ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠣᠪᠴᠢᠶ᠎ᠠ᠄ | ᠪᠠᠶᠢᠭᠤᠯᠤᠮᠵᠢ ᠶᠢᠨ ᠡᠭᠦᠷᠭᠡ ᠴᠢᠳᠠᠪᠤᠷᠢ᠄ ᠡᠳ᠋ ᠤᠨ ᠵᠠᠰᠠᠭ ᠤᠨ ᠬᠥᠭᠵᠢᠯᠲᠡ ᠶᠢᠨ ᠲᠥᠯᠥᠪᠯᠡᠭᠡ | ᠲᠣᠭᠲᠠᠭᠠᠬᠤ ᠶᠢ ᠬᠠᠷᠢᠭᠤᠴᠠᠵᠤ᠂ ᠬᠠᠮᠢᠶ᠎ᠠ ᠪᠦᠬᠦᠢ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ | ᠣᠷᠣᠯᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ ᠤᠨ ᠬᠥᠮᠥᠷᠭᠡ᠂ ᠵᠠᠰᠠᠭ ᠤᠨ | ᠣᠷᠳᠣᠨ ᠤ ᠬᠤᠳᠠᠯᠳᠤᠨ ᠠᠪᠬᠤ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠲᠣᠭᠲᠠᠭᠠᠬᠤ᠂ | ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠵᠢᠴᠢ ᠲᠥᠰᠥᠪ ᠪᠠ ᠲᠥᠰᠥᠪ ᠤᠨ ᠭᠦᠢᠴᠡᠳᠬᠡᠯ | ᠵᠡᠷᠭᠡ ᠠᠵᠢᠯ ᠢ ᠬᠠᠷᠢᠭᠤᠴᠠᠨ᠎ᠠ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠪᠠ ᠥᠷᠢ ᠥᠭᠴᠡᠭᠡᠨ ᠤ | ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠥᠭᠡᠷᠡᠴᠢᠯᠡᠯᠲᠡ ᠬᠢᠵᠦ ᠳᠠᠬᠢᠨ ᠵᠣᠬᠢᠶᠠᠨ ᠪᠠᠶᠢᠭᠤᠯᠬᠤ ᠵᠡᠷᠭᠡ | ᠠᠵᠢᠯ ᠢ ᠬᠠᠷᠢᠭᠤᠴᠠᠨ᠎ᠠ᠃ᠳᠡᠭᠡᠳᠦ ᠱᠠᠲᠤᠨ ᠤ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠲᠦᠷᠦ ᠶᠢᠨ | ᠪᠣᠳᠣᠯᠭ᠎ᠠ ᠪᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠮᠥᠩᠭᠦᠨ ᠭᠦᠢᠯᠭᠡᠭᠡᠨ ᠤ | ᠬᠥᠭᠵᠢᠯᠲᠡ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ | ᠪᠠᠶᠢᠭᠤᠯᠤᠮᠵᠢ ᠶᠢᠨ ᠲᠣᠬᠢᠷᠠᠭᠤᠯᠤᠯᠲᠠ᠄ ᠶᠡᠷᠦᠩᠬᠡᠶᠢᠯᠡᠭᠰᠡᠨ ᠰᠠᠯᠠᠭ᠎ᠠ᠂ ᠤᠯᠤᠰ ᠤᠨ ᠬᠥᠮᠥᠷᠭᠡ ᠶᠢᠨ | ᠲᠥᠰᠥᠪ ᠤᠨ ᠰᠠᠯᠠᠭ᠎ᠠ ᠵᠢᠴᠢ ᠪᠡᠯᠡ ᠲᠣᠬᠢᠷᠠᠭᠤᠯᠭ᠎ᠠ ᠶᠢᠨ ᠬᠤᠷᠰᠢᠶᠠᠯᠠᠯ ᠤᠨ ᠰᠠᠯᠠᠭ᠎ᠠ ︵ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠰᠠᠯᠠᠭ᠎ᠠ︶ ᠵᠡᠷᠭᠡ ᠭᠤᠷᠪᠠᠨ ᠰᠠᠯᠠᠭ᠎ᠠ ᠲᠠᠰᠤᠭ ᠲᠠᠢ | ᠠᠯᠪᠠᠯᠠᠬᠤ ᠭᠠᠵᠠᠷ᠄ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠢᠨ ᠾᠧ ᠲᠣᠮᠣ ᠠᠰᠠᠷ ᠤᠨ | 519 ᠥᠷᠥᠭᠡ | ᠰᠢᠤᠳᠠᠨ ᠳ᠋ᠤᠭᠠᠷ᠄ 014060 | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ 9᠄ 00 ︱ 12᠄ 00᠂ 13᠄ 30 ︱ 17᠄ 00 | ᠬᠠᠷᠢᠯᠴᠠᠬᠤ ᠤᠲᠠᠰᠤ᠄ 0472 ︱ 5255519 | ᠬᠠᠷᠢᠭᠤᠴᠠᠯᠭᠠᠲᠠᠨ᠄ ᠮᠤᠤ ᠸᠧᠨ ᠪᠢᠨ |