︽ᠬᠡᠮᠵᠢᠯᠳᠡ︾᠎ ᠶᠢᠨ ᠠᠵᠢᠯᠯᠠᠭ᠎ᠠ ᠨᠡᠶᠢᠭᠡᠮ ᠲᠣᠭᠤᠷᠢᠭ ᠲᠤ ᠦᠷᠨᠢᠵᠣ᠂ ᠣᠯᠠᠨ ᠲᠦᠮᠡᠨ ᠳᠤ ᠦᠶ᠎ᠡ ᠵᠠᠢ ᠦᠭᠡᠢ ᠦᠢᠯᠡᠴᠢᠯᠡᠭᠡ ᠬᠠᠩᠭᠠᠨ᠎ᠠ
ᠨᠡᠶᠢᠲᠡᠯᠡᠭᠰᠡᠨ ᠴᠠᠭ᠄
2023/12/7
   12 ᠳ᠋ᠤᠭᠠᠷ ᠰᠠᠷ᠎ᠠ ᠶᠢᠨ 7᠎ ᠤ ᠡᠳᠦᠷ᠂ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠬᠤᠪᠢᠶᠠᠷᠢ ᠲᠣᠪᠴᠢᠶ᠎ᠠ ︽ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠵᠦ᠂ ᠬᠡᠮᠵᠢᠯᠲᠡ ᠪᠠᠷ ᠠᠷᠠᠳ ᠲᠤ ᠠᠰᠢᠭ ᠬᠦᠷᠲᠡᠭᠡᠬᠦ ᠨᠡᠶᠢᠭᠡᠮ ᠲᠣᠭᠤᠷᠢᠭ ᠢ ᠳᠠᠭᠠᠭᠠᠴᠢᠯᠠᠨ ᠬᠤᠯᠪᠣᠭᠠᠯᠠᠬᠤ︾ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠶᠢᠨ ᠳᠤᠮᠳᠠ᠂ ᠠᠵᠢᠯᠲᠠᠳ ᠨᠡᠶᠢᠭᠡᠮ ᠣᠷᠣᠨ ᠤ ᠰᠠᠭᠤᠭᠠᠯᠢ ᠠᠷᠠᠳ ᠲᠤ ᠮᠥᠩᠭᠦᠨ ᠤᠰᠤᠨ ᠤ ᠴᠢᠰᠤᠨ ᠳᠠᠷᠤᠯᠲᠠ ᠶᠢᠨ ᠬᠡᠮᠵᠢᠭᠦᠷ ᠪᠠ ᠡᠯᠧᠺᠲᠷᠣᠨ ᠴᠢᠰᠤᠨ ᠳᠠᠷᠤᠯᠲᠠ ᠶᠢᠨ ᠬᠡᠮᠵᠢᠭᠦᠷ ᠢ ᠰᠦᠢᠳᠬᠡᠯ ᠬᠤᠷᠢᠶᠠᠬᠤ ᠦᠭᠡᠢ ᠪᠠᠷ ᠬᠠᠷᠭᠤᠭᠤᠯᠤᠨ ᠥᠭᠴᠦ᠂ ᠴᠢᠰᠤᠨ ᠳᠠᠷᠤᠯᠲᠠ ᠶᠢᠨ ᠬᠡᠮᠵᠢᠭᠦᠷ ᠢ ᠬᠡᠷᠡᠭᠯᠡᠬᠦ ᠳᠤ ᠠᠩᠬᠠᠷᠬᠤ ᠵᠦᠢᠯᠡᠰ ᠪᠠ ᠡᠳᠦᠷ ᠲᠤᠲᠤᠮ ᠤᠨ ᠬᠠᠮᠠᠭᠠᠯᠠᠯᠲᠠ ᠶᠢ ᠬᠦᠯᠢᠴᠡᠩᠭᠦᠢ ᠪᠥᠭᠡᠳ ᠨᠠᠷᠢᠨ ᠨᠢᠮᠪᠠᠢ ᠤᠬᠠᠭᠤᠯᠤᠨ ᠲᠠᠶᠢᠯᠪᠤᠷᠢᠯᠠᠵᠤ᠂ ᠨᠡᠶᠢᠭᠡᠮ ᠣᠷᠣᠨ ᠤ ᠰᠠᠭᠤᠭᠠᠯᠢ ᠠᠷᠠᠳ ᠤᠨ ᠡᠳᠦᠷ ᠲᠤᠲᠤᠮ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠨᠠᠩ ᠰᠢᠨᠵᠢᠯᠡᠬᠦ ᠤᠬᠠᠭᠠᠨᠴᠢ ᠪᠥᠭᠡᠳ ᠨᠠᠷᠢᠯᠢᠭ ᠣᠨᠣᠴᠠᠲᠠᠢ ᠪᠣᠯᠭᠠᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ ᠨᠡᠶᠢᠭᠡᠮ ᠣᠷᠣᠨ ᠤ ᠣᠯᠠᠨ ᠲᠦᠮᠡᠨ ᠳᠤ ᠬᠡᠮᠵᠢᠯᠲᠡ ᠶᠢᠨ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠬᠡᠮᠵᠢᠯᠲᠡ ᠶᠢᠨ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠨ᠂ ᠣᠯᠠᠨ ᠲᠦᠮᠡᠨ ᠲᠠᠢ ᠨᠢᠭᠤᠷᠲᠠᠨ᠂ ᠰᠡᠳᠬᠢᠯ ᠢᠶᠠᠨ ᠮᠡᠳᠡᠯᠴᠡᠵᠦ ᠂ ᠬᠡᠮᠵᠢᠯᠲᠡ ᠶᠢᠨ ᠤᠬᠠᠭᠤᠯᠭ᠎ᠠ ᠪᠠ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠠᠵᠢᠯᠲᠠᠨ ᠢ ᠦᠨᠡᠨ ᠪᠣᠳᠠᠲᠠᠢ ᠪᠠᠷ ᠰᠠᠶᠢᠲᠤᠷ ᠬᠢᠬᠦ ᠬᠡᠷᠡᠭᠲᠡᠢ᠃
   ᠠᠵᠢᠯᠯᠠᠭ᠎ᠠ ᠶᠢᠨ ᠠᠬᠤᠢ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠨᠡᠶᠢᠭᠡᠮ ᠣᠷᠣᠨ ᠎ ᠤ ᠰᠠᠭᠤᠭᠠᠯᠢ ᠠᠷᠠᠳ ᠤᠨ ᠬᠡᠯᠡᠬᠦ ᠪᠠᠷ᠂ ᠭᠡᠷ ᠤᠨ ᠨᠠᠰᠤᠲᠠᠨ ᠲᠠᠢ ᠬᠥᠮᠥᠰ ᠦᠨᠳᠦᠰᠦᠨ ᠳᠡᠭᠡᠨ ᠴᠥᠮ ᠨᠢᠭᠡ ᠴᠢᠰᠤᠨ ᠳᠠᠷᠤᠯᠲᠠ ᠶᠢᠨ ᠬᠡᠮᠵᠢᠭᠦᠷ ᠪᠡᠯᠡᠳᠬᠡᠳᠡᠭ᠂ ᠲᠦᠭᠦᠭᠡᠷᠦᠮᠵᠢ ᠶᠢ ᠬᠡᠷᠡᠭᠯᠡᠭᠰᠡᠨ ᠴᠠᠭ ᠨᠢ ᠣᠷᠳᠣ ᠪᠣᠯᠤᠭᠰᠠᠨ ᠎ ᠠᠴᠠ ᠣᠨᠣᠪᠴᠢᠲᠠᠶ ᠡᠰᠡᠬᠦ ᠶᠢ ᠮᠡᠳᠡᠬᠦ ᠦᠭᠡᠢ ᠠᠰᠠᠭᠤᠳᠠᠯ ᠣᠷᠣᠰᠢᠵᠣ ᠪᠠᠶᠢᠳᠠᠭ᠂ ᠲᠤᠬᠠᠢ ᠶᠢᠨ ᠲᠠᠯᠠᠪᠤᠷ ᠤᠨ ᠮᠡᠷᠭᠡᠵᠢᠯ ᠤᠨ ᠠᠵᠢᠯᠲᠠᠨ ᠢᠶᠠᠷ ᠰᠢᠯᠭᠠᠨ ᠲᠣᠭᠲᠠᠭᠠᠯᠭᠠᠭᠠᠳ ᠬᠡᠷᠡᠭᠯᠡᠮᠡᠭᠴᠡ ᠰᠠᠨᠠᠭ᠎ᠠ ᠠᠮᠠᠷᠠᠴᠢᠬᠠᠳᠠᠭ᠂ ᠡᠶᠢᠮᠦᠷᠬᠦ ᠦᠢᠯᠡᠴᠢᠯᠡᠭᠡ ᠨᠢ ᠦᠨᠡᠬᠡᠷ ᠮᠠᠰᠢ ᠳᠣᠲᠣᠨᠣ ᠪᠠᠶᠢᠵᠤ᠂ ᠠᠷᠠᠳ ᠢᠷᠭᠡᠳ ᠤᠨ ᠠᠮᠢᠳᠤᠷᠠᠯ ᠳᠤ ᠦᠨᠡᠨ ᠬᠦ ᠲᠥᠬᠦᠮ ᠦᠵᠡᠭᠦᠯᠪᠠ᠃    ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠣᠷᠣᠨ ᠤ ᠰᠠᠭᠤᠭᠠᠯᠢ ᠠᠷᠠᠳ ᠤᠨ ᠬᠡᠮᠵᠢᠯᠲᠡ ᠶᠢᠨ ᠪᠠᠭᠠᠵᠢ ᠬᠡᠷᠡᠭᠰᠡᠯ ᠢ ᠵᠢᠷᠤᠮᠵᠢᠭᠤᠯᠤᠨ ᠬᠡᠷᠡᠭᠯᠡᠬᠦ ᠶᠢ ᠳᠡᠭᠡᠭᠰᠢᠯᠡᠭᠦᠯᠵᠦ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠨᠠᠩ ᠰᠠᠶᠢᠨ ᠬᠢᠵᠦ᠂ ᠣᠯᠠᠨ ᠲᠦᠮᠡᠨ ᠳᠤ ᠦᠨᠡᠨ ᠬᠦ ᠪᠣᠳᠠᠲᠠᠢ ᠶᠠᠪᠤᠳᠠᠯ᠂ ᠰᠠᠶᠢᠨ ᠶᠠᠪᠤᠳᠠᠯ ᠬᠢᠵᠦ᠂ ᠬᠡᠮᠵᠢᠯᠲᠡ ᠶᠢᠨ ᠦᠢᠯᠡᠴᠢᠯᠡᠭᠡ ᠶᠢ ᠣᠯᠠᠨ ᠲᠦᠮᠡᠨ ᠤ ᠳᠡᠷᠭᠡᠳᠡ ᠬᠦᠷᠭᠡᠵᠦ ᠴᠢᠳᠠᠭᠰᠠᠨ ᠪᠠᠶᠢᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号