︽ᠬᠡᠮᠵᠢᠯᠳᠡ︾ ᠶᠢᠨ ᠠᠵᠢᠯᠯᠠᠭ᠎ᠠ ᠨᠡᠶᠢᠭᠡᠮ ᠲᠣᠭᠤᠷᠢᠭ ᠲᠤ ᠦᠷᠨᠢᠵᠣ᠂ ᠣᠯᠠᠨ ᠲᠦᠮᠡᠨ ᠳᠤ ᠦᠶ᠎ᠡ ᠵᠠᠢ ᠦᠭᠡᠢ ᠦᠢᠯᠡᠴᠢᠯᠡᠭᠡ ᠬᠠᠩᠭᠠᠨ᠎ᠠ
ᠨᠡᠶᠢᠲᠡᠯᠡᠭᠰᠡᠨ ᠴᠠᠭ᠄
2023/12/7
   12 ᠳ᠋ᠤᠭᠠᠷ ᠰᠠᠷ᠎ᠠ ᠶᠢᠨ 7 ᠤ ᠡᠳᠦᠷ᠂ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠬᠤᠪᠢᠶᠠᠷᠢ ᠲᠣᠪᠴᠢᠶ᠎ᠠ ︽ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠵᠦ᠂ ᠬᠡᠮᠵᠢᠯᠲᠡ ᠪᠠᠷ ᠠᠷᠠᠳ ᠲᠤ ᠠᠰᠢᠭ ᠬᠦᠷᠲᠡᠭᠡᠬᠦ ᠨᠡᠶᠢᠭᠡᠮ ᠲᠣᠭᠤᠷᠢᠭ ᠢ ᠳᠠᠭᠠᠭᠠᠴᠢᠯᠠᠨ ᠬᠤᠯᠪᠣᠭᠠᠯᠠᠬᠤ︾ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠶᠢᠨ ᠳᠤᠮᠳᠠ᠂ ᠠᠵᠢᠯᠲᠠᠳ ᠨᠡᠶᠢᠭᠡᠮ ᠣᠷᠣᠨ ᠤ ᠰᠠᠭᠤᠭᠠᠯᠢ ᠠᠷᠠᠳ ᠲᠤ ᠮᠥᠩᠭᠦᠨ ᠤᠰᠤᠨ ᠤ ᠴᠢᠰᠤᠨ ᠳᠠᠷᠤᠯᠲᠠ ᠶᠢᠨ ᠬᠡᠮᠵᠢᠭᠦᠷ ᠪᠠ ᠡᠯᠧᠺᠲᠷᠣᠨ ᠴᠢᠰᠤᠨ ᠳᠠᠷᠤᠯᠲᠠ ᠶᠢᠨ ᠬᠡᠮᠵᠢᠭᠦᠷ ᠢ ᠰᠦᠢᠳᠬᠡᠯ ᠬᠤᠷᠢᠶᠠᠬᠤ ᠦᠭᠡᠢ ᠪᠠᠷ ᠬᠠᠷᠭᠤᠭᠤᠯᠤᠨ ᠥᠭᠴᠦ᠂ ᠴᠢᠰᠤᠨ ᠳᠠᠷᠤᠯᠲᠠ ᠶᠢᠨ ᠬᠡᠮᠵᠢᠭᠦᠷ ᠢ ᠬᠡᠷᠡᠭᠯᠡᠬᠦ ᠳᠤ ᠠᠩᠬᠠᠷᠬᠤ ᠵᠦᠢᠯᠡᠰ ᠪᠠ ᠡᠳᠦᠷ ᠲᠤᠲᠤᠮ ᠤᠨ ᠬᠠᠮᠠᠭᠠᠯᠠᠯᠲᠠ ᠶᠢ ᠬᠦᠯᠢᠴᠡᠩᠭᠦᠢ ᠪᠥᠭᠡᠳ ᠨᠠᠷᠢᠨ ᠨᠢᠮᠪᠠᠢ ᠤᠬᠠᠭᠤᠯᠤᠨ ᠲᠠᠶᠢᠯᠪᠤᠷᠢᠯᠠᠵᠤ᠂ ᠨᠡᠶᠢᠭᠡᠮ ᠣᠷᠣᠨ ᠤ ᠰᠠᠭᠤᠭᠠᠯᠢ ᠠᠷᠠᠳ ᠤᠨ ᠡᠳᠦᠷ ᠲᠤᠲᠤᠮ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠨᠠᠩ ᠰᠢᠨᠵᠢᠯᠡᠬᠦ ᠤᠬᠠᠭᠠᠨᠴᠢ ᠪᠥᠭᠡᠳ ᠨᠠᠷᠢᠯᠢᠭ ᠣᠨᠣᠴᠠᠲᠠᠢ ᠪᠣᠯᠭᠠᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ ᠨᠡᠶᠢᠭᠡᠮ ᠣᠷᠣᠨ ᠤ ᠣᠯᠠᠨ ᠲᠦᠮᠡᠨ ᠳᠤ ᠬᠡᠮᠵᠢᠯᠲᠡ ᠶᠢᠨ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠬᠡᠮᠵᠢᠯᠲᠡ ᠶᠢᠨ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠨ᠂ ᠣᠯᠠᠨ ᠲᠦᠮᠡᠨ ᠲᠠᠢ ᠨᠢᠭᠤᠷᠲᠠᠨ᠂ ᠰᠡᠳᠬᠢᠯ ᠢᠶᠠᠨ ᠮᠡᠳᠡᠯᠴᠡᠵᠦ ᠂ ᠬᠡᠮᠵᠢᠯᠲᠡ ᠶᠢᠨ ᠤᠬᠠᠭᠤᠯᠭ᠎ᠠ ᠪᠠ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠠᠵᠢᠯᠲᠠᠨ ᠢ ᠦᠨᠡᠨ ᠪᠣᠳᠠᠲᠠᠢ ᠪᠠᠷ ᠰᠠᠶᠢᠲᠤᠷ ᠬᠢᠬᠦ ᠬᠡᠷᠡᠭᠲᠡᠢ᠃
   ᠠᠵᠢᠯᠯᠠᠭ᠎ᠠ ᠶᠢᠨ ᠠᠬᠤᠢ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠨᠡᠶᠢᠭᠡᠮ ᠣᠷᠣᠨ  ᠤ ᠰᠠᠭᠤᠭᠠᠯᠢ ᠠᠷᠠᠳ ᠤᠨ ᠬᠡᠯᠡᠬᠦ ᠪᠠᠷ᠂ ᠭᠡᠷ ᠤᠨ ᠨᠠᠰᠤᠲᠠᠨ ᠲᠠᠢ ᠬᠥᠮᠥᠰ ᠦᠨᠳᠦᠰᠦᠨ ᠳᠡᠭᠡᠨ ᠴᠥᠮ ᠨᠢᠭᠡ ᠴᠢᠰᠤᠨ ᠳᠠᠷᠤᠯᠲᠠ ᠶᠢᠨ ᠬᠡᠮᠵᠢᠭᠦᠷ ᠪᠡᠯᠡᠳᠬᠡᠳᠡᠭ᠂ ᠲᠦᠭᠦᠭᠡᠷᠦᠮᠵᠢ ᠶᠢ ᠬᠡᠷᠡᠭᠯᠡᠭᠰᠡᠨ ᠴᠠᠭ ᠨᠢ ᠣᠷᠳᠣ ᠪᠣᠯᠤᠭᠰᠠᠨ  ᠠᠴᠠ ᠣᠨᠣᠪᠴᠢᠲᠠᠶ ᠡᠰᠡᠬᠦ ᠶᠢ ᠮᠡᠳᠡᠬᠦ ᠦᠭᠡᠢ ᠠᠰᠠᠭᠤᠳᠠᠯ ᠣᠷᠣᠰᠢᠵᠣ ᠪᠠᠶᠢᠳᠠᠭ᠂ ᠲᠤᠬᠠᠢ ᠶᠢᠨ ᠲᠠᠯᠠᠪᠤᠷ ᠤᠨ ᠮᠡᠷᠭᠡᠵᠢᠯ ᠤᠨ ᠠᠵᠢᠯᠲᠠᠨ ᠢᠶᠠᠷ ᠰᠢᠯᠭᠠᠨ ᠲᠣᠭᠲᠠᠭᠠᠯᠭᠠᠭᠠᠳ ᠬᠡᠷᠡᠭᠯᠡᠮᠡᠭᠴᠡ ᠰᠠᠨᠠᠭ᠎ᠠ ᠠᠮᠠᠷᠠᠴᠢᠬᠠᠳᠠᠭ᠂ ᠡᠶᠢᠮᠦᠷᠬᠦ ᠦᠢᠯᠡᠴᠢᠯᠡᠭᠡ ᠨᠢ ᠦᠨᠡᠬᠡᠷ ᠮᠠᠰᠢ ᠳᠣᠲᠣᠨᠣ ᠪᠠᠶᠢᠵᠤ᠂ ᠠᠷᠠᠳ ᠢᠷᠭᠡᠳ ᠤᠨ ᠠᠮᠢᠳᠤᠷᠠᠯ ᠳᠤ ᠦᠨᠡᠨ ᠬᠦ ᠲᠥᠬᠦᠮ ᠦᠵᠡᠭᠦᠯᠪᠠ᠃    ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠣᠷᠣᠨ ᠤ ᠰᠠᠭᠤᠭᠠᠯᠢ ᠠᠷᠠᠳ ᠤᠨ ᠬᠡᠮᠵᠢᠯᠲᠡ ᠶᠢᠨ ᠪᠠᠭᠠᠵᠢ ᠬᠡᠷᠡᠭᠰᠡᠯ ᠢ ᠵᠢᠷᠤᠮᠵᠢᠭᠤᠯᠤᠨ ᠬᠡᠷᠡᠭᠯᠡᠬᠦ ᠶᠢ ᠳᠡᠭᠡᠭᠰᠢᠯᠡᠭᠦᠯᠵᠦ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠨᠠᠩ ᠰᠠᠶᠢᠨ ᠬᠢᠵᠦ᠂ ᠣᠯᠠᠨ ᠲᠦᠮᠡᠨ ᠳᠤ ᠦᠨᠡᠨ ᠬᠦ ᠪᠣᠳᠠᠲᠠᠢ ᠶᠠᠪᠤᠳᠠᠯ᠂ ᠰᠠᠶᠢᠨ ᠶᠠᠪᠤᠳᠠᠯ ᠬᠢᠵᠦ᠂ ᠬᠡᠮᠵᠢᠯᠲᠡ ᠶᠢᠨ ᠦᠢᠯᠡᠴᠢᠯᠡᠭᠡ ᠶᠢ ᠣᠯᠠᠨ ᠲᠦᠮᠡᠨ ᠤ ᠳᠡᠷᠭᠡᠳᠡ ᠬᠦᠷᠭᠡᠵᠦ ᠴᠢᠳᠠᠭᠰᠠᠨ ᠪᠠᠶᠢᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号