ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ ᠶᠢᠨ ᠠᠵᠤ ᠠᠬᠤᠶᠢᠯᠠᠯ ᠤᠨ ︽ᠠᠵᠤ ᠠᠬᠤᠶᠢᠯᠠᠯ ᠤᠨ ᠦᠨᠳᠦᠰᠦᠨ ᠪᠠᠶᠢᠳᠠᠯ ᠵᠢᠴᠢ ᠠᠰᠠᠭᠤᠳᠠᠯ ᠤᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠴᠤᠭᠯᠠᠭᠤᠯᠬᠤ ᠬᠦᠰᠦᠨᠦᠭᠲᠦ︾᠎ ᠶᠢ ᠲᠠᠭᠯᠠᠬᠤ ᠠᠵᠢᠯ ᠢ ᠬᠢᠨᠠᠮᠠᠭᠠᠢ ᠦᠷᠨᠢᠭᠦᠯᠪᠠ
ᠨᠡᠶᠢᠲᠡᠯᠡᠭᠰᠡᠨ ᠴᠠᠭ᠄
2023/2/19
    ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ︽ᠪᠤᠭᠤᠲᠤ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾᠎ ᠢ ᠦᠨᠳᠦᠰᠦᠯᠡᠨ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠭᠤᠣᠯᠳᠠᠯᠭ᠎ᠠ ᠎ ᠲᠠᠢ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ  ᠶᠢ ᠡᠭᠦᠳᠬᠦ ᠬᠦᠴᠢᠷᠳᠡᠯ ᠪᠠ ᠬᠤᠯᠪᠣᠭᠳᠠᠯ ᠪᠦᠬᠦᠢ ᠬᠡᠷᠡᠭᠴᠡᠭᠡ ᠶᠢ ᠪᠦᠬᠦ ᠲᠠᠯ᠎ᠠ  ᠪᠠᠷ ᠡᠵᠡᠮᠰᠢᠬᠦ ᠶᠢᠨ ᠲᠥᠯᠥᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ ᠨᠢ ᠣᠶᠢᠷ᠎ᠠ ᠶᠢᠨ ᠬᠤᠭᠤᠴᠠᠭᠠᠨ ᠳᠤ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠪᠥᠬᠦ ᠲᠠᠯ᠎ᠠ ᠪᠠᠷ ᠣᠶᠢᠯᠠᠭᠠᠬᠤ ᠶᠢᠨ ᠬᠠᠮᠲᠤ ︽ᠠᠵᠤ ᠠᠬᠤᠶᠢᠯᠠᠯ ᠤᠨ ᠦᠨᠳᠦᠰᠦᠨ ᠪᠠᠶᠢᠳᠠᠯ ᠵᠢᠴᠢ ᠠᠰᠠᠭᠤᠳᠠᠯ ᠤᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠴᠤᠭᠯᠠᠭᠤᠯᠬᠤ ᠬᠦᠰᠦᠨᠦᠭᠲᠦ︾᠎ ᠶᠢ ᠲᠠᠷᠬᠠᠭᠠᠵᠤ᠂ ᠠᠵᠤ ᠠᠬᠤᠶᠢᠯᠠᠯ ᠤᠨ ᠵᠢᠷᠤᠮᠵᠢᠯ ᠲᠠᠢ ᠲᠠᠭᠯᠠᠨ ᠮᠡᠳᠡᠭᠦᠯᠬᠦ ᠶᠢ ᠵᠢᠯᠤᠭᠤᠳᠴᠤ᠂ ᠣᠳᠣᠬᠠᠨ ᠳᠤ ᠨᠢᠭᠡᠨᠲᠡ ᠪᠦᠬᠦᠨ ᠢ ᠴᠤᠭᠯᠠᠭᠤᠯᠤᠨ ᠡᠮᠬᠢᠳᠬᠡᠵᠦ ᠳᠠᠭᠤᠰᠬᠠᠪᠠ᠃    ᠲᠣᠰ ᠤᠳᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠪᠣᠯ ᠪᠤᠭᠤᠲᠤ ᠬᠤᠲᠠ ᠶᠢᠨ ᠬᠢᠨ ᠭᠤᠣᠯᠳᠠᠯᠭ᠎ᠠ ᠲᠠᠢ ᠠᠵᠤ ᠠᠬᠤᠶᠢᠯᠠᠯ ᠳᠤ ᠠᠵᠤ ᠠᠬᠤᠶᠢᠯᠠᠯ ᠤᠨ ᠬᠡᠷᠡᠭᠰᠡᠬᠦ ᠲᠠᠯ᠎ᠠ ᠪᠠ ᠮᠡᠷᠭᠡᠵᠢᠯ ᠤᠨ ᠡᠬᠢ ᠪᠠᠶᠠᠯᠢᠭ ᠤᠨ ᠲᠠᠯ᠎ᠠ ᠶᠢᠨ ᠬᠢᠨ ᠤ ᠨᠡᠪᠲᠡᠷᠡᠯᠴᠡᠬᠦ ᠠᠷᠭ᠎ᠠ ᠵᠠᠮ ᠢ ᠨᠠᠪᠲᠠᠷᠡᠭᠦᠯᠵᠦ᠂ ᠠᠵᠤ ᠠᠬᠤᠶᠢᠯᠠᠯ ᠬᠢᠭᠡᠳ ᠲᠤᠰᠬᠠᠢ ᠮᠡᠷᠭᠡᠵᠢᠯᠲᠡᠨ᠂ ᠠᠵᠤ ᠠᠬᠤᠶᠢᠯᠠᠯ ᠬᠢᠭᠡᠳ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠤᠨ ᠬᠤᠭᠤᠷᠣᠨᠳᠣᠬᠢ ᠰᠣᠯᠢᠯᠴᠠᠭ᠎ᠠ ᠨᠡᠪᠲᠡᠷᠡᠯᠴᠡᠭᠡ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ᠮᠡᠷᠭᠡᠵᠢᠯ ᠤᠨ ᠪᠡᠷᠬᠡ ᠰᠡᠳᠦᠪ ᠢ ᠨᠢ ᠰᠢᠢᠳᠪᠦᠷᠢᠯᠡᠵᠦ ᠥᠭᠬᠦ ᠴᠢᠬᠤᠯᠠ ᠠᠷᠭ᠎ᠠ ᠪᠠᠷᠢᠯ ᠨᠢ ᠠᠵᠤ ᠠᠬᠤᠶᠢᠯᠠᠯ ᠤᠨ ᠰᠢᠨ᠎ᠡ ᠠᠵᠤ ᠦᠢᠯᠡᠰ ᠤᠨ ᠲᠥᠪᠯᠡᠷᠡᠨ ᠬᠥᠭᠵᠢᠬᠦ ᠳᠤ ᠠᠰᠢᠭᠲᠠᠢ ᠪᠠᠶᠢᠵᠤ᠂ ᠡᠴᠦᠰ ᠲᠡᠭᠡᠨ ᠨᠡᠯᠢᠶᠡᠳ ᠴᠢᠩᠭ᠎ᠠ ᠭᠤᠣᠯᠯᠠᠬᠤ ᠥᠷᠢᠰᠦᠯᠳᠦᠬᠦ ᠬᠦᠴᠦᠨ ᠲᠠᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠣᠶᠢᠵᠢᠭᠤᠯᠤᠨ ᠪᠦᠷᠢᠯᠳᠦᠭᠦᠯᠬᠦ ᠪᠣᠯᠣᠨ᠎ᠠ᠃    ᠲᠠᠷᠠᠭᠠᠴᠢ ᠶᠢᠨ ᠠᠯᠬᠤᠮ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ ᠠᠴᠠ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ  ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠲᠠᠢ ᠬᠠᠮᠲᠤᠷᠠᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠳᠤᠭᠤᠶᠢᠯᠠᠩ ᠢ ᠪᠠᠶᠢᠭᠤᠯᠵᠤ᠂ ᠲᠦᠷᠦᠭᠦᠸ ᠪᠦᠯᠦᠭ ᠤᠨ 50 ᠬᠠᠷᠢᠶ᠎ᠠ ᠣᠷᠣᠨ ᠤ ᠳᠣᠲᠣᠷᠠᠬᠢ ᠠᠵᠤ ᠠᠬᠤᠶᠢᠯᠠᠯ ᠳᠤ ᠨᠢᠭᠡ ᠨᠢᠭᠡ ᠬᠠᠷᠠᠭᠠᠯᠵᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ ᠬᠢᠬᠦ ᠶᠢᠨ ᠬᠠᠮᠲᠤ ᠬᠠᠨᠳᠤᠯᠭᠠᠲᠤ ᠴᠢᠨᠠᠷᠲᠠᠢ ᠪᠠᠷ ︽ᠠᠵᠤ ᠠᠬᠤᠶᠢᠯᠠᠯ ᠤᠨ ᠪᠡᠶ᠎ᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ︾᠎ ᠶᠢ ᠪᠣᠶ ᠪᠣᠯᠭᠠᠵᠤ᠂ ᠲᠠᠷᠠᠭᠠᠴᠢ ᠶᠢᠨ ᠠᠯᠬᠤᠮ ᠳᠤ ︽ᠡᠪᠡᠳᠴᠢᠨ ᠳᠤᠨᠢ ᠲᠠᠭᠠᠷᠠᠭᠤᠯᠵᠤ ᠡᠮ ᠥᠭᠬᠦ︾᠎ ᠳᠤ ᠰᠠᠶᠢᠨ ᠰᠠᠭᠤᠷᠢ ᠲᠠᠯᠪᠢᠬᠤ ᠪᠣᠯᠣᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号