ᠪᠤᠭᠤᠲᠤ ᠶᠢᠨ ᠬᠢᠨ ᠬᠤᠪᠣᠷ ᠰᠢᠷᠤᠢ ᠶᠢᠨ ᠠᠵᠤ ᠦᠢᠯᠡᠰ ᠤᠨ ᠤᠯᠤᠰ ᠤᠨ ᠪᠠᠷᠢᠮᠵᠢᠶ᠎ᠠ ᠶᠢᠨ ᠵᠢᠱᠢᠶ᠎ᠡ ᠦᠵᠡᠭᠦᠯᠬᠦ ᠪᠦᠲᠦᠭᠡᠨ ᠪᠠᠢᠭᠤᠯᠤᠯᠲᠠ ᠳᠤ ᠬᠦᠴᠦ ᠨᠡᠮᠢᠶᠡᠷᠡᠯᠡᠪᠡ
ᠨᠡᠶᠢᠲᠡᠯᠡᠭᠰᠡᠨ ᠴᠠᠭ᠄
2023/12/5
     ᠤᠶᠢᠷ᠎ᠠ ᠳᠤ᠂ ᠤᠯᠤᠰ ᠤᠨ ᠪᠠᠷᠢᠮᠵᠢᠶᠠᠵᠢᠭᠤᠯᠬᠤ ᠬᠠᠮᠢᠶᠠᠷᠤᠯᠲᠠ ᠶᠢᠨ ᠵᠥᠪᠯᠡᠯ ᠠᠴᠠ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ‍ᠤᠨ‌‍ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠨᠡᠷᠡᠰ ᠢ ᠨᠡᠢᠲᠡᠯᠡᠵᠦ᠂ ᠪᠤᠭᠤᠲᠤ ᠶᠢᠨ ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠡᠭᠦᠷᠭᠡᠯᠡᠭᠰᠡᠨ ᠬᠤᠪᠣᠷ ᠰᠢᠷᠤᠢ ᠶᠢᠨ ᠠᠵᠤ ᠦᠢᠯᠡᠰ ᠤᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ‍ᠤᠨ‌‍ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠨᠢ ᠪᠦᠬᠦ ᠤᠯᠤᠰ ᠤᠨ ᠰᠣᠩᠭᠤᠭᠳᠠᠭᠰᠠᠨ 5 ᠨᠢᠭᠡᠴᠡ ᠶᠢᠨ ᠨᠢᠭᠡ ᠪᠣᠯᠬᠤ ᠪᠥᠭᠡᠳ ᠪᠠᠰᠠ ᠴᠦ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠰᠣᠩᠭᠤᠭᠳᠠᠭᠰᠠᠨ ᠲᠤᠰ ᠲᠥᠷᠥᠯ ᠤᠨ ᠲᠥᠷᠥᠯ ᠵᠦᠢᠯ ᠪᠣᠯᠤᠨ᠎ᠠ᠃      ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠨᠢ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠪᠠᠷᠢᠮᠵᠢᠶᠠᠵᠢᠭᠤᠯᠤᠯᠲᠠ ᠵᠡᠷᠭᠡ ᠬᠠᠮᠢᠶ᠎ᠠ ᠪᠥᠬᠦᠶ ᠤᠯᠤᠰ ᠤᠨ ᠲᠠᠰ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠲᠥᠷᠥᠯ ᠵᠦᠢᠯ ᠤᠨ ᠳᠣᠲᠣᠷ᠎ᠠ ᠠᠴᠠ ᠰᠢᠯᠢᠨ ᠰᠣᠩᠭᠤᠬᠤ ᠶᠢ ᠱᠠᠭᠠᠷᠳᠠᠭᠰᠠᠨ ᠪᠥᠭᠡᠳ ᠪᠥᠬᠦ ᠤᠯᠤᠰ᠂ ᠭᠠᠵᠠᠷ ᠣᠷᠣᠨ ᠪᠤᠶᠤ ᠠᠵᠢᠯ ᠲᠥᠷᠥᠯ ᠳᠤ ᠢᠯᠡ ᠲᠣᠳᠣ ᠣᠨᠴᠠᠯᠢᠭ ᠪᠠ ᠨᠡᠯᠢᠶᠡᠳ ᠴᠢᠩᠭ᠎ᠠ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠲᠠᠢ ᠶᠤᠮ᠃ 2023 ᠣᠨ ᠤ 2 ᠰᠠᠷ᠎ᠠ ᠳᠤ᠂ ᠬᠤᠪᠣᠷ ᠰᠢᠷᠣᠶ ᠶᠢᠨ ᠠᠵᠤ ᠦᠢᠯᠡᠰ ᠤᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠲᠥᠷᠥᠯ ᠵᠦᠢᠯ ᠨᠢ ᠥᠨᠳᠥᠷ ᠬᠤᠪᠢ ᠪᠠᠷ ᠦᠨᠡᠯᠡᠨ ᠵᠢᠱᠢᠵᠦ ᠰᠢᠯᠭᠠᠨ ᠠᠪᠬᠤ ᠪᠠᠷ ᠳᠡᠮᠵᠢᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠳᠡᠮᠵᠢᠨ ᠵᠠᠰᠠᠭ ᠤᠨ ᠣᠷᠳᠣᠨ᠂ ᠠᠵᠤ ᠦᠢᠯᠡᠰ ᠤᠨ ᠬᠤᠯᠪᠣᠭ᠎ᠠ᠂ ᠠᠵᠤ ᠠᠬᠤᠶᠢᠯᠠᠯ ᠭᠤᠷᠪᠠᠨ ᠲᠠᠯ᠎ᠠ ᠶᠢᠨ ᠪᠦᠲᠦᠮᠵᠢᠲᠡᠶ ᠨᠡᠪᠲᠡᠷᠡᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠢᠯᠢᠳᠡᠭ ᠠᠵᠤ ᠠᠬᠤᠶᠢᠯᠠᠯ ᠤᠨ ᠬᠤᠪᠣᠷ ᠰᠢᠷᠣᠶ ᠶᠢᠨ ᠪᠠᠷᠢᠮᠵᠢᠶᠠᠵᠢᠭᠤᠯᠤᠯᠲᠠ ᠶᠢᠨ ᠬᠦᠷᠢᠶᠡᠨ ᠳᠠᠬᠢ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ᠂ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠬᠤ᠂ ᠪᠠᠷᠢᠮᠵᠢᠶᠠᠵᠢᠭᠤᠯᠬᠤ ᠲᠤᠷᠰᠢᠯᠲᠠ ᠶᠢᠨ ᠴᠡᠭ᠂ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠵᠡᠷᠭᠡ ᠲᠠᠯ᠎ᠠ ᠪᠠᠷ ᠪᠠᠷᠢᠮᠵᠢᠶᠠᠲᠤ ᠮᠡᠷᠭᠡᠵᠢᠯ ᠤᠨ ᠪᠦᠲᠦᠮᠵᠢᠲᠡᠶ ᠬᠠᠩᠭᠠᠯᠭ᠎ᠠ ᠶᠢ ᠲᠠᠰᠤᠷᠠᠯᠲᠠ ᠥᠬᠡᠶ ᠨᠡᠮᠡᠭᠳᠡᠭᠦᠯᠵᠦ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠳᠣᠲᠣᠷᠠᠬᠢ ᠠᠵᠤ ᠠᠬᠤᠶᠢᠯᠠᠯ ᠪᠠ ᠪᠠᠷᠢᠮᠵᠢᠶ᠎ᠠ ᠶᠢᠨ ᠬᠤᠯᠪᠣᠭ᠎ᠠ ᠨᠢ ᠡᠯ᠎ᠡ ᠲᠠᠰ ᠳᠠᠪᠬᠤᠷᠭ᠎ᠠ ᠶᠢᠨ ᠪᠠᠷᠢᠮᠵᠢᠶ᠎ᠠ ᠶᠢ ᠲᠣᠭᠲᠠᠭᠠᠬᠤ ᠳᠤ ᠨᠡᠶᠢᠲᠡ 160 ᠭᠠᠷᠤᠶ ᠵᠦᠢᠯ ᠤᠨ ᠣᠷᠣᠯᠴᠠᠵᠤ᠂ ᠣᠯᠠᠨ ᠤᠯᠤᠰ ᠤᠨ ᠪᠠᠷᠢᠮᠵᠢᠶ᠎ᠠ ᠶᠢ ᠨᠡᠶᠢᠲᠡᠯᠡᠵᠦ᠂ ᠪᠠᠷᠢᠮᠵᠢᠶᠠᠵᠢᠭᠤᠯᠬᠤ ᠠᠵᠢᠯᠯᠠᠭ᠎ᠠ ᠶᠢ 10 ᠭᠠᠷᠤᠶ ᠤᠳᠠᠭ᠎ᠠ ᠥᠷᠨᠢᠭᠦᠯᠵᠦ᠂ ᠣᠯᠠᠨ ᠤᠯᠤᠰ ᠤᠨ ᠪᠠᠷᠢᠮᠵᠢᠶᠠᠵᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠬᠤᠪᠣᠷ ᠰᠢᠷᠣᠶ ᠶᠢᠨ ᠮᠡᠷᠭᠡᠵᠢᠯ ᠤᠨ ᠵᠥᠪᠯᠡᠯ ᠤᠨ ᠳᠠᠩᠰᠠᠯᠠᠭᠤᠯᠤᠭᠰᠠᠨ ᠲᠤᠰᠬᠠᠶ ᠮᠡᠷᠭᠡᠵᠢᠯᠲᠡᠨ ᠲᠠᠢ ᠪᠣᠯᠵᠣ᠂ ᠣᠯᠠᠨ ᠤᠯᠤᠰ ᠤᠨ ᠪᠠᠷᠢᠮᠵᠢᠶᠠᠵᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ 5 ᠪᠦᠷᠢᠯᠳᠦᠬᠦᠨ ᠪᠥᠬᠦ ᠤᠯᠤᠰ ᠤᠨ ᠬᠤᠪᠣᠷ ᠰᠢᠷᠣᠶ ᠶᠢᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ᠤᠨ ᠭᠡᠰᠢᠭᠦᠨ ᠢᠶᠠᠷ ᠰᠣᠩᠭᠤᠭᠳᠠᠪᠠ᠃      ᠲᠣᠰ ᠲᠥᠷᠥᠯ ᠵᠦᠢᠯ ᠢ ᠡᠯᠰᠡᠨ ᠴᠤᠭᠯᠠᠭᠤᠯᠤᠭᠰᠠᠨ ᠡᠬᠢᠨ ᠤ ᠬᠤᠭᠤᠴᠠᠭᠠᠨ ᠳᠤ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ ᠪᠠ ᠮᠠᠨ ᠤ ᠬᠤᠲᠠ ᠶᠢᠨ ᠬᠤᠪᠣᠷ ᠰᠢᠷᠣᠶ ᠶᠢᠨ ᠠᠵᠤ ᠦᠢᠯᠡᠰ ᠤᠨ ᠣᠨᠴᠠᠯᠢᠭ ᠢ ᠦᠨᠳᠦᠰᠦᠯᠡᠨ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠳᠡᠮᠵᠢᠯᠭᠡ ᠶᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠣᠯᠵᠤ᠂ ᠲᠥᠷᠥᠯ ᠵᠦᠢᠯ ᠤᠨ ᠣᠳᠣᠬᠢ ᠪᠠᠶᠢᠳᠠᠯ᠂ ᠪᠠᠷᠢᠮᠵᠢᠶᠠᠵᠢᠭᠤᠯᠬᠤ ᠠᠵᠢᠯ ᠤᠨ ᠰᠠᠭᠤᠷᠢ᠂ ᠭᠤᠤᠯ ᠪᠣᠯᠬᠤ ᠪᠥᠲᠥᠭᠡᠨ ᠪᠠᠶᠢᠭᠤᠯᠤᠯᠲᠠ ᠶᠢᠨ ᠠᠭᠤᠯᠭ᠎ᠠ᠂ ᠵᠢᠱᠢᠭᠰᠡᠨ ᠬᠠᠷᠠᠯᠲᠠ ᠶᠢᠨ ᠪᠠᠶᠢᠷᠢᠯᠠᠭᠤᠯᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ ᠵᠢᠴᠢ ᠪᠡᠶᠡᠯᠡᠭᠦᠯᠵᠦ ᠪᠣᠯᠬᠤ ᠬᠡᠮᠵᠢᠶ᠎ᠡ᠂ ᠠᠵᠢᠯ ᠤᠨ ᠰᠡᠳᠬᠢᠴᠡ᠂ ᠠᠬᠢᠴᠠ ᠶᠢᠨ ᠲᠣᠬᠢᠷᠠᠭᠤᠯᠤᠯᠲᠠ ᠵᠢᠴᠢ ᠵᠣᠬᠢᠴᠠᠩᠭᠤᠶ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠶᠢ ᠪᠥᠬᠦ ᠲᠠᠯ᠎ᠠ ᠪᠠᠷ ᠬᠢᠨᠠᠨ ᠬᠠᠷᠭᠤᠭᠤᠯᠵᠤ᠂ ᠭᠤᠶᠤᠴᠢᠯᠠᠨ ᠮᠡᠳᠡᠭᠦᠯᠬᠦ ᠨᠢᠭᠡᠴᠡ ᠶᠢ ᠵᠢᠯᠣᠭᠤᠳᠤᠨ ᠲᠤᠰᠬᠠᠶ ᠮᠡᠷᠭᠡᠵᠢᠯ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠭᠤᠶᠤᠴᠢᠯᠠᠨ ᠮᠡᠳᠡᠭᠦᠯᠬᠦ ᠲᠥᠰᠦᠯ ᠢ ᠵᠣᠯᠭᠠᠭᠤᠯᠪᠠ᠃      ︽ᠤᠯᠤᠰ ᠤᠨ ᠪᠠᠷᠢᠮᠵᠢᠶ᠎ᠠ ᠶᠢᠨ ᠵᠥᠪᠯᠡᠯ ᠤᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾᠎ ᠤᠨ ᠵᠣᠷᠢᠭ ᠰᠠᠨᠠᠭ᠎ᠠ ᠶᠣᠰᠣᠭᠠᠷ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠳᠠᠭᠠᠭᠠᠨ ᠡᠭᠦᠷᠭᠡᠯᠡᠭᠰᠡᠨ ᠨᠢᠭᠡᠴᠡ ᠶᠢᠨ ᠬᠤᠪᠣᠷ ᠰᠢᠷᠣᠶ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠠᠩᠬᠠᠨ ᠤ ᠰᠢᠨ᠎ᠡ ᠡᠭᠦᠳᠦᠯᠲᠡ ᠪᠠ ᠬᠤᠷᠠᠮᠠᠯ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠠᠵᠤ ᠦᠢᠯᠡᠰ᠂ ᠰᠤᠷᠤᠯᠴᠠᠬᠤ᠂ ᠰᠤᠳᠤᠯᠬᠤ᠂ ᠬᠡᠷᠡᠭᠯᠡᠬᠦ᠂ ᠠᠭᠤᠰᠤᠯᠴᠠᠬᠤ᠂ ᠬᠡᠮᠵᠢᠬᠦ ᠵᠡᠷᠭᠡ ᠬᠥᠭᠵᠢᠯᠲᠡ ᠶᠢᠨ ᠠᠯᠢ ᠣᠯᠠᠨ ᠬᠦᠴᠦᠨ ᠵᠦᠢᠯ ᠢ ᠤᠯᠠᠮ ᠨᠢᠭᠡ ᠠᠯᠬᠤᠮ ᠲᠥᠪᠯᠡᠷᠡᠭᠦᠯᠦᠨ᠂ ᠲᠡᠷᠢᠭᠦᠨ ᠤ ᠬᠡᠷᠡᠭᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠴᠠᠭ ᠲᠤᠬᠠᠶ ᠳᠤᠨᠢ ᠪᠠᠷᠢᠮᠵᠢᠶ᠎ᠠ ᠳᠤ ᠠᠭᠤᠰᠤᠯᠴᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ᠂ ᠪᠠᠷᠢᠮᠵᠢᠶ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠠᠵᠤ ᠦᠢᠯᠡᠰᠵᠢᠯᠲᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠪᠠᠷᠢᠮᠵᠢᠶᠠᠵᠢᠭᠤᠯᠤᠯᠲᠠ ᠪᠠᠷ ᠬᠤᠪᠣᠷ ᠰᠢᠷᠣᠶ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号