᠤ ᠬᠦᠷᠭᠡᠨ᠎ᠡ᠃ | 4. ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠬᠤ ᠪᠠᠷ ᠮᠠᠭᠠᠳᠯᠠᠨ | ᠲᠣᠭᠲᠠᠭᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠲᠠᠪᠴᠠᠩ ︵ᠰᠤᠳᠤᠯᠤᠨ ᠨᠡᠭᠡᠭᠡᠬᠦ ᠲᠥᠪ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠺᠠᠳᠧᠮᠢᠴᠢ ᠶᠢᠨ | ᠠᠵᠢᠯᠯᠠᠬᠤ ᠥᠷᠲᠡᠭᠡ ᠵᠡᠷᠭᠡ ᠲᠠᠪᠴᠠᠩ︶ ᠪᠠᠶᠢᠭᠤᠯᠤᠨ᠎ᠠ᠃ | ︵ᠬᠤᠶᠠᠷ︶ ᠱᠠᠩᠨᠠᠯ ᠤᠨ ᠮᠥᠩᠭᠦ | ᠪᠦᠬᠦᠩ ᠪᠣᠯᠭᠠᠭᠰᠠᠨ ᠠᠵᠤ ᠠᠬᠤᠶᠢᠯᠠᠯ ᠳᠤ 10 ᠠᠴᠠ 30 ᠲᠦᠮᠡᠨ ᠲᠥᠭᠦᠷᠢᠭ ᠤᠨ ᠨᠥᠬᠦᠪᠥᠷᠢ | ᠣᠯᠭᠤᠨ᠎ᠠ᠃ | ᠶᠢᠰᠦᠳᠦᠭᠡᠷ ᠵᠦᠢᠯ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ᠂ ᠰᠢᠨᠵᠢᠯᠡᠬᠦ | ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ᠂ ᠰᠢᠨᠵᠢᠯᠡᠬᠦ | ᠤᠬᠠᠭᠠᠨ ᠮᠡᠷᠭᠡᠵᠢᠯ ᠤᠨ ᠣᠨᠴᠠᠭᠠᠢ ᠬᠤᠪᠢ ᠨᠡᠮᠡᠷᠢ ᠶᠢᠨ ᠱᠠᠩᠨᠠᠯ᠂ ᠤᠯᠤᠰ ᠤᠨ ᠳᠡᠰ ᠤᠨ ᠳᠡᠭᠡᠳᠦ ᠰᠢᠨ᠎ᠡ | ᠮᠡᠷᠭᠡᠵᠢᠯ ᠤᠨ ᠤᠷᠤᠨ ᠤ ᠮᠡᠷᠭᠡᠵᠢᠯ ᠤᠨ ᠠᠵᠤ ᠠᠬᠤᠶᠢᠯᠠᠯ᠂ ᠪᠦᠬᠦᠩ ᠤᠨ ᠠᠵᠤ ᠠᠬᠤᠶᠢᠯᠠᠯ ᠤᠨ ᠲᠠᠪᠤᠨ | ᠲᠥᠷᠥᠯ ᠤᠨ ᠱᠠᠩᠨᠠᠯ ᠤᠨ ᠪᠡᠯᠡ ᠮᠥᠩᠭᠦ ᠶᠢᠨ ᠭᠤᠶᠤᠴᠢᠯᠠᠨ ᠮᠡᠳᠡᠭᠦᠯᠬᠦ ᠨᠥᠬᠦᠴᠡᠯ᠂ ᠭᠤᠶᠤᠴᠢᠯᠠᠨ ᠮᠡᠳᠡᠭᠦᠯᠬᠦ | ᠱᠠᠭᠠᠷᠳᠠᠯᠭ᠎ᠠ᠂ ᠮᠡᠳᠡᠭᠦᠯᠦᠭᠰᠡᠨ ᠮᠠᠲ᠋ᠧᠷᠢᠶᠠᠯ ᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠠᠴᠠ ᠬᠠᠷᠢᠭᠤᠴᠠᠨ ᠲᠤᠭᠤᠷᠪᠢᠵᠤ ᠨᠡᠶᠢᠲᠡᠯᠡᠨ᠎ᠡ᠃ | ᠠᠷᠪᠠᠳᠤᠭᠠᠷ ᠵᠦᠢᠯ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ | ᠵᠥᠪᠯᠡᠯ ᠨᠢ ᠵᠢᠯ ᠪᠦᠷᠢ ᠨᠢᠭᠡ ᠤᠳᠠᠭ᠎ᠠ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠱᠠᠩᠨᠠᠬᠤ ᠪᠠᠷ | ᠭᠤᠶᠤᠴᠢᠯᠠᠨ ᠮᠡᠳᠡᠭᠦᠯᠵᠦ ᠰᠢᠯᠭᠠᠷᠠᠭᠤᠯᠬᠤ ᠪᠠ ᠪᠡᠯᠡ ᠮᠥᠩᠭᠦ ᠶᠢ ᠪᠣᠳᠠᠲᠠᠶᠢᠵᠢᠭᠤᠯᠬᠤ ᠠᠵᠢᠯ ᠢ ᠵᠣᠬᠢᠶᠠᠨ | ᠪᠠᠶᠢᠭᠤᠯᠵᠤ᠂ ᠱᠠᠩᠨᠠᠯ ᠤᠨ ᠪᠡᠯᠡ ᠮᠥᠩᠭᠦ ᠶᠢ ᠵᠢᠯ ᠪᠦᠷᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠡᠳ᠋ ᠤᠨ ᠵᠠᠰᠠᠭ ᠤᠨ ᠲᠤᠰᠬᠠᠶ ᠵᠦᠢᠯ ᠢᠶᠠᠷ ᠭᠠᠷᠭᠠᠨ᠎ᠠ᠃ ᠬᠤᠪᠣᠷ ᠰᠢᠷᠣᠶ ᠶᠢᠨ ᠳᠡᠭᠡᠳᠦ ᠰᠢᠨ᠎ᠡ | ᠮᠡᠷᠭᠡᠵᠢᠯ ᠤᠨ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠨᠢ ᠡᠯ᠎ᠡ ᠲᠥᠷᠥᠯ ᠤᠨ ᠱᠠᠩᠨᠠᠯ ᠤᠨ | ᠪᠡᠯᠡ ᠮᠥᠩᠭᠦ ᠶᠢ ᠭᠤᠶᠤᠴᠢᠯᠠᠨ ᠮᠡᠳᠡᠭᠦᠯᠵᠦ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ | ᠬᠠᠷᠢᠭᠤᠴᠠᠨ᠎ᠠ᠃ | ᠠᠷᠪᠠᠨ ᠨᠢᠭᠡᠳᠦᠭᠡᠷ ᠵᠦᠢᠯ ᠲᠣᠰ ᠠᠷᠭ᠎ᠠ ᠶᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠠᠴᠠ ᠬᠠᠷᠢᠭᠤᠴᠠᠨ ᠲᠠᠶᠢᠯᠪᠤᠷᠢᠯᠠᠨ᠎ᠠ᠃ | ᠠᠷᠪᠠᠨ ᠬᠤᠶᠠᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ | ᠤᠤᠯ ᠤᠨ ︽ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠣᠷᠣᠨ ᠤ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠱᠠᠩᠨᠠᠬᠤ ᠠᠷᠭ᠎ᠠ︾ ︵ | ᠳᠠᠭᠠᠭᠠᠴᠢᠯᠠᠨ ᠨᠡᠭᠡᠭᠡᠬᠦ ᠨᠠᠮ ᠵᠠᠰᠠᠭ ᠠᠯᠪᠠᠨ ᠲᠠᠷᠬᠠᠭᠠᠭᠰᠠᠨ ︹2014︺ 1 ᠳ᠋ᠤᠭᠡᠷ ᠲᠣᠭᠠᠲᠤ︶ ᠶᠢ | ᠬᠠᠮᠲᠤ ᠳᠤᠨᠢ ᠬᠦᠴᠦᠨ ᠦᠭᠡᠶ ᠪᠣᠯᠭᠠᠨ᠎ᠠ᠃ |