ᠤᠶᠢᠷ᠎ᠠ ᠳᠤ᠂ ᠤᠯᠤᠰ ᠤᠨ ᠪᠠᠷᠢᠮᠵᠢᠶᠠᠵᠢᠭᠤᠯᠬᠤ ᠬᠠᠮᠢᠶᠠᠷᠤᠯᠲᠠ ᠶᠢᠨ ᠵᠥᠪᠯᠡᠯ ᠠᠴᠠ ᠤᠯᠤᠰ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠨᠡᠷᠡᠰ ᠢ | ᠨᠡᠶᠢᠲᠡᠯᠡᠵᠦ᠂ ᠪᠤᠭᠤᠲᠤ ᠶᠢᠨ ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠤᠷᠤᠨ ᠤ ᠡᠭᠦᠷᠭᠡᠯᠡᠭᠰᠡᠨ ᠬᠤᠪᠣᠷ ᠰᠢᠷᠤᠢ ᠶᠢᠨ ᠠᠵᠤ ᠦᠢᠯᠡᠰ ᠤᠨ ᠤᠯᠤᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠨᠢ ᠪᠦᠬᠦ ᠤᠯᠤᠰ ᠤᠨ | ᠰᠣᠩᠭᠤᠭᠳᠠᠭᠰᠠᠨ 5 ᠨᠢᠭᠡᠴᠡ ᠶᠢᠨ ᠨᠢᠭᠡ ᠪᠣᠯᠬᠤ ᠪᠥᠭᠡᠳ ᠪᠠᠰᠠ ᠴᠦ ᠥᠪᠡᠷᠲᠡᠭᠡᠨ ᠵᠠᠰᠠᠬᠤ ᠣᠷᠣᠨ ᠤ ᠴᠣᠷ ᠤᠨ | ᠭᠠᠭᠴᠠ ᠰᠣᠩᠭᠤᠭᠳᠠᠭᠰᠠᠨ ᠲᠤᠰ ᠲᠥᠷᠥᠯ ᠤᠨ ᠲᠥᠷᠥᠯ ᠵᠦᠢᠯ ᠪᠣᠯᠤᠨ᠎ᠠ᠃ | ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠪᠠᠷᠢᠮᠵᠢᠶᠠᠵᠢᠭᠤᠯᠤᠯᠲᠠ ᠶᠢᠨ ᠵᠢᠱᠢᠶ᠎ᠡ | ᠦᠵᠡᠭᠦᠯᠬᠦ ᠲᠥᠷᠥᠯ ᠵᠦᠢᠯ ᠨᠢ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠪᠠᠷᠢᠮᠵᠢᠶᠠᠵᠢᠭᠤᠯᠤᠯᠲᠠ ᠵᠡᠷᠭᠡ ᠬᠠᠮᠢᠶ᠎ᠠ | ᠪᠥᠬᠦᠶ ᠤᠯᠤᠰ ᠤᠨ ᠲᠠᠰ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠲᠥᠷᠥᠯ ᠵᠦᠢᠯ ᠤᠨ ᠳᠣᠲᠣᠷ᠎ᠠ ᠠᠴᠠ | ᠰᠢᠯᠢᠨ ᠰᠣᠩᠭᠤᠬᠤ ᠶᠢ ᠱᠠᠭᠠᠷᠳᠠᠭᠰᠠᠨ ᠪᠥᠭᠡᠳ ᠪᠥᠬᠦ ᠤᠯᠤᠰ᠂ ᠭᠠᠵᠠᠷ ᠣᠷᠣᠨ ᠪᠤᠶᠤ ᠠᠵᠢᠯ ᠲᠥᠷᠥᠯ ᠳᠤ ᠢᠯᠡ | ᠲᠣᠳᠣ ᠣᠨᠴᠠᠯᠢᠭ ᠪᠠ ᠨᠡᠯᠢᠶᠡᠳ ᠴᠢᠩᠭ᠎ᠠ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠲᠠᠢ ᠶᠤᠮ᠃ 2023 | ᠣᠨ ᠤ 2 ᠰᠠᠷ᠎ᠠ ᠳᠤ᠂ ᠬᠤᠪᠣᠷ ᠰᠢᠷᠣᠶ ᠶᠢᠨ ᠠᠵᠤ ᠦᠢᠯᠡᠰ ᠤᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠲᠥᠷᠥᠯ ᠵᠦᠢᠯ ᠨᠢ ᠥᠨᠳᠥᠷ ᠬᠤᠪᠢ ᠪᠠᠷ ᠦᠨᠡᠯᠡᠨ | ᠵᠢᠱᠢᠵᠦ ᠰᠢᠯᠭᠠᠨ ᠠᠪᠬᠤ ᠪᠠᠷ ᠳᠡᠮᠵᠢᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠳᠡᠮᠵᠢᠨ ᠵᠠᠰᠠᠭ ᠤᠨ | ᠣᠷᠳᠣᠨ᠂ ᠠᠵᠤ ᠦᠢᠯᠡᠰ ᠤᠨ ᠬᠤᠯᠪᠣᠭ᠎ᠠ᠂ ᠠᠵᠤ ᠠᠬᠤᠶᠢᠯᠠᠯ ᠭᠤᠷᠪᠠᠨ ᠲᠠᠯ᠎ᠠ ᠶᠢᠨ ᠪᠦᠲᠦᠮᠵᠢᠲᠡᠶ ᠨᠡᠪᠲᠡᠷᠡᠯᠴᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠰᠢᠯᠢᠳᠡᠭ ᠠᠵᠤ ᠠᠬᠤᠶᠢᠯᠠᠯ ᠤᠨ ᠬᠤᠪᠣᠷ ᠰᠢᠷᠣᠶ ᠶᠢᠨ | ᠪᠠᠷᠢᠮᠵᠢᠶᠠᠵᠢᠭᠤᠯᠤᠯᠲᠠ ᠶᠢᠨ ᠬᠦᠷᠢᠶᠡᠨ ᠳᠠᠬᠢ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ | ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ᠂ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠬᠤ᠂ | ᠪᠠᠷᠢᠮᠵᠢᠶᠠᠵᠢᠭᠤᠯᠬᠤ ᠲᠤᠷᠰᠢᠯᠲᠠ ᠶᠢᠨ ᠴᠡᠭ᠂ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠵᠡᠷᠭᠡ ᠲᠠᠯ᠎ᠠ ᠪᠠᠷ | ᠪᠠᠷᠢᠮᠵᠢᠶᠠᠲᠤ ᠮᠡᠷᠭᠡᠵᠢᠯ ᠤᠨ ᠪᠦᠲᠦᠮᠵᠢᠲᠡᠶ ᠬᠠᠩᠭᠠᠯᠭ᠎ᠠ ᠶᠢ ᠲᠠᠰᠤᠷᠠᠯᠲᠠ ᠥᠬᠡᠶ ᠨᠡᠮᠡᠭᠳᠡᠭᠦᠯᠵᠦ᠂ ᠬᠤᠪᠣᠷ | ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠳᠣᠲᠣᠷᠠᠬᠢ ᠠᠵᠤ ᠠᠬᠤᠶᠢᠯᠠᠯ ᠪᠠ ᠪᠠᠷᠢᠮᠵᠢᠶ᠎ᠠ ᠶᠢᠨ | ᠬᠤᠯᠪᠣᠭ᠎ᠠ ᠨᠢ ᠡᠯ᠎ᠡ ᠲᠠᠰ ᠳᠠᠪᠬᠤᠷᠭ᠎ᠠ ᠶᠢᠨ ᠪᠠᠷᠢᠮᠵᠢᠶ᠎ᠠ ᠶᠢ ᠲᠣᠭᠲᠠᠭᠠᠬᠤ ᠳᠤ ᠨᠡᠶᠢᠲᠡ 160 ᠭᠠᠷᠤᠶ ᠵᠦᠢᠯ ᠤᠨ | ᠣᠷᠣᠯᠴᠠᠵᠤ᠂ ᠣᠯᠠᠨ ᠤᠯᠤᠰ ᠤᠨ ᠪᠠᠷᠢᠮᠵᠢᠶ᠎ᠠ ᠶᠢ ᠨᠡᠶᠢᠲᠡᠯᠡᠵᠦ᠂ ᠪᠠᠷᠢᠮᠵᠢᠶᠠᠵᠢᠭᠤᠯᠬᠤ ᠠᠵᠢᠯᠯᠠᠭ᠎ᠠ ᠶᠢ 10 ᠭᠠᠷᠤᠶ | ᠤᠳᠠᠭ᠎ᠠ ᠥᠷᠨᠢᠭᠦᠯᠵᠦ᠂ ᠣᠯᠠᠨ ᠤᠯᠤᠰ ᠤᠨ ᠪᠠᠷᠢᠮᠵᠢᠶᠠᠵᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠬᠤᠪᠣᠷ | ᠰᠢᠷᠣᠶ ᠶᠢᠨ ᠮᠡᠷᠭᠡᠵᠢᠯ ᠤᠨ ᠵᠥᠪᠯᠡᠯ ᠤᠨ ᠳᠠᠩᠰᠠᠯᠠᠭᠤᠯᠤᠭᠰᠠᠨ ᠲᠤᠰᠬᠠᠶ ᠮᠡᠷᠭᠡᠵᠢᠯᠲᠡᠨ ᠲᠠᠢ ᠪᠣᠯᠵᠣ᠂ ᠣᠯᠠᠨ | ᠤᠯᠤᠰ ᠤᠨ ᠪᠠᠷᠢᠮᠵᠢᠶᠠᠵᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ 5 ᠪᠦᠷᠢᠯᠳᠦᠬᠦᠨ ᠪᠥᠬᠦ ᠤᠯᠤᠰ ᠤᠨ | ᠬᠤᠪᠣᠷ ᠰᠢᠷᠣᠶ ᠶᠢᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ᠤᠨ ᠭᠡᠰᠢᠭᠦᠨ ᠢᠶᠠᠷ ᠰᠣᠩᠭᠤᠭᠳᠠᠪᠠ᠃ | ᠲᠣᠰ ᠲᠥᠷᠥᠯ ᠵᠦᠢᠯ ᠢ ᠡᠯᠰᠡᠨ ᠴᠤᠭᠯᠠᠭᠤᠯᠤᠭᠰᠠᠨ ᠡᠬᠢᠨ ᠤ ᠬᠤᠭᠤᠴᠠᠭᠠᠨ ᠳᠤ᠂ ᠪᠤᠭᠤᠲᠤ ᠬᠤᠲᠠ ᠶᠢᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ ᠪᠠ ᠮᠠᠨ ᠤ | ᠬᠤᠲᠠ ᠶᠢᠨ ᠬᠤᠪᠣᠷ ᠰᠢᠷᠣᠶ ᠶᠢᠨ ᠠᠵᠤ ᠦᠢᠯᠡᠰ ᠤᠨ ᠣᠨᠴᠠᠯᠢᠭ ᠢ ᠦᠨᠳᠦᠰᠦᠯᠡᠨ᠂ ᠳᠡᠭᠡᠳᠦ ᠱᠠᠲᠤᠨ ᠤ ᠰᠠᠯᠠᠭ᠎ᠠ | ᠮᠥᠴᠢᠷ ᠤᠨ ᠳᠡᠮᠵᠢᠯᠭᠡ ᠶᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠣᠯᠵᠤ᠂ ᠲᠥᠷᠥᠯ ᠵᠦᠢᠯ ᠤᠨ | ᠣᠳᠣᠬᠢ ᠪᠠᠶᠢᠳᠠᠯ᠂ ᠪᠠᠷᠢᠮᠵᠢᠶᠠᠵᠢᠭᠤᠯᠬᠤ ᠠᠵᠢᠯ ᠤᠨ ᠰᠠᠭᠤᠷᠢ᠂ ᠭᠤᠤᠯ ᠪᠣᠯᠬᠤ ᠪᠥᠲᠥᠭᠡᠨ ᠪᠠᠶᠢᠭᠤᠯᠤᠯᠲᠠ ᠶᠢᠨ | ᠠᠭᠤᠯᠭ᠎ᠠ᠂ ᠵᠢᠱᠢᠭᠰᠡᠨ ᠬᠠᠷᠠᠯᠲᠠ ᠶᠢᠨ ᠪᠠᠶᠢᠷᠢᠯᠠᠭᠤᠯᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ ᠵᠢᠴᠢ ᠪᠡᠶᠡᠯᠡᠭᠦᠯᠵᠦ | ᠪᠣᠯᠬᠤ ᠬᠡᠮᠵᠢᠶ᠎ᠡ᠂ ᠠᠵᠢᠯ ᠤᠨ ᠰᠡᠳᠬᠢᠴᠡ᠂ ᠠᠬᠢᠴᠠ ᠶᠢᠨ ᠲᠣᠬᠢᠷᠠᠭᠤᠯᠤᠯᠲᠠ ᠵᠢᠴᠢ ᠵᠣᠬᠢᠴᠠᠩᠭᠤᠶ ᠪᠠᠲᠤᠯᠠᠭ᠎ᠠ ᠶᠢᠨ | ᠠᠷᠭ᠎ᠠ ᠬᠡᠮᠵᠢᠶ᠎ᠡ ᠵᠡᠷᠭᠡ ᠶᠢ ᠪᠥᠬᠦ ᠲᠠᠯ᠎ᠠ ᠪᠠᠷ ᠬᠢᠨᠠᠨ ᠬᠠᠷᠭᠤᠭᠤᠯᠵᠤ᠂ ᠭᠤᠶᠤᠴᠢᠯᠠᠨ ᠮᠡᠳᠡᠭᠦᠯᠬᠦ ᠨᠢᠭᠡᠴᠡ ᠶᠢ | ᠵᠢᠯᠣᠭᠤᠳᠤᠨ ᠲᠤᠰᠬᠠᠶ ᠮᠡᠷᠭᠡᠵᠢᠯ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠭᠤᠶᠤᠴᠢᠯᠠᠨ ᠮᠡᠳᠡᠭᠦᠯᠬᠦ | ᠲᠥᠰᠦᠯ ᠢ ᠵᠣᠯᠭᠠᠭᠤᠯᠪᠠ᠃ | ︽ᠤᠯᠤᠰ ᠤᠨ ᠪᠠᠷᠢᠮᠵᠢᠶ᠎ᠠ ᠶᠢᠨ ᠵᠥᠪᠯᠡᠯ ᠤᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠴᠢᠩᠭᠠᠳᠬᠠᠬᠤ ᠲᠤᠬᠠᠶ | ᠵᠢᠯᠣᠭᠤᠳᠬᠤ ᠰᠠᠨᠠᠯ︾ ᠤᠨ ᠵᠣᠷᠢᠭ ᠰᠠᠨᠠᠭ᠎ᠠ ᠶᠣᠰᠣᠭᠠᠷ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠠᠴᠠ ᠳᠠᠭᠠᠭᠠᠨ ᠡᠭᠦᠷᠭᠡᠯᠡᠭᠰᠡᠨ ᠨᠢᠭᠡᠴᠡ ᠶᠢᠨ ᠬᠤᠪᠣᠷ ᠰᠢᠷᠣᠶ ᠶᠢᠨ ᠪᠥᠬᠦ ᠠᠵᠤ | ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠠᠩᠬᠠᠨ ᠤ ᠰᠢᠨ᠎ᠡ ᠡᠭᠦᠳᠦᠯᠲᠡ ᠪᠠ ᠬᠤᠷᠠᠮᠠᠯ ᠰᠢᠨ᠎ᠡ ᠶᠢ ᠡᠭᠦᠳᠬᠦ ᠶᠢ | ᠦᠷᠭᠦᠯᠵᠢᠯᠡᠨ ᠠᠬᠢᠭᠤᠯᠵᠤ᠂ ᠠᠵᠤ ᠦᠢᠯᠡᠰ᠂ ᠰᠤᠷᠤᠯᠴᠠᠬᠤ᠂ ᠰᠤᠳᠤᠯᠬᠤ᠂ ᠬᠡᠷᠡᠭᠯᠡᠬᠦ᠂ ᠠᠭᠤᠰᠤᠯᠴᠠᠬᠤ᠂ | ᠬᠡᠮᠵᠢᠬᠦ ᠵᠡᠷᠭᠡ ᠬᠥᠭᠵᠢᠯᠲᠡ ᠶᠢᠨ ᠠᠯᠢ ᠣᠯᠠᠨ ᠬᠦᠴᠦᠨ ᠵᠦᠢᠯ ᠢ ᠤᠯᠠᠮ ᠨᠢᠭᠡ ᠠᠯᠬᠤᠮ ᠲᠥᠪᠯᠡᠷᠡᠭᠦᠯᠦᠨ᠂ | ᠲᠡᠷᠢᠭᠦᠨ ᠤ ᠬᠡᠷᠡᠭᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠴᠠᠭ | ᠲᠤᠬᠠᠶ ᠳᠤᠨᠢ ᠪᠠᠷᠢᠮᠵᠢᠶ᠎ᠠ ᠳᠤ ᠠᠭᠤᠰᠤᠯᠴᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ᠂ ᠪᠠᠷᠢᠮᠵᠢᠶ᠎ᠠ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ᠂ ᠠᠵᠤ ᠦᠢᠯᠡᠰᠵᠢᠯᠲᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠂ | ᠪᠠᠷᠢᠮᠵᠢᠶᠠᠵᠢᠭᠤᠯᠤᠯᠲᠠ ᠪᠠᠷ ᠬᠤᠪᠣᠷ ᠰᠢᠷᠣᠶ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ | ᠨᠡᠮᠡᠷᠢᠯᠡᠨ᠎ᠡ᠃ | |