ᠵᠢᠶᠠᠩ ᠰᠢᠨ ᠪᠢᠴᠢᠯ ᠴᠠᠬᠢᠯᠭᠠᠨ ᠮᠠᠰᠢᠨ᠄ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ ᠴᠣᠭᠴᠠᠯᠠᠨ᠎ᠠ
ᠨᠡᠶᠢᠲᠡᠯᠡᠭᠰᠡᠨ ᠴᠠᠭ᠄
2023/2/19
    2 ᠳ᠋ᠤᠭᠠᠷ ᠰᠠᠷ᠎ᠠ ᠶᠢᠨ 10 ᠤ ᠡᠳᠦᠷ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠬᠡᠷᠡᠭᠯᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ᠂ ᠪᠤᠭᠤᠲᠤ ᠶᠢᠨ ᠵᠢᠶᠠᠩ ᠰᠢᠨ ᠪᠢᠴᠢᠯ ᠴᠠᠬᠢᠯᠭᠠᠨ ᠮᠠᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠠᠵᠢᠯᠲᠠᠳ ᠦᠢᠯᠡᠳᠪᠦᠷᠢᠯᠡᠯ ᠤᠨ ᠱᠤᠭᠤᠮ ᠳᠡᠭᠡᠷ᠎ᠡ ᠶᠠᠭᠠᠷᠠᠯᠲᠠᠢ ᠠᠵᠢᠯᠯᠠᠵᠤ ᠪᠠᠶᠢᠨ᠎ᠠ᠃ ᠲᠣᠰ ᠺᠣᠮᠫᠠᠨᠢ ᠪᠣᠯ ᠨᠢᠭᠡᠨ ᠲᠤᠰᠬᠠᠢ ᠮᠡᠷᠭᠡᠵᠢᠯ ᠤᠨ ᠺᠠᠮᠧᠷᠠ ᠳᠤ ᠬᠡᠷᠡᠭᠯᠡᠬᠦ ᠪᠢᠴᠢᠯ ᠬᠡᠯᠪᠡᠷᠢ ᠶᠢᠨ ᠬᠥᠳᠡᠯᠭᠡᠭᠦᠷ ᠮᠠᠰᠢᠨ ︵VCM︶ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠮᠥᠨ᠂ ᠣᠳᠣᠬᠠᠨ ᠳᠤ ᠨᠢᠭᠡᠨᠲᠡ ᠳᠡᠯᠡᠬᠡᠢ ᠶᠢᠨ ᠠᠳᠠᠯᠢ ᠠᠵᠢᠯ ᠲᠥᠷᠥᠯ ᠤᠨ ᠲᠡᠷᠢᠭᠦᠨ ᠤ ᠪᠥᠬᠦ ᠠᠦ᠋ᠲ᠋ᠣᠴᠢᠯᠠᠭᠰᠠᠨ VCM ᠦᠢᠯᠡᠳᠪᠦᠷᠢᠯᠡᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ 77 ᠵᠦᠢᠯ ᠤᠨ ᠭᠤᠣᠯᠯᠠᠬᠤ ᠮᠡᠷᠭᠡᠵᠢᠯ ᠤᠨ ᠲᠤᠰᠬᠠᠢ ᠠᠰᠢᠭ ᠤᠨ ᠡᠷᠬᠡ ᠲᠠᠢ ᠪᠣᠯᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号