ᠠᠵᠤ ᠠᠬᠤᠢ ᠶᠢᠨ ᠬᠥᠭᠵᠢᠯᠲᠡ ᠶᠢᠨ ᠲᠣᠪᠴᠢᠶ᠎ᠠ᠄ | ᠪᠠᠶᠢᠭᠤᠯᠤᠮᠵᠢ ᠶᠢᠨ ᠡᠭᠦᠷᠭᠡ ᠴᠢᠳᠠᠪᠤᠷᠢ᠄ ᠠᠵᠤ ᠠᠬᠤᠢ ᠶᠢᠨ ᠬᠥᠭᠵᠢᠯᠲᠡ ᠶᠢᠨ ᠳᠤᠮᠳᠠ ᠣᠷᠳᠣ | ᠬᠤᠭᠤᠴᠠᠭᠠᠨ ᠤ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ᠂ ᠠᠵᠤ ᠦᠢᠯᠡᠰ ᠤᠨ ᠪᠦᠲᠦᠴᠡ ᠶᠢ | ᠲᠣᠬᠢᠷᠠᠭᠤᠯᠬᠤ ᠪᠠ ᠰᠢᠯᠢᠳᠡᠭᠵᠢᠭᠦᠯᠦᠨ ᠲᠠᠰ ᠳᠡᠪᠰᠢᠭᠦᠯᠬᠦ ᠠᠵᠢᠯ ᠢ ᠠᠬᠢᠭᠤᠯᠤᠨ᠎ᠠ᠃ ᠴᠢᠨᠠᠷ ᠰᠠᠶᠢᠲᠠᠢ | ᠬᠥᠭᠵᠢᠯᠲᠡ ᠶᠢᠨ ᠡᠯᠧᠮᠧᠨ᠋ᠲ ᠤᠨ ᠡᠬᠢ ᠪᠠᠶᠠᠯᠢᠭ ᠢ ᠬᠤᠷᠠᠮᠳᠤᠭᠤᠯᠬᠤ ᠲᠤᠬᠠᠢ ᠰᠤᠳᠤᠯᠤᠨ ᠲᠣᠭᠲᠠᠭᠠᠨ᠎ᠠ ᠂ ᠠᠵᠤ | ᠦᠢᠯᠡᠰ ᠤᠨ ᠪᠦᠯᠦᠭᠵᠢᠯ ᠢ ᠪᠤᠢ ᠪᠣᠯᠭᠠᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠵᠤ ᠠᠬᠤᠢ ᠶᠢᠨ ᠬᠥᠭᠵᠢᠯᠲᠡ ᠢ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠴᠢᠬᠤᠯᠠ ᠶᠡᠭᠡ ᠲᠥᠷᠥᠯ ᠵᠦᠢᠯ ᠤᠨ ᠬᠠᠮᠢᠶᠠᠷᠤᠯᠲᠠ ᠵᠡᠷᠭᠡ ᠠᠵᠢᠯ ᠢ | ᠬᠠᠷᠢᠭᠤᠴᠠᠨ᠎ᠠ᠃ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠬᠦ᠂ ᠪᠦᠷᠢᠳᠬᠡᠬᠦ ᠪᠠ ᠬᠤᠳᠠᠯᠳᠤᠭᠠᠨ ᠤ ᠶᠠᠪᠤᠳᠠᠯ | ᠵᠡᠷᠭᠡ ᠠᠵᠢᠯ ᠢ ᠬᠠᠷᠢᠭᠤᠴᠠᠨ᠎ᠠ᠃ | ᠪᠠᠶᠢᠭᠤᠯᠤᠮᠵᠢ ᠶᠢᠨ ᠲᠣᠬᠢᠷᠠᠭᠤᠯᠤᠯᠲᠠ᠄ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ᠂ | ᠬᠤᠳᠠᠯᠳᠤᠭᠠᠨ ᠤ ᠶᠠᠪᠤᠳᠠᠯ ᠤᠨ ᠰᠠᠯᠠᠭ᠎ᠠ᠂ ᠲᠤᠭ᠎ᠠ ᠪᠦᠷᠢᠳᠬᠡᠯ ᠤᠨ ᠰᠠᠯᠠᠭ᠎ᠠ ᠵᠢᠴᠢ ᠠᠯᠪᠠᠨ ᠭᠡᠷ ᠵᠡᠷᠭᠡ ᠳᠥᠷᠪᠡᠨ | ᠰᠠᠯᠠᠭ᠎ᠠ ᠲᠠᠰᠤᠭ ᠰᠢᠨ᠎ᠡ ᠪᠠᠷ ᠪᠠᠶᠢᠭᠤᠯᠤᠨ᠎ᠠ᠃ | ᠠᠵᠢᠯ ᠲᠥᠷᠥᠯ ᠤᠨ ᠨᠢᠭᠡᠴᠡ ᠨᠢ ᠬᠤᠲᠠ ᠶᠢᠨ ᠨᠠᠮ ᠤᠨ ᠬᠤᠷᠢᠶ᠎ᠠ ᠶᠢᠨ ᠡᠳ᠋ ᠤᠨ ᠵᠠᠰᠠᠭ ᠠᠵᠤ | ᠠᠬᠤᠢ ᠶᠢᠨ ᠵᠥᠪᠯᠡᠯ ᠤᠨ ᠠᠯᠪᠠᠨ ᠭᠡᠷ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ᠂ ᠬᠤᠲᠠ ᠶᠢᠨ ᠠᠮᠤ ᠪᠤᠳᠠᠭ᠎ᠠ | ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠤᠨ ᠬᠥᠭᠵᠢᠭᠦᠯᠬᠦ ᠵᠥᠪᠯᠡᠯ ᠤᠨ ᠠᠯᠪᠠᠨ ᠭᠡᠷ᠂ ᠬᠤᠲᠠ ᠶᠢᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠠᠯᠪᠠᠨ ᠭᠡᠷ᠂ ᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠬᠤᠲᠠ ᠶᠢᠨ ᠠᠷᠠᠯᠵᠢᠶ᠎ᠠ ᠶᠢ | ᠠᠬᠢᠭᠤᠯᠬᠤ ᠵᠥᠪᠯᠡᠯ ᠵᠡᠷᠭᠡ ᠰᠠᠯᠠᠭ᠎ᠠ ᠮᠥᠴᠢᠷ ᠤᠳ ᠠᠵᠢᠯ ᠢᠶᠠᠨ ᠥᠷᠨᠢᠭᠦᠯᠦᠨ᠎ᠡ᠃ | ᠠᠯᠪᠠᠯᠠᠬᠤ ᠭᠠᠵᠠᠷ᠄ ᠪᠢᠨ ᠾᠧ ᠲᠣᠮᠣ ᠠᠰᠠᠷ ᠤᠨ 517 ᠲᠠᠰᠤᠭ | ᠰᠢᠤᠳᠠᠨ ᠳ᠋ᠤᠭᠠᠷ᠄ 014060 | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ 9᠄ 00 ︱ 12᠄ 00᠂ 13᠄ 30 ︱ 17᠄ 00 | ᠬᠠᠷᠢᠯᠴᠠᠬᠤ ᠤᠲᠠᠰᠤ᠄ 0472 ︱ 5255517 | ᠬᠠᠷᠢᠭᠤᠴᠠᠯᠭᠠᠲᠠᠨ᠄ ᠵᠠᠢ ᠶᠤᠸᠠᠢ ᠷᠦᠩ |