ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠬᠦᠴᠢᠷ ᠵᠣᠪᠠᠭᠤᠷᠢ ᠶᠢ ᠰᠢᠢᠳᠪᠦᠷᠢᠯᠡᠬᠦ ᠪᠠᠷ ᠳᠠᠮᠵᠢᠭᠤᠯᠤᠨ ᠡᠵᠡᠩᠨᠡᠯᠲᠡ ᠶᠢᠨ ᠣᠷᠴᠢᠨ ᠢ ᠰᠠᠶᠢᠵᠢᠷᠠᠭᠤᠯᠵᠣ ᠪᠣᠢ
ᠨᠡᠶᠢᠲᠡᠯᠡᠭᠰᠡᠨ ᠴᠠᠭ᠄
2023/12/31
     ᠠᠵᠤ ᠠᠬᠤᠶᠢᠯᠠᠯ ᠢ ᠬᠠᠮᠤᠭ ᠬᠤᠷᠳᠤᠨ ᠳᠠᠭᠠᠨ 9 ᠮᠢᠨᠦ᠋ᠲ ᠤᠨ ᠳᠣᠲᠣᠷ᠎ᠠ ᠪᠠᠶᠢᠭᠤᠯᠵᠤ ᠳᠠᠭᠤᠰᠬᠠᠨ᠎ᠠ᠂ ᠠᠵᠤ ᠠᠬᠤᠶᠢᠯᠠᠯ ᠤᠨ ᠬᠤᠪᠢᠷᠠᠭᠤᠯᠤᠯᠲᠠ ᠶᠢ ᠬᠠᠮᠤᠭ ᠤᠨ ᠬᠤᠷᠳᠤᠨ ᠳᠠᠭᠠᠨ 8 ᠮᠢᠨᠦ᠋ᠲ ᠤᠨ ᠳᠣᠲᠣᠷ᠎ᠠ ᠰᠢᠢᠳᠪᠦᠷᠢᠯᠡᠵᠦ᠂ 197 ᠤᠳᠠᠭᠠᠨ ᠤ ᠣᠨᠳᠣᠣ ᠭᠠᠵᠠᠷ ᠲᠤ ᠭᠦᠢᠴᠡᠳᠬᠡᠬᠦ ᠦᠢᠯᠡᠴᠢᠯᠡᠭᠡ ᠬᠠᠩᠭᠠᠨ 1071 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ ᠤᠨ APP ᠪᠠᠷ ᠳᠠᠮᠵᠢᠭᠤᠯᠤᠨ ︽ᠠᠯᠠᠭᠠᠨ ᠳᠡᠭᠡᠷ᠎ᠡ ᠠᠴᠠ ᠭᠦᠢᠴᠡᠳᠬᠡᠬᠦ︾ ᠴᠢᠳᠠᠮᠵᠢ ᠶᠢ ᠨᠠᠪᠲᠠᠷᠡᠭᠦᠯᠵᠦ᠂ ᠠᠯᠠᠭᠠᠨ ᠳᠡᠭᠡᠷ᠎ᠡ ᠠᠴᠠ ᠭᠦᠢᠴᠡᠳᠬᠡᠬᠦ ᠵᠦᠢᠯᠡᠰ ᠤᠨ ᠬᠠᠷᠢᠴᠠᠯ ᠢ 85% ᠪᠣᠯᠭᠠᠨ ᠳᠡᠭᠡᠭᠰᠢᠯᠡᠭᠦᠯᠪᠡ᠃ ᠭᠤᠷᠪᠠᠳᠤᠭᠠᠷ ᠤᠯᠠᠷᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠬᠢ ᠠᠯᠢ ᠣᠯᠠᠨ ᠥᠭᠡᠷᠡᠴᠢᠯᠡᠯᠲᠡ ᠨᠢ ᠲᠣᠰ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠭᠡᠳ ᠣᠯᠣᠭᠰᠠᠨ ᠦᠷ᠎ᠡ ᠪᠦᠲᠦᠮᠵᠢ ᠶᠢ ᠲᠤᠰᠬᠠᠵᠤ ᠪᠠᠶᠢᠨ᠎ᠠ᠃     ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ︽ᠲᠠᠨ ᠤ ᠰᠠᠨᠠᠭᠠᠨ ᠳᠤ ᠬᠦᠷᠬᠦ︾ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠭᠦᠨᠵᠡᠭᠡᠢ ᠠᠬᠢᠭᠤᠯᠵᠤ᠂ ᠡᠵᠡᠩᠨᠡᠯᠲᠡ ᠶᠢᠨ ᠣᠷᠴᠢᠨ ᠲᠣᠭᠤᠷᠢᠨ ᠤ ᠲᠡᠷᠢᠭᠦᠨ ᠤ ︽ᠡᠷᠳᠡᠨᠢ ᠶᠢᠨ ᠬᠤᠲᠣᠭᠤᠷ︾ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ ᠶᠡᠭᠡ ᠬᠡᠮᠵᠢᠶᠡᠨ ᠤ ᠦᠢᠯᠡᠳᠪᠦᠷᠢᠯᠡᠯ ᠤᠨ ᠬᠦᠴᠦᠨ ᠵᠦᠢᠯ ᠢ ᠬᠤᠷᠠᠮᠳᠤᠭᠤᠯᠤᠨ᠂ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠪᠠ᠃      ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠴᠢᠩᠭᠠᠳᠬᠠᠪᠠ     ︽ᠠᠳᠡ ᠢᠷᠡᠵᠦ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠡᠭᠡᠨ ᠸᠢᠴᠠᠲ ᠢᠶᠠᠷ ᠪᠣᠯᠵᠣᠵᠤ ᠪᠣᠯᠬᠤ ᠪᠣᠯᠬᠤᠷ ᠮᠥᠷᠯᠡᠨ ᠬᠦᠯᠢᠶᠡᠵᠦ ᠰᠠᠭᠤᠬᠤ ᠴᠠᠭ ᠢ ᠶᠡᠭᠡ ᠪᠠᠷ ᠠᠷᠪᠢᠯᠠᠵᠠᠢ᠃︾ ︽ᠦᠨᠡᠬᠡᠷ ᠲᠣᠩ ᠳᠥᠭᠦᠮ ᠪᠣᠯᠵᠠᠢ᠂ ᠲᠤᠰᠬᠠᠢ ᠬᠥᠮᠥᠨ ᠤ ᠬᠠᠩᠭᠠᠭᠰᠠᠨ ᠪᠦᠬᠦ ᠶᠠᠪᠤᠴᠠ ᠶᠢᠨ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠡᠳ᠋ᠯᠡᠬᠦ ᠨᠢ ᠮᠠᠨ ᠤ ᠠᠵᠤ ᠠᠬᠤᠶᠢᠯᠠᠯ ᠤᠨ ᠭᠦᠶᠦᠬᠦ ᠲᠤᠭ᠎ᠠ ᠶᠢ ᠶᠡᠭᠡ ᠪᠠᠷ ᠪᠠᠭᠠᠰᠬᠠᠭᠰᠠᠨ ᠪᠠᠶᠢᠨ᠎ᠠ ᠃︾ ᠣᠶᠢᠷ᠎ᠠ ᠶᠢᠨ ᠡᠳᠦᠷ ᠤᠳ ᠲᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠪᠠᠶᠠᠷᠲᠠᠢ ᠪᠠᠷ ᠡᠷᠭᠢᠯᠡᠬᠦ︾ ᠵᠢᠵᠢᠭ ᠫᠷᠣᠭ᠍ᠷᠠᠮ ᠤᠨ ᠦᠢᠯᠡᠴᠢᠯᠡᠭᠡ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠲᠠᠰᠤᠷᠠᠯᠲᠠ ᠦᠭᠡᠢ ᠣᠯᠵᠤ ᠪᠠᠶᠢᠨ᠎ᠠ᠃     ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠨᠢᠭᠡ ᠴᠣᠩᠬᠤ ᠪᠠᠷ ᠬᠦᠯᠢᠶᠡᠨ ᠠᠪᠴᠤ ᠰᠢᠢᠳᠪᠦᠷᠢᠯᠡᠬᠦ᠂ ᠨᠢᠭᠡ ᠬᠦᠰᠦᠨᠦᠭᠲᠦ ᠪᠠᠷ ᠭᠤᠶᠤᠴᠢᠯᠠᠬᠤ᠂ ᠨᠢᠭᠡ ᠰᠦᠯᠵᠢᠶ᠎ᠡ ᠪᠠᠷ ᠪᠦᠬᠦᠨ ᠢ ᠡᠷᠬᠢᠯᠡᠬᠦ᠂ ᠨᠢᠭᠡ ᠤᠳᠠᠭ᠎ᠠ ᠳᠤ ᠰᠠᠶᠢᠲᠤᠷ ᠡᠷᠬᠢᠯᠡᠬᠦ︾ ᠵᠠᠷᠴᠢᠮ ᠶᠣᠰᠣᠭᠠᠷ᠂ ︽ᠨᠢᠭᠡ ᠶᠠᠪᠤᠳᠠᠯ︾ ᠢ ᠲᠥᠪᠯᠡᠷᠡᠭᠦᠯᠦᠨ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠰᠢᠯᠢᠳᠡᠭ ᠦᠢᠯᠡᠴᠢᠯᠡᠭᠡ ᠪᠠᠷ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠵᠣ ᠪᠠᠶᠢᠨ᠎ᠠ᠃ ᠠᠵᠤ ᠠᠬᠤᠶᠢᠯᠠᠯ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ︽ᠨᠢᠭᠡ ᠶᠠᠪᠤᠳᠠᠯ︾ ᠤᠨ ᠬᠤᠷᠠᠮᠠᠯ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠣᠷᠣᠨ ᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠪᠦᠬᠦ ᠬᠤᠲᠠ ᠶᠢᠨ ᠠᠩᠬᠠᠳᠠᠭᠴᠢ ︽ᠠᠵᠤ ᠠᠬᠤᠶᠢᠯᠠᠯ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠤᠷᠠᠮᠠᠯ ᠦᠢᠯᠡᠴᠢᠯᠡᠭᠡᠨ ᠤ ᠲᠤᠰᠬᠠᠢ ᠲᠣᠭᠤᠷᠢᠭ︾ ᠢ ᠨᠡᠭᠡᠭᠡᠵᠦ᠂ ᠠᠵᠤ ᠠᠬᠤᠶᠢᠯᠠᠯ ᠳᠤ ᠠᠵᠤ ᠠᠬᠤᠶᠢᠯᠠᠯ ᠡᠷᠬᠢᠯᠡᠬᠦ᠂ ᠬᠤᠪᠢᠷᠠᠭᠤᠯᠬᠤ᠂ ᠡᠵᠡᠩᠨᠡᠬᠦ ᠶᠢ ᠵᠥᠪᠰᠢᠶᠡᠷᠡᠬᠦ ᠵᠡᠷᠭᠡ 7 ᠱᠠᠲᠤᠨ ᠤ ᠭᠤᠣᠯ ᠰᠡᠳᠦᠪᠲᠦ ᠬᠡᠯᠪᠡᠷᠢ ᠪᠠ ᠠᠬᠤᠢ ᠲᠠᠯᠠᠪᠠᠢ ᠶᠢᠨ ᠬᠡᠯᠪᠡᠷᠢ ᠶᠢᠨ ᠬᠤᠶᠠᠷ ᠵᠦᠢᠯ ᠤᠨ ᠦᠢᠯᠡᠴᠢᠯᠡᠭᠡᠨ ᠤ ᠢᠵᠢ ᠦᠢᠯᠡᠴᠢᠯᠡᠭᠡ ᠶᠢ ᠬᠠᠩᠭᠠᠨ᠎ᠠ᠃ ᠶᠠᠪᠤᠴᠠ ᠶᠢ ᠰᠢᠯᠢᠳᠡᠭᠵᠢᠭᠦᠯᠬᠦ᠂ ᠴᠢᠬᠤᠯᠠ ᠨᠥᠬᠦᠴᠡᠯ ᠢ ᠴᠣᠮᠬᠠᠳᠬᠠᠬᠤ ᠪᠠᠷ ᠳᠡᠮᠵᠢᠨ᠂ ᠠᠵᠢᠯ ᠶᠠᠪᠤᠳᠠᠯ ᠭᠦᠢᠴᠡᠳᠬᠡᠬᠦ ᠮᠠᠲ᠋ᠧᠷᠢᠶᠠᠯ ᠢ ᠳᠤᠮᠳᠠᠴᠢ ᠪᠠᠷ 46.8% ᠪᠠᠷ ᠪᠠᠭᠠᠰᠬᠠᠵᠤ᠂ ᠭᠦᠢᠴᠡᠳᠬᠡᠬᠦ ᠭᠤᠭᠴᠤᠭ᠎ᠠ ᠶᠢ ᠳᠤᠮᠳᠠᠴᠢ ᠪᠠᠷ 43% ᠪᠠᠷ ᠪᠠᠭᠠᠰᠬᠠᠵᠤ᠂ ᠭᠦᠶᠦᠯᠲᠡ ᠶᠢᠨ ᠲᠤᠭ᠎ᠠ ᠶᠢ ᠳᠤᠮᠳᠠᠴᠢ ᠪᠠᠷ 83% ᠪᠠᠷ ᠪᠠᠭᠠᠰᠬᠠᠪᠠ᠃     ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ︽ᠨᠢᠭᠡ ᠶᠠᠪᠤᠳᠠᠯ︾ ᠤᠨ ᠬᠤᠷᠠᠮᠠᠯ ᠥᠭᠡᠷᠡᠴᠢᠯᠡᠯᠲᠡ ᠶᠢ ᠥᠩᠭᠡᠷᠡᠭᠰᠡᠨ ᠳᠤ ᠣᠯᠠᠨ ᠰᠠᠯᠠᠭ᠎ᠠ ᠮᠥᠴᠢᠷ ᠲᠤ ᠣᠴᠢᠵᠤ ᠭᠦᠢᠴᠡᠳᠬᠡᠬᠦ ᠴᠢᠬᠤᠯᠠᠲᠠᠢ ᠪᠠᠶᠢᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠪᠠᠷᠢᠮᠵᠢᠶ᠎ᠠ ᠪᠠᠷ ᠡᠮᠬᠢᠯᠡᠨ ᠨᠡᠶᠢᠯᠡᠭᠦᠯᠵᠦ᠂ ︽ᠨᠢᠭᠡ ᠢᠵᠢ ᠬᠦᠰᠦᠨᠦᠭᠲᠦ︾ ᠶᠢ ᠡᠮᠬᠢᠯᠡᠨ ᠨᠡᠶᠢᠯᠡᠭᠦᠯᠬᠦ᠂ ︽ᠨᠢᠭᠡ ᠢᠵᠢ ᠮᠠᠲ᠋ᠧᠷᠢᠶᠠᠯ︾ ᠢ ᠡᠮᠬᠢᠯᠡᠨ ᠳᠢᠭᠯᠡᠬᠦ᠂ ︽ᠨᠢᠭᠡ ᠪᠠᠷᠢᠮᠵᠢᠶ᠎ᠠ︾ ᠶᠢ ᠨᠠᠶᠢᠷᠠᠭᠤᠯᠤᠨ ᠵᠣᠬᠢᠶᠠᠬᠤ᠂ ︽ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ︾ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠭᠡᠷ᠎ᠡ ᠲᠣᠭᠲᠠᠬᠤ ᠠᠴᠠ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠣᠯᠬᠤ ᠪᠣᠯᠲᠠᠯ᠎ᠠ᠂ ᠥᠭᠡᠷᠡᠴᠢᠯᠡᠯᠲᠡ ᠬᠢᠬᠦ ᠠᠴᠠ ᠡᠮᠦᠨᠡᠬᠢ 30 ᠠᠵᠢᠯ ᠤᠨ ᠡᠳᠦᠷ ᠠᠴᠠ 3 ᠠᠵᠢᠯ ᠤᠨ ᠡᠳᠦᠷ ᠪᠣᠯᠭᠠᠨ ᠪᠠᠭᠠᠰᠬᠠᠵᠤ᠂ ᠡᠨᠡ ᠵᠢᠯ ᠪᠠᠰᠠ ︽70 ᠮᠢᠨᠦ᠋ᠲ ᠤᠨ ᠪᠠᠷᠢᠯᠭ᠎ᠠ ᠪᠠᠷᠢᠬᠤ ᠵᠥᠪᠰᠢᠶᠡᠷᠡᠯ ᠤᠨ ᠪᠥᠬᠦ ᠭᠤᠭᠴᠤᠭ᠎ᠠ ᠶᠢ ᠭᠦᠢᠴᠡᠳᠬᠡᠵᠦ ᠳᠠᠭᠤᠰᠬᠠᠬᠤ︾ ᠪᠣᠯᠲᠠᠯ᠎ᠠ ᠪᠣᠭᠤᠨᠢᠰᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠴᠠᠭ ᠣᠯᠭᠤᠭᠰᠠᠨ ᠪᠠᠶᠢᠨ᠎ᠠ᠃      ᠦᠢᠯᠡᠴᠢᠯᠡᠭᠡ ᠶᠢ ᠰᠢᠯᠢᠳᠡᠭᠵᠢᠭᠦᠯᠵᠦ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠬᠠᠨᠤᠮᠵᠢ ᠶᠢᠨ ᠬᠡᠮᠵᠢᠶ᠎ᠡ ᠶᠢ ᠲᠡᠭᠡᠭᠰᠢᠯᠡᠭᠦᠯᠪᠠ     ︽ᠬᠤᠯᠪᠣᠭᠳᠠᠯ ᠪᠦᠬᠦᠢ ᠮᠠᠲ᠋ᠧᠷᠢᠶᠠᠯ ᠢ ᠲᠤᠰᠢᠶᠠᠭᠰᠠᠨ ᠠᠴᠠ ᠠᠪᠤᠭᠠᠳ ᠰᠢᠢᠳᠪᠦᠷᠢᠯᠡᠵᠦ ᠳᠠᠭᠤᠰᠬᠠᠬᠤ ᠬᠦᠷᠲᠡᠯᠡᠬᠢ ᠶᠠᠪᠤᠴᠠ ᠳᠤ ᠠᠵᠢᠯᠲᠠᠳ ᠬᠦᠯᠢᠴᠡᠩᠭᠦᠢ ᠨᠢᠮᠪᠠᠢ᠂ ᠢᠳᠡᠪᠬᠢᠲᠡᠢ ᠣᠪᠣᠷ ᠢᠶᠠᠷ ᠲᠡᠳᠡᠨ ᠤ ᠥᠨᠳᠥᠷ ᠪᠦᠲᠦᠮᠵᠢ ᠳᠤ ᠦᠢᠯᠡᠴᠢᠯᠡᠬᠦ ᠶᠢ ᠮᠠᠭᠲᠠᠨ ᠰᠠᠶᠢᠰᠢᠶᠠᠵᠤ ᠪᠠᠶᠢᠨ᠎ᠠ᠃︾ ᠲᠦᠷᠦᠭᠦᠬᠡᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠦᠷᠴᠦ ᠲᠥᠷᠥᠯ ᠵᠦᠢᠯ ᠢ ᠬᠢᠨᠠᠨ ᠵᠥᠪᠰᠢᠶᠡᠷᠡᠬᠦ ᠭᠠᠷᠳᠠᠮ ᠭᠦᠢᠴᠡᠳᠬᠡᠭᠰᠡᠨ ᠬᠤᠲᠠ ᠶᠢᠨ ᠠᠷᠠᠳ ᠯᠢ ᠠᠪᠤᠭᠠᠢ ︽ᠰᠠᠶᠢᠨ ᠮᠠᠭᠤ ᠶᠢᠨ ᠦᠨᠡᠯᠡᠯᠲᠡ︾ ᠶᠢᠨ ᠦᠨᠡᠯᠡᠯᠲᠡ ᠶᠢᠨ ᠬᠡᠮᠵᠢᠭᠦᠷᠯᠢᠭ ᠢᠶᠠᠷ ᠳᠠᠮᠵᠢᠭᠤᠯᠤᠨ ᠴᠣᠩᠬᠤᠨ ᠤ ᠠᠵᠢᠯᠲᠠᠳ ᠲᠤ ᠦᠨᠡᠯᠡᠯᠲᠡ ᠬᠢᠵᠡᠢ᠃     ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠪᠥᠬᠦ ᠬᠤᠲᠠ ᠳᠤ ᠡᠩ ᠲᠡᠷᠢᠭᠦᠨ ᠳᠤ ︽ᠵᠥᠷᠢᠶ᠎ᠡ ᠦᠭᠡᠢ ᠪᠠᠷ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ︾ ᠵᠠᠭᠪᠤᠷ ᠢ ᠬᠡᠷᠡᠭᠵᠢᠭᠦᠯᠬᠦ ᠶᠢᠨ ᠬᠠᠮᠲᠤ ᠦᠨᠳᠦᠰᠦᠨ ᠱᠠᠲᠤ ᠳᠠᠰᠢ ᠥᠷᠭᠡᠳᠬᠡᠵᠦ᠂ ︽ᠨᠢᠭᠡ ᠴᠣᠩᠬᠤᠪᠴᠢ ᠮᠠᠶ᠋ᠢᠭ︾ ᠤᠨ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠥᠭᠡᠷᠡᠴᠢᠯᠡᠯᠲᠡ ᠶᠢ ᠵᠡᠭᠡᠯᠢ ᠪᠠᠯᠭᠠᠰᠤ ᠳᠠᠰᠢ ᠤᠷᠲᠤᠳᠬᠠᠵᠤ᠂ ᠠᠷᠠᠳ ᠤᠨ ᠶᠠᠪᠤᠳᠠᠯ᠂ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ ᠡᠷᠡᠭᠦᠯ ᠬᠠᠮᠠᠭᠠᠯᠠᠯ᠂ ᠠᠵᠢᠯ ᠣᠯᠭᠤᠯᠲᠠ᠂ ᠴᠡᠷᠢᠭ ᠠᠴᠠ ᠬᠠᠯᠠᠭᠳᠠᠭᠰᠠᠳ ᠵᠡᠷᠭᠡ 269 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ᠲᠥᠪᠯᠡᠷᠡᠭᠦᠯᠦᠨ ᠭᠦᠢᠴᠡᠳᠬᠡᠬᠦ ᠶᠢ ᠪᠡᠶᠡᠯᠡᠭᠦᠯᠵᠦ᠂ ᠡᠭᠦᠨ ᠳᠤ 220 ᠵᠦᠢᠯ ᠤᠨ ᠵᠦᠢᠯᠡᠰ ᠢ ᠨᠢᠭᠡᠨᠲᠡ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠵᠦ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠨᠣᠷᠮ᠎ᠠ ᠳᠤᠮᠳᠠᠴᠢ ᠪᠠᠷ 82% ᠬᠦᠷᠴᠡᠢ᠃ ᠵᠢᠯ ᠤᠨ ᠰᠡᠭᠦᠯᠴᠢ ᠠᠴᠠ ᠡᠮᠦᠨ᠎ᠡ ᠵᠡᠭᠡᠯᠢ ᠪᠠᠯᠭᠠᠰᠤ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠤᠨ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠵᠦᠢᠯᠡᠰ ᠤᠨ ᠨᠡᠶᠢᠲᠡ ᠶᠢᠨ ᠭᠦᠢᠴᠡᠳᠬᠡᠬᠦ ᠨᠣᠷᠮ᠎ᠠ ᠶᠢ 100% ᠳᠤ ᠬᠦᠷᠭᠡᠵᠦ᠂ ᠴᠣᠩᠬᠤᠪᠴᠢ ᠦᠢᠯᠡᠴᠢᠯᠡᠭᠡᠨ ᠤ ᠭᠦᠢᠴᠡᠳᠬᠡᠯ ᠤᠨ ᠬᠠᠨᠤᠮᠵᠢᠲᠠᠶ ᠪᠠᠶᠢᠬᠤ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠣ ᠪᠣᠢ᠃     ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠨᠡᠭᠡᠭᠡᠨ ᠡᠷᠭᠢᠯᠡᠬᠦ ᠠᠵᠤ ᠠᠬᠤᠶᠢᠯᠠᠯ ᠤᠨ ︽ᠵᠠᠷᠤᠳᠠᠯ ᠦᠭᠡᠢ︾ ︽ᠨᠢᠭᠡ ᠰᠦᠯᠵᠢᠶ᠎ᠡ ᠪᠠᠷ ᠪᠦᠬᠦᠨ ᠢ ᠡᠷᠭᠢᠯᠡᠬᠦ︾ ᠶᠢ ᠪᠡᠶᠡᠯᠡᠭᠦᠯᠬᠦ ᠶᠢ ᠢᠳᠡᠪᠬᠢᠲᠡᠢ ᠠᠬᠢᠭᠤᠯᠵᠤ᠂ ᠨᠡᠭᠡᠭᠡᠨ ᠡᠷᠭᠢᠯᠡᠬᠦ ᠠᠵᠤ ᠠᠬᠤᠶᠢᠯᠠᠯ ᠤᠨ ᠴᠠᠭ ᠢ ᠳᠠᠬᠢᠨ ᠪᠠᠭᠠᠰᠬᠠᠵᠤ᠂ ᠭᠦᠶᠦᠯᠲᠡ ᠶᠢᠨ ᠲᠤᠭ᠎ᠠ ᠶᠢ 5 ᠤᠳᠠᠭ᠎ᠠ  ᠠᠴᠠ 1 ᠤᠳᠠᠭ᠎ᠠ ᠪᠣᠯᠭᠠᠨ ᠪᠠᠭᠠᠰᠬᠠᠪᠠ᠃ ︽ᠬᠦᠷᠢᠶᠡᠯᠡᠩ ᠣᠷᠣᠨ ᠤ ᠬᠡᠷᠡᠭ ᠶᠠᠪᠤᠳᠠᠯ ᠢ ᠬᠦᠷᠢᠶᠡᠯᠡᠩ ᠣᠷᠣᠨ ᠤ ᠠᠯᠪᠠᠨ ᠭᠡᠷ︾ ︽ᠳᠤᠲᠠᠭᠤ ᠶᠢ ᠪᠠᠭᠲᠠᠭᠠᠬᠤ ᠠᠯᠪᠠᠨ ᠭᠡᠷ︾ ︽ᠦᠨᠡᠮᠯᠡᠯ ᠦᠭᠡᠢ ᠠᠯᠪᠠᠨ ᠭᠡᠷ︾ ︽ᠦᠨᠡᠮᠯᠡᠯ ᠠᠴᠠ ᠬᠡᠯᠲᠦᠷᠢᠭᠦᠯᠬᠦ ᠠᠯᠪᠠᠨ ᠭᠡᠷ︾ ︽ᠣᠨᠳᠣᠣ ᠭᠠᠵᠠᠷ ᠤᠨ ᠠᠯᠪᠠᠨ ᠭᠡᠷ︾ ︽ᠰᠦᠯᠵᠢᠶᠡᠨ ᠳᠡᠭᠡᠷᠡᠬᠢ ᠠᠯᠪᠠᠨ ᠭᠡᠷ︾ ︽ᠠᠯᠠᠭᠠᠨ ᠳᠡᠭᠡᠷᠡᠬᠢ ᠠᠯᠪᠠᠨ ᠭᠡᠷ︾ ᠵᠡᠷᠭᠡ ᠵᠠᠭᠪᠤᠷ ᠢ ᠶᠡᠬᠡᠪᠡᠷ ᠬᠡᠷᠡᠭᠵᠢᠭᠦᠯᠵᠦ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠪᠥᠬᠦ ᠣᠷᠣᠨ ᠤ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ ᠶᠢ 100% ᠳᠤ ᠬᠦᠷᠦᠭᠦᠯᠦᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号