ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠣᠯ ᠨᠢᠭᠡ ᠭᠠᠵᠠᠷ ᠣᠷᠣᠨ ᠤ ᠬᠥᠭᠵᠢᠯᠲᠡ ᠶᠢᠨ ᠰᠠᠭᠤᠷᠢ ᠮᠥᠨ | ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠬᠦᠴᠦᠷᠬᠡᠭᠵᠢᠭᠦᠯᠬᠦ᠂ ᠠᠵᠤ ᠠᠬᠤᠶᠢᠯᠠᠯ ᠢ ᠬᠥᠭᠵᠢᠭᠦᠯᠦᠨ | ᠪᠤᠵᠠᠭᠠᠶᠢᠷᠠᠭᠤᠯᠬᠤ ᠳᠤ ᠴᠥᠮ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠠᠴᠠ ᠰᠠᠯᠵᠤ | ᠴᠢᠳᠠᠬᠤ ᠦᠭᠡᠢ ᠶᠤᠮ᠃ ᠣᠶᠢᠷ᠎ᠠ ᠶᠢᠨ ᠵᠢᠯ ᠠᠴᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠳᠣᠲᠣᠷ᠎ᠠ ᠭᠠᠳᠠᠨᠠᠬᠢ ᠶᠢ ᠵᠡᠷᠭᠡᠪᠡᠷ ᠵᠠᠰᠠᠵᠤ᠂ ᠦᠢᠯᠡᠴᠢᠯᠡᠭᠡᠨ ᠤ | ᠲᠦᠪᠰᠢᠨ ᠢᠶᠠᠨ ᠳᠡᠭᠡᠭᠰᠢᠯᠡᠭᠦᠯᠬᠦ ᠪᠠᠷ ᠳᠠᠮᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ | ᠳᠡᠭᠡᠭᠰᠢᠯᠡᠯᠲᠡ ᠶᠢ ᠦᠷᠭᠦᠯᠵᠢᠯᠡᠨ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ᠂ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ 50 ᠬᠦᠴᠦᠷᠬᠡᠭ ᠲᠤ ᠲᠦᠷᠭᠡᠨ ᠲᠠᠪᠰᠢᠬᠤ ᠳᠤ ᠨᠡᠩ ᠪᠠᠲᠤ ᠪᠠᠬᠢ ᠲᠤᠯᠭᠠᠭᠤᠷᠢᠯᠠᠯ ᠪᠠ ᠪᠠᠲᠤᠯᠠᠭ᠎ᠠ | ᠬᠠᠩᠭᠠᠬᠤ ᠪᠣᠯᠣᠨ᠎ᠠ᠃ | ᠴᠠᠭᠠᠨ ᠰᠠᠷ᠎ᠠ ᠶᠢᠨ ᠡᠬᠢ ᠪᠠᠷ᠂ ᠪᠤᠭᠤᠲᠤ ᠶᠢᠨ ᠵᠢᠨᠱᠠᠨ ᠰᠣᠷᠢᠨᠵᠢᠨ ᠮᠠᠲ᠋ᠧᠷᠢᠶᠠᠯ ᠤᠨ ᠬᠢᠵᠠᠭᠠᠷᠲᠤ | ᠺᠣᠮᠫᠠᠨᠢ ᠶᠢᠨ ᠰᠤᠳᠤᠯᠤᠨ ᠬᠥᠭᠵᠢᠭᠦᠯᠬᠦ ᠬᠡᠯᠲᠡᠰ ᠲᠤ᠂ ᠶᠡᠷᠦᠩᠬᠡᠢ ᠳᠠᠭᠠᠭᠠᠮᠠᠯ ᠴᠧᠩ ᠴᠦᠨ ᠳ᠋ᠦᠩ ᠰᠤᠳᠤᠯᠤᠨ | ᠨᠡᠭᠡᠭᠡᠬᠦ ᠪᠦᠯᠬᠦᠮ ᠢᠶᠠᠨ ᠳᠠᠭᠠᠭᠤᠯᠤᠨ ᠶᠠᠭᠠᠷᠠᠯᠲᠠᠢ ᠠᠵᠢᠯᠯᠠᠵᠤ᠂ ᠳᠡᠳᠡ ︽ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ | ︾ ᠤᠨ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ︽ᠤᠯᠠᠨ ᠭᠤᠣᠯ ᠰᠠᠶᠢᠳ ᠨᠧᠦᠳᠢᠮ | ᠲᠡᠮᠦᠷ ᠪᠤᠷ ᠤᠨ ᠰᠣᠷᠢᠨᠵᠢᠨ ᠴᠣᠭᠴᠠ ᠶᠢᠨ ᠬᠦᠨᠳᠦ ᠬᠤᠪᠣᠷ ᠰᠢᠷᠣᠢ ᠶᠢᠨ ᠲᠤᠶᠢᠯ ᠤᠨ ᠬᠡᠷᠡᠭᠯᠡᠭᠡᠨ ᠤ | ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ︾ ᠭᠡᠬᠦ ᠲᠦᠷᠦᠯ ᠵᠦᠢᠯ ᠤᠨ ᠮᠡᠷᠭᠡᠵᠢᠯ ᠤᠨ ᠪᠣᠭᠤᠮᠲᠠ ᠰᠢᠪᠲᠤᠯᠬᠤ | ᠠᠵᠢᠯ ᠢ ᠬᠢᠵᠦ ᠪᠠᠶᠢᠯ᠎ᠠ᠃ ᠴᠧᠩ ᠴᠦᠨ ᠳ᠋ᠦᠩ ᠤᠨ ᠲᠠᠨᠢᠯᠴᠠᠭᠤᠯᠤᠭᠰᠠᠨ ᠢᠶᠠᠷ᠂ ︽ᠬᠤᠪᠣᠷ ᠰᠢᠷᠣᠢ ᠶᠢᠨ ᠳᠡᠭᠡᠳᠦ | ᠰᠢᠨ᠎ᠡ ᠮᠡᠷᠭᠡᠵᠢᠯ ᠤᠨ ᠣᠷᠣᠨ ᠤ ᠬᠠᠪᠰᠤᠷᠤᠯᠭ᠎ᠠ ᠳᠣᠣᠷ᠎ᠠ᠂ ᠠᠵᠤ ᠠᠬᠤᠶᠢᠯᠠᠯ ᠤᠨ ᠬᠤᠪᠢ ᠪᠠᠷ ᠡᠨᠡᠬᠦ ᠤᠯᠤᠰ ᠤᠨ | ᠲᠡᠰ ᠤᠨ ᠲᠦᠷᠦᠯ ᠵᠦᠢᠯ ᠢ ᠣᠯᠣᠭᠰᠠᠨ ᠨᠢ ᠠᠵᠤ ᠠᠬᠤᠶᠢᠯᠠᠯ ᠤᠨ ᠠᠯᠳᠠᠷᠰᠢᠯ ᠤᠨ ᠳᠡᠭᠡᠭᠰᠢᠯᠡᠯᠲᠡ ᠳᠤ ᠮᠠᠰᠢ ᠶᠡᠭᠡ | ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠦᠭᠡᠢ᠂ ᠲᠦᠷᠦᠯ ᠵᠦᠢᠯ ᠤᠨ ᠪᠡᠯᠡ ᠮᠥᠩᠭᠦ ᠶᠢᠨ ᠣᠷᠣᠭᠤᠯᠤᠯᠲᠠ | ᠨᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠳᠤ ᠮᠠᠰᠢ ᠥᠨᠳᠥᠷ ᠲᠡᠰ ᠳᠠᠪᠬᠤᠷᠭ᠎ᠠ ᠶᠢ ᠳᠡᠭᠡᠭᠰᠢᠯᠡᠭᠦᠯᠵᠡᠢ ᠁ | ︾ ᠭᠡᠵᠦ ᠴᠧᠩ ᠴᠦᠨ ᠳ᠋ᠦᠩ 2023 ᠣᠨ ᠤ ᠠᠵᠤ ᠠᠬᠤᠶᠢᠯᠠᠯ ᠤᠨ ᠬᠥᠭᠵᠢᠯᠲᠡ ᠳᠤ ᠢᠲᠡᠭᠡᠯ ᠳᠦᠭᠦᠷᠡᠩ | ᠪᠠᠶᠢᠯ᠎ᠠ᠃ ︽ᠡᠨᠡ ᠵᠢᠯ ᠪᠢᠳᠡ 40% - 50% ᠶᠢᠨ ᠤᠨᠠᠯᠲᠠ ᠶᠢ ᠨᠡᠮᠡᠭᠳᠡᠭᠦᠯᠬᠦ ᠪᠠᠷ ᠲᠥᠯᠥᠪᠯᠡᠵᠦ᠂ ᠣᠯᠠᠨ | ᠤᠯᠤᠰ ᠤᠨ PCT ᠶᠢ ᠪᠠᠭᠲᠠᠭᠠᠭᠰᠠᠨ 15 ᠵᠦᠢᠯ ᠤᠨ ᠲᠤᠰᠬᠠᠢ ᠠᠰᠢᠭ ᠤᠨ ᠡᠷᠬᠡ ᠶᠢ ᠭᠤᠶᠤᠴᠢᠯᠠᠬᠤ ᠪᠠᠷ | ᠲᠥᠯᠥᠪᠯᠡᠵᠦ ᠪᠠᠶᠢᠨ᠎ᠠ᠂ ᠢᠷᠡᠭᠡᠳᠦᠢ ᠶᠢᠨ ᠲᠠᠪᠤᠨ ᠵᠢᠯ ᠳᠤ ᠺᠣᠮᠫᠠᠨᠢ ᠣᠳᠣ ᠪᠠᠶᠢᠭ᠎ᠠ ᠰᠠᠭᠤᠷᠢᠨ ᠳᠡᠭᠡᠷ᠎ᠡ ᠪᠠᠨ | ᠭᠠᠷᠤᠯᠲᠠ ᠶᠢᠨ ᠬᠡᠮᠵᠢᠶ᠎ᠡ ᠪᠠᠨ ᠳᠠᠬᠢᠨ ᠬᠤᠶᠠᠷ ᠠᠴᠠ ᠭᠤᠷᠪᠠ ᠳᠠᠬᠢᠨ ᠨᠡᠮᠡᠭᠳᠡᠭᠦᠯᠦᠨ᠎ᠡ︾ ᠬᠡᠪᠡ᠃ | ᠣᠶᠢᠷ᠎ᠠ ᠶᠢᠨ ᠵᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠤ ᠪᠠᠷᠢᠮᠵᠢᠶ᠎ᠠ ᠶᠢ ᠬᠠᠷᠢᠴᠠᠭᠤᠯᠤᠨ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ︽ | ᠰᠢᠭᠤᠳ ᠨᠡᠪᠲᠡᠷᠡᠭᠦᠯᠭᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ︽24 ᠴᠠᠭ ᠲᠤ ᠡᠭᠦᠳᠡ ᠪᠠᠨ ᠬᠠᠭᠠᠬᠤ | ᠦᠭᠡᠢ︾ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ | ᠵᠡᠷᠭᠡ ᠦᠢᠯᠡᠴᠢᠯᠡᠭᠡ ᠶᠢ ᠬᠡᠷᠡᠭᠵᠢᠭᠦᠯᠦᠨ᠂ ᠬᠠᠯᠠᠭᠤᠮᠰᠤᠭ ᠢᠶᠠᠷ ᠭᠦᠢᠴᠡᠳᠬᠡᠬᠦ᠂ ᠳᠠᠷᠤᠢ ᠲᠦᠷᠭᠡᠨ ᠭᠦᠢᠴᠡᠳᠬᠡᠬᠦ᠂ | ᠰᠠᠨᠠᠭᠠᠴᠢᠯᠠᠭ᠎ᠠ ᠠᠴᠠ ᠪᠠᠨ ᠭᠦᠢᠴᠡᠳᠬᠡᠬᠦ᠂ ᠭᠡᠷ ᠲᠤᠨᠢ ᠬᠦᠷᠴᠦ ᠭᠦᠢᠴᠡᠳᠬᠡᠬᠦ᠂ ᠮᠥᠷᠳᠡᠨ ᠭᠦᠢᠴᠡᠳᠬᠡᠬᠦ ︽ | ᠲᠠᠪᠤ ᠶᠢ ᠭᠦᠢᠴᠡᠳᠬᠡᠬᠦ︾ ︽ᠲᠤᠰᠬᠠᠢ ᠠᠩᠭᠢ + ᠲᠤᠰᠬᠠᠢ ᠲᠤᠰᠢᠶᠠᠯᠲᠠᠨ︾ ︽ᠬᠤᠶᠠᠷ ᠢ ᠲᠤᠰᠬᠠᠶᠢᠵᠢᠭᠤᠯᠬᠤ︾ | ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ | ᠲᠦᠷᠭᠡᠨ ᠭᠦᠢᠴᠡᠳᠬᠡᠬᠦ︾ ᠪᠠᠶᠢᠭᠰᠠᠨ ᠠᠴᠠ ᠪᠠᠨ ︽ᠰᠧᠺᠦ᠋ᠨ᠋ᠳ᠋ ᠲᠤ ᠭᠦᠢᠴᠡᠳᠬᠡᠬᠦ︾ ︽ᠥᠯᠥ ᠭᠦᠢᠴᠡᠳᠬᠡᠬᠦ︾ | ᠳᠠᠰᠢ ᠲᠠᠰ ᠳᠡᠪᠰᠢᠭᠦᠯᠬᠦ ᠶᠢ ᠠᠬᠢᠭᠤᠯᠤᠨ᠎ᠠ᠃ ︽ᠳᠡᠭᠡᠳᠦ ᠰᠢᠨ᠎ᠡ ᠣᠷᠣᠨ ᠤ ᠶᠠᠪᠤᠳᠠᠯ ᠢ ᠪᠠᠶᠠᠷ ᠲᠠᠢ ᠪᠠᠷ ᠡᠷᠭᠢᠯᠡᠨ | ᠬᠢᠬᠦ︾ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ ᠨᠠᠷᠠᠲᠤ ᠲᠡᠮᠳᠡᠭᠲᠦ ᠶᠢ ᠢᠯᠡ ᠪᠣᠯᠭᠠᠵᠤ᠂ ︽ᠳᠣᠲᠣᠨᠣ︾ | ︽ᠠᠷᠢᠭᠤᠨ︾ ᠵᠠᠰᠠᠭ ᠤᠨ ᠣᠷᠳᠣᠨ ᠪᠠ ᠬᠤᠳᠠᠯᠳᠤᠭᠠᠨ ᠤ ᠬᠠᠷᠢᠴᠠᠭ᠎ᠠ ᠶᠢ ᠪᠠᠶᠢᠭᠤᠯᠤᠨ᠎ᠠ᠃ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠳᠤ ᠣᠷᠣᠬᠤ ᠵᠥᠪᠰᠢᠶᠡᠷᠡᠯ ᠢ ᠠᠭᠤᠵᠢᠭᠤ ᠪᠣᠯᠭᠠᠬᠤ ᠵᠡᠷᠭᠡ ᠲᠦᠷᠦ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠲᠦᠷᠦᠯ | ᠵᠦᠢᠯ ᠤᠨ ︽ᠪᠠᠷᠢᠮᠵᠢᠶ᠎ᠠ ᠲᠠᠢ︾ ᠰᠢᠯᠵᠢᠭᠦᠯᠦᠨ ᠬᠤᠳᠠᠯᠳᠤᠬᠤ᠂ ︽ᠭᠠᠵᠠᠷ ᠠᠪᠤᠪᠠᠯ ᠳᠠᠷᠤᠢ ᠠᠵᠢᠯ ᠡᠬᠢᠯᠡᠭᠦᠯᠬᠦ︾ | ᠂ ︽ᠭᠡᠷ᠎ᠡ ᠲᠣᠭᠲᠠᠪᠠᠯ ᠳᠠᠷᠤᠢ ᠠᠵᠢᠯ ᠡᠬᠢᠯᠡᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ | ᠠᠬᠤᠶᠢᠯᠠᠯ ᠤᠨ ᠬᠥᠭᠵᠢᠯᠲᠡ ᠶᠢᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ ᠪᠦᠬᠦ ᠲᠠᠯ᠎ᠠ ᠶᠢᠨ | ᠦᠢᠯᠡᠴᠢᠯᠡᠭᠡ ᠬᠠᠩᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠣᠨ ᠠᠵᠤ ᠠᠬᠤᠶᠢᠯᠠᠯᠲᠠᠨ ᠳᠤ ︽ᠰᠡᠳᠬᠢᠯ | ᠬᠠᠨᠤᠮᠵᠢᠲᠠᠢ ᠪᠠᠶᠢᠬᠤ ᠶᠢ ᠪᠠᠲᠤᠯᠠᠨ᠎ᠠ︾᠂ ︽ᠰᠡᠳᠬᠢᠯ ᠠᠮᠤᠷ ᠪᠠᠶᠢᠬᠤ ᠶᠢ ᠪᠠᠲᠤᠯᠠᠨ᠎ᠠ︾ ᠭᠡᠰᠡᠨ ᠲᠥᠷᠥᠭᠳᠡᠯ | ᠣᠯᠭᠤᠨ᠎ᠠ᠃ | ᠱᠠᠨᠳᠦ᠋ᠩ ᠤᠨ ᠰᠠᠢ ᠪᠤᠤ ᠡᠯᠧᠺᠲᠷᠣᠨ ᠮᠡᠳᠡᠭᠡ ᠵᠠᠩᠭᠢ ᠶᠢᠨ ᠢᠨᠵᠧᠨᠧᠷᠢᠩ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠥᠪᠥᠷ ᠮᠣᠩᠭᠤᠯ ᠳᠤ ᠪᠡᠯᠡ ᠣᠷᠣᠭᠤᠯᠤᠨ ᠨᠢᠭᠡᠨ ᠬᠤᠪᠢᠶᠠᠷᠢ ᠺᠣᠮᠫᠠᠨᠢ ᠪᠠᠶᠢᠭᠤᠯᠬᠤ ᠪᠠᠷ ᠪᠠᠶᠢᠨ᠎ᠠ᠂ ᠵᠠᠬ᠎ᠠ | ᠳᠡᠯᠭᠡᠭᠦᠷ ᠤᠨ ᠭᠤᠣᠯ ᠴᠣᠭᠴᠠ ᠱᠠᠨᠳᠦ᠋ᠩ ᠮᠤᠵᠢ ᠳᠤ ᠪᠠᠶᠢᠩᠭᠤ ᠰᠠᠭᠤᠭ᠎ᠠ ᠪᠣᠯᠬᠤᠷ ᠬᠥᠮᠥᠰ ᠲᠤᠬᠠᠢ ᠶᠢᠨ | ᠲᠠᠯᠠᠪᠤᠷ ᠲᠤ ᠬᠦᠷᠴᠦ ᠪᠡᠶᠡᠯᠡᠭᠦᠯᠬᠦ ᠶᠢᠨ ᠠᠷᠭ᠎ᠠ ᠦᠭᠡᠢ ᠶᠤᠮ᠃ 1 ᠰᠠᠷ᠎ᠠ ᠶᠢᠨ 18 ᠤ ᠡᠳᠦᠷ ᠤᠨ ᠦᠳᠡ ᠶᠢᠨ | ᠡᠮᠦᠨ᠎ᠡ᠂ ᠡᠷᠭᠢᠯᠡᠨ ᠬᠢᠭᠴᠢ ᠭᠤᠸ ᠠᠪᠠᠭ᠋ᠠᠢ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠣᠷᠳᠣᠨ ᠤ | ᠦᠢᠯᠡᠴᠢᠯᠡᠭᠡᠨ ᠤ ᠲᠥᠪ ᠤᠨ ᠶᠡᠷᠦᠩᠬᠡᠶᠢᠯᠡᠭᠰᠡᠨ ᠬᠡᠯᠲᠡᠰ ᠲᠠᠢ ᠬᠤᠯᠪᠣᠭ᠎ᠠ ᠠᠪᠴᠤ᠂ ᠠᠵᠢᠯᠲᠠᠨ ᠤ ᠵᠢᠯᠣᠭᠤᠳᠤᠯᠭ᠎ᠠ | ᠳᠣᠣᠷ᠎ᠠ᠂ ᠪᠠᠶᠢᠭᠤᠯᠤᠭᠳᠠᠭᠰᠠᠨ ᠠᠩᠬᠠᠨ ᠤ ᠦᠶ᠎ᠡ ᠶᠢᠨ ᠮᠠᠲ᠋ᠧᠷᠢᠶᠠᠯ ᠢ ᠬᠢᠨᠠᠨ ᠬᠠᠷᠭᠤᠭᠤᠯᠬᠤ ᠠᠴᠠ ᠠᠪᠤᠭᠠᠳ | ᠴᠣᠩᠬᠤᠨ ᠳᠤ ᠦᠨᠡᠮᠯᠡᠯ ᠠᠪᠬᠤ ᠳᠤ ᠬᠦᠷᠲᠡᠯ᠎ᠡ ᠴᠥᠮ ᠲᠤᠬᠠᠢ ᠶᠢᠨ ᠲᠠᠯᠠᠪᠤᠷ ᠲᠤ ᠣᠴᠢᠵᠤ ᠭᠦᠢᠴᠡᠳᠬᠡᠬᠦ | ᠴᠢᠬᠤᠯᠠ ᠦᠭᠡᠢ᠂ ᠵᠥᠪᠬᠡᠨ ᠬᠠᠭᠠᠰ ᠡᠳᠦᠷ ᠤᠨ ᠴᠠᠭ ᠵᠠᠷᠤᠴᠠᠭᠤᠯᠵᠤ ᠪᠠᠶᠢᠭᠠᠳ ᠰᠦᠯᠵᠢᠶᠡᠨ ᠳᠡᠭᠡᠷᠡᠬᠢ ᠪᠥᠬᠦ | ᠶᠠᠪᠤᠴᠠ ᠠᠴᠠ ᠪᠥᠬᠦ ᠲᠤᠬᠠᠶᠢᠯᠠᠭᠰᠠᠨ ᠠᠵᠢᠯ ᠢ ᠡᠯᠧᠺᠲᠷᠣᠨ ᠢᠶᠠᠷ ᠭᠦᠢᠴᠡᠳᠬᠡᠵᠦ ᠳᠠᠭᠤᠰᠬᠠᠪᠠ᠃ ᠲᠡᠷᠡ᠄ ︽ | ᠰᠠᠨᠠᠭᠠᠨ ᠳᠤ ᠦᠭᠡᠢ᠂ ᠣᠳᠣ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠡᠶᠢᠮᠤ ᠳᠥᠭᠦᠮ ᠪᠣᠯᠵᠠᠢ᠃ | ᠮᠠᠲ᠋ᠧᠷᠢᠶᠠᠯ ᠢ ᠬᠢᠨᠠᠨ ᠬᠠᠷᠭᠤᠭᠤᠯᠤᠭᠠᠳ᠂ ᠭᠦᠢᠴᠡᠳᠬᠡᠵᠦ ᠳᠠᠭᠤᠰᠬᠠᠬᠤ ᠪᠦᠬᠦ ᠶᠠᠪᠤᠴᠠ ᠶᠢ ᠰᠦᠯᠵᠢᠶᠡᠨ ᠳᠡᠭᠡᠷ᠎ᠡ | ᠠᠵᠢᠯᠯᠠᠭᠠᠳ ᠬᠠᠭᠠᠰ ᠡᠳᠦᠷ ᠪᠣᠯᠤᠭ᠎ᠠ ᠦᠭᠡᠢ᠂ ᠡᠵᠡᠩᠨᠡᠯᠲᠡ ᠶᠢᠨ ᠦᠨᠡᠮᠯᠡᠯ ᠪᠣᠯᠣᠨ ᠬᠤᠯᠪᠣᠭᠳᠠᠯ ᠪᠦᠬᠦᠢ ᠭᠠᠷ | ᠭᠦᠢᠴᠡᠳᠬᠡᠯ ᠢ ᠴᠦ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ ᠠᠴᠠ ᠬᠠᠩᠭᠠᠭᠰᠠᠨ ᠰᠦᠢᠳᠬᠡᠯ ᠬᠤᠷᠢᠶᠠᠬᠤ ᠦᠭᠡᠢ ᠪᠠᠷ ᠰᠢᠤᠳᠠᠨ ᠢᠶᠠᠷ ᠢᠯᠡᠭᠡᠬᠦ ᠦᠢᠯᠡᠴᠢᠯᠡᠭᠡ ᠪᠣᠯᠬᠤ | ᠤᠴᠢᠷ ᠠᠴᠠ ᠳᠥᠭᠦᠮ ᠳᠥᠲᠡ ᠲᠦᠷᠭᠡᠨ ᠮᠥᠷᠲᠡᠭᠡᠨ ᠳᠣᠲᠣᠨᠣ ᠪᠠᠶᠢᠵᠤ᠂ ᠪᠢᠳᠡᠨ ᠳᠤ ᠪᠤᠭᠤᠲᠤ ᠶᠢᠨ | ᠡᠵᠡᠩᠨᠡᠯᠲᠡ ᠶᠢᠨ ᠣᠷᠴᠢᠨ ᠲᠣᠭᠤᠷᠢᠨ ᠮᠠᠰᠢ ᠰᠠᠶᠢᠨ᠂ ᠵᠣᠷᠢᠭ ᠰᠥᠰᠥ ᠲᠠᠢ ᠬᠥᠮᠥᠰ ᠤᠨ ᠠᠵᠢᠯ ᠬᠢᠵᠦ ᠦᠢᠯᠡᠰ | ᠪᠣᠰᠬᠠᠬᠤ᠂ ᠪᠡᠯᠡ ᠣᠷᠣᠭᠤᠯᠵᠤ ᠦᠢᠯᠡᠰ ᠪᠣᠰᠬᠠᠬᠤ ᠶᠢᠨ ᠬᠠᠯᠠᠭᠤᠨ ᠬᠥᠷᠥᠰᠥ ᠪᠣᠯᠬᠤ ᠶᠢ ᠮᠡᠳᠡᠭᠦᠯᠵᠦ᠂ | ᠪᠤᠭᠤᠲᠤ ᠳᠤ ᠦᠢᠯᠡᠰ ᠪᠣᠰᠬᠠᠬᠤ ᠶᠢ ᠪᠢᠳᠡ ᠵᠥᠪ ᠰᠣᠩᠭᠤᠭᠰᠠᠨ ᠪᠠᠶᠢᠨ᠎ᠠ︾ ᠭᠡᠵᠦ ᠬᠡᠯᠡᠪᠡ᠃ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ ᠤᠨ ᠠᠵᠢᠯᠲᠠᠨ ᠱᠢ ᠵᠢᠩ ᠵᠢᠩ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠶᠢᠨ ᠰᠠᠶᠢᠬᠠᠨ ᠣᠷᠴᠢᠨ | ᠲᠣᠭᠤᠷᠢᠨ ᠢ ᠦᠷᠭᠦᠯᠵᠢᠯᠡᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠨᠢ ᠰᠢᠨ᠎ᠡ ᠪᠠᠶᠢᠳᠠᠯ᠂ ᠰᠢᠨ᠎ᠡ ᠬᠥᠭᠵᠢᠯᠲᠡ᠂ ᠰᠢᠨ᠎ᠡ ᠬᠡᠷᠡᠭᠴᠡᠭᠡ ᠳᠤ | ᠢᠳᠡᠪᠬᠢᠲᠡᠢ ᠵᠣᠬᠢᠴᠠᠵᠤ᠂ ᠬᠥᠭᠵᠢᠯᠲᠡ ᠶᠢ ᠬᠢᠵᠠᠭᠠᠷᠯᠠᠬᠤ ᠰᠡᠳᠬᠢᠬᠦᠢ ᠶᠢᠨ ᠲᠣᠭᠲᠠᠭᠰᠠᠨ ᠬᠡᠯᠪᠡᠷᠢ ᠶᠢ ᠡᠪᠳᠡᠵᠦ᠂ | ᠥᠭᠡᠷᠡᠴᠢᠯᠡᠯᠲᠡ ᠶᠢ ᠬᠠᠷᠰᠢᠯᠠᠬᠤ ᠬᠦᠷᠢᠶ᠎ᠡ ᠴᠠᠷᠠᠭ᠎ᠠ ᠶᠢᠨ ᠬᠢᠵᠠᠭᠠᠷᠯᠠᠯ ᠠᠴᠠ ᠭᠠᠷᠴᠤ᠂ ᠪᠣᠳᠠᠲᠠᠢ ᠪᠠᠶᠢᠳᠠᠯ ᠳᠤ | ᠨᠡᠶᠢᠴᠡᠬᠦ ᠠᠷᠭ᠎ᠠ ᠬᠡᠮᠵᠢᠶ᠎ᠡ ᠪᠣᠯᠣᠨ ᠠᠷᠭ᠎ᠠ ᠵᠠᠮ ᠢ ᠣᠨᠣᠪᠴᠢᠲᠠᠶ ᠡᠷᠢᠵᠦ ᠣᠯᠬᠤ ᠬᠡᠷᠡᠭᠲᠡᠢ᠃ ᠠᠵᠤ ᠠᠬᠤᠶᠢᠯᠠᠯ ᠤᠨ | ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠢᠨ ᠪᠡᠶᠡᠴᠢᠯᠡᠨ ᠣᠶᠢᠯᠠᠭᠠᠬᠤ ᠰᠡᠳᠬᠢᠯᠭᠡ᠂ ᠳᠥᠭᠦᠮ | ᠳᠥᠲᠡ ᠶᠢᠨ ᠬᠡᠮᠵᠢᠶ᠎ᠡ᠂ ᠬᠠᠨᠤᠮᠵᠢ ᠶᠢᠨ ᠬᠡᠮᠵᠢᠶ᠎ᠡ ᠠᠴᠠ ᠡᠭᠦᠰᠴᠦ᠂ ᠣᠯᠠᠨ ᠲᠦᠮᠡᠨ ᠳᠤ ᠦᠷ᠎ᠡ ᠪᠦᠲᠦᠮᠵᠢ ᠪᠠᠷ | ᠥᠨᠳᠥᠷ᠂ ᠦᠢᠯᠡᠴᠢᠯᠡᠭᠡ ᠪᠠᠷ ᠰᠠᠶᠢᠨ᠂ ᠶᠠᠰᠤ ᠴᠢᠨᠠᠷ ᠢᠶᠠᠷ ᠰᠢᠯᠢᠳᠡᠭ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠬᠦᠷᠲᠡᠭᠡᠵᠦ᠂ ᠳᠠᠷᠤᠶᠢᠬᠠᠨ ᠬᠡᠷᠡᠭᠵᠢᠭᠦᠯᠵᠦ ᠪᠣᠯᠬᠤ ︽ᠲᠤᠬᠠᠢ ᠶᠢᠨ ᠲᠠᠯᠠᠪᠤᠷ ᠲᠤᠨᠢ ᠭᠦᠢᠴᠡᠳᠬᠡᠬᠦ︾ ᠶᠢ | ᠬᠡᠷᠡᠭᠵᠢᠭᠦᠯᠦᠨ᠂ ︽ᠳᠠᠷᠤᠶᠢᠬᠠᠨ ᠢᠷᠡᠪᠡᠯ ᠳᠠᠷᠤᠶᠢᠬᠠᠨ ᠭᠦᠢᠴᠡᠳᠬᠡᠬᠦ︾ ᠶᠢ ᠬᠡᠷᠡᠭᠵᠢᠭᠦᠯᠵᠦ᠂ ᠴᠤᠩᠬᠤᠨ ᠳᠤ | ᠭᠥᠯᠢᠶᠡᠨ ᠠᠪᠤᠭᠰᠠᠨ ᠵᠦᠢᠯ ᠢ ᠵᠡᠷᠭᠡ ᠳᠤᠨᠢ ᠰᠠᠯᠠᠭ᠎ᠠ ᠮᠥᠴᠢᠷ ᠲᠤ ᠬᠦᠷᠭᠡᠵᠦ ᠬᠢᠨᠠᠨ ᠵᠥᠪᠰᠢᠶᠡᠷᠡᠭᠦᠯᠬᠦ ᠶᠢ | ᠬᠡᠷᠡᠭᠵᠢᠭᠦᠯᠵᠦ᠂ ︽ᠳᠠᠷᠤᠶᠢᠬᠠᠨ ᠭᠥᠯᠢᠶᠡᠨ ᠠᠪᠴᠤ ᠰᠢᠢᠳᠪᠦᠷᠢᠯᠡᠪᠡᠯ ᠳᠠᠷᠤᠶᠢᠬᠠᠨ ᠬᠢᠨᠠᠨ ᠬᠠᠷᠭᠤᠭᠤᠯᠬᠤ︾᠂ | ᠮᠠᠲ᠋ᠧᠷᠢᠶᠠᠯ ᠪᠦᠷᠢᠨ ᠪᠣᠯᠤᠭᠰᠠᠨ ᠤ ᠳᠠᠷᠠᠭ᠎ᠠ ︽ᠳᠠᠷᠤᠶᠢᠬᠠᠨ ᠬᠢᠨᠠᠨ ᠬᠠᠷᠭᠤᠭᠤᠯᠪᠠᠯ ᠳᠠᠷᠤᠶᠢᠬᠠᠨ ᠭᠠᠷᠭᠠᠬᠤ︾ ᠶᠢ | ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ ᠢ ᠡᠷᠭᠢᠯᠡᠬᠦ ᠳᠤ ᠮᠠᠲ᠋ᠧᠷᠢᠶᠠᠯ ᠪᠦᠷᠢᠨ ᠭᠦᠢᠴᠡᠳ ᠪᠠᠶᠢᠬᠤ ᠪᠠᠶᠢᠳᠠᠯ | ᠳᠣᠣᠷ᠎ᠠ ︽ᠮᠠᠲ᠋ᠧᠷᠢᠶᠠᠯ ᠢ ᠠᠷᠤ ᠲᠠᠶᠢᠰᠠᠨ ᠳᠤ ᠲᠤᠰᠢᠶᠠᠵᠤ ᠬᠢᠨᠠᠨ ᠵᠥᠪᠰᠢᠶᠡᠷᠡᠭᠦᠯᠦᠭᠰᠡᠨ ᠠᠴᠠ ᠠᠪᠤᠭᠠᠳ ᠳᠠᠬᠢᠨ | ᠦᠨᠡᠮᠯᠡᠯ ᠠᠪᠬᠤ ᠬᠦᠷᠲᠡᠯ᠎ᠡ᠂ ᠪᠥᠬᠦ ᠶᠠᠪᠤᠴᠠ ᠶᠢ 0.5 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ︾ | ᠃ 2022 ᠣᠨ ᠠᠴᠠ ᠨᠠᠰᠢ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠠᠷᠢᠨ ᠭᠦᠢᠴᠡᠳᠬᠡᠬᠦ ᠵᠦᠢᠯ ᠢ ᠲᠡᠷᠡ | ᠳᠣᠣᠷ᠎ᠠ ᠪᠠᠨ ᠭᠦᠢᠴᠡᠳᠬᠡᠵᠦ ᠳᠠᠭᠤᠰᠬᠠᠭᠰᠠᠨ ᠨᠣᠷᠮ᠎ᠠ 100% ᠳᠤ ᠬᠦᠷᠴᠦ᠂ ᠬᠢᠨᠠᠨ ᠵᠥᠪᠰᠢᠶᠡᠷᠡᠭᠰᠡᠨ | ᠣᠨᠣᠪᠴᠢ ᠶᠢᠨ ᠨᠣᠷᠮ᠎ᠠ 100% ᠳᠤ ᠬᠦᠷᠴᠦ᠂ ᠬᠠᠨᠤᠮᠵᠢ ᠶᠢᠨ ᠬᠡᠮᠵᠢᠶ᠎ᠡ 100% ᠳᠤ ᠭᠦᠷᠦᠭᠰᠡᠨ ᠪᠠᠶᠢᠨ᠎ᠠ᠃ | ᠡᠭᠦᠨ ᠤ ᠵᠡᠷᠭᠡ ᠳᠤ᠂ ︽ᠰᠡᠳᠬᠢᠯ ᠢ ᠳᠤᠯᠠᠭᠠᠴᠠᠭᠤᠯᠬᠤ ᠠᠯᠪᠠᠨ ᠭᠡᠷ︾ ᠢ ᠨᠠᠷᠢᠨ ᠨᠢᠮᠪᠠᠢ ᠬᠡᠷᠡᠭᠵᠢᠭᠦᠯᠵᠦ᠂ | ᠦᠨᠡᠮᠯᠡᠯ ᠢ ᠭᠡᠷ ᠲᠤᠨᠢ ᠬᠦᠷᠭᠡᠬᠦ᠂ ᠴᠠᠭ ᠢ ᠤᠷᠲᠤᠳᠬᠠᠵᠤ ᠤᠷᠢᠳᠴᠢᠯᠠᠨ ᠪᠣᠯᠵᠣᠬᠤ᠂ ᠬᠤᠣᠰ ᠠᠮᠠᠷᠠᠯᠲᠠ ᠶᠢᠨ | ᠡᠳᠦᠷ ᠲᠤ ︽ᠡᠭᠦᠳᠡ ᠪᠠᠨ ᠬᠠᠭᠠᠬᠤ ᠦᠭᠡᠢ︾᠂ ᠰᠦᠢᠳᠬᠡᠯ ᠬᠤᠷᠢᠶᠠᠬᠤ ᠦᠭᠡᠢ ᠪᠠᠷ ᠰᠢᠤᠳᠠᠨ ᠢᠶᠠᠷ ᠢᠯᠡᠭᠡᠬᠦ | ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠬᠠᠩᠭᠠᠨ᠎ᠠ᠃ ᠱᠢ ᠵᠢᠩ ᠵᠢᠩ ᠬᠡᠯᠡᠬᠦ ᠳᠡᠭᠡᠨ᠄ ︽ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ | ᠨᠢ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠶᠢ ᠨᠡᠩ ᠴᠤ ᠣᠯᠠᠨ ᠲᠦᠮᠡᠨ ᠪᠣᠯᠣᠨ ᠠᠵᠤ ᠠᠬᠤᠶᠢᠯᠠᠯ ᠳᠤ | ᠳᠥᠭᠦᠮ ᠦᠵᠡᠭᠦᠯᠬᠦ ᠠᠴᠠ ᠭᠠᠷᠳᠠᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ︽ᠠᠯᠠᠭᠠᠨ ᠤ ᠠᠯᠪᠠᠨ | ᠭᠡᠷ︾ ᠢ ᠬᠡᠷᠡᠭᠵᠢᠭᠦᠯᠵᠦ᠂ ᠣᠶᠤᠨᠴᠢ ᠪᠠᠷ ᠭᠤᠶᠤᠴᠢᠯᠠᠨ ᠮᠡᠳᠡᠭᠦᠯᠬᠦ ᠶᠢ ᠳᠡᠯᠭᠡᠷᠡᠭᠦᠯᠦᠨ ᠲᠦᠭᠡᠮᠡᠯᠵᠢᠭᠦᠯᠵᠦ᠂ | ᠪᠤᠭᠤᠲᠤ ᠬᠤᠲᠠ ᠶᠢᠨ ᠠᠩᠬᠠᠳᠠᠭᠴᠢ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ · | ᠠᠯᠠᠭᠠᠨ ᠤ ᠠᠯᠪᠠᠨ ᠭᠡᠷ︾ ᠤᠨ ᠪᠡᠶᠡᠴᠢᠯᠡᠨ ᠣᠶᠢᠯᠠᠭᠠᠬᠤ ᠲᠤᠰᠬᠠᠢ ᠣᠷᠣᠨ ᠢ ᠪᠠᠶᠢᠭᠤᠯᠵᠤ᠂ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠠᠷ ᠪᠠᠶᠢᠴᠠᠭᠠᠨ ᠦᠵᠡᠬᠦ ᠲᠠᠢ ᠤᠶᠠᠯᠳᠤᠭᠤᠯᠤᠨ᠂ ᠪᠤᠭᠤᠲᠤ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ︾ | ᠤᠨ APP᠂ ᠡᠯ᠎ᠡ ᠲᠥᠷᠥᠯ ᠤᠨ ᠥᠪᠡᠰᠦᠪᠡᠨ ᠦᠢᠯᠡᠴᠢᠯᠡᠬᠦ ᠦᠵᠦᠭᠦᠷ ᠤᠨ ᠲᠥᠬᠦᠭᠡᠷᠦᠮᠵᠢ ᠳᠤ ᠲᠦᠰᠢᠭᠯᠡᠨ᠂ | ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠵᠥᠪᠬᠡᠨ ᠬᠥᠩᠭᠡᠨ ᠳᠡᠯᠭᠡᠴᠡ ᠲᠠᠢ ᠪᠠᠶᠢᠪᠠᠯ ᠳᠠᠷᠤᠢ ᠬᠢᠯᠪᠠᠷᠬᠠᠨ ᠢᠶᠠᠷ | ᠪᠠᠶᠢᠴᠠᠭᠠᠨ ᠯᠠᠪᠯᠠᠵᠤ᠂ ᠳᠥᠭᠦᠮ ᠳᠥᠲᠡ ᠪᠠᠷ ᠠᠵᠢᠯ ᠶᠠᠪᠤᠳᠠᠯ ᠰᠢᠢᠳᠪᠦᠷᠢᠯᠡᠵᠦ ᠪᠣᠯᠣᠨ᠎ᠠ︾ ᠭᠡᠵᠡᠢ᠃ ᠣᠲᠣ | ᠪᠣᠯᠲᠠᠯ᠎ᠠ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠠᠯᠠᠭᠠᠨ ᠳᠡᠭᠡᠷ᠎ᠡ ᠪᠠᠨ ᠭᠦᠢᠴᠡᠳᠬᠡᠬᠦ︾ ᠵᠦᠢᠯᠡᠰ ᠤᠨ | ᠬᠠᠷᠢᠴᠠᠯ ᠨᠢ 71% ᠪᠠᠶᠢᠵᠤ᠂ ᠬᠡᠰᠡᠭ ᠵᠦᠢᠯᠡᠰ ᠲᠤ ︽ᠪᠥᠬᠦ ᠶᠠᠪᠤᠴᠠ ᠶᠢ ᠠᠯᠠᠭᠠᠨ ᠳᠡᠭᠡᠷ᠎ᠡ ᠪᠠᠨ ᠭᠦᠢᠴᠡᠳᠬᠡᠬᠦ︾ | ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠵᠢᠮᠡᠯ ᠦᠵᠦᠭᠦᠷ ᠤᠨ ᠴᠢᠳᠠᠮᠵᠢ ᠵᠢᠴᠢ | ᠬᠠᠮᠤᠷᠬᠤ ᠬᠡᠪᠴᠢᠶ᠎ᠡ ᠶᠢ ᠶᠡᠭᠡ ᠪᠠᠷ ᠳᠡᠭᠡᠭᠰᠢᠯᠡᠭᠦᠯᠦᠨ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢ ᠪᠦᠬᠦᠯᠢ ᠴᠣᠭᠴᠠ ᠶᠢᠨ ᠣᠶᠤᠨᠴᠢ ᠣᠲᠣ ᠦᠶ᠎ᠡ ᠶᠢᠨ ᠵᠠᠰᠠᠭ ᠤᠨ | ᠣᠷᠳᠣᠨ ᠤ ᠳᠡᠯᠭᠡᠨ ᠦᠵᠡᠭᠦᠯᠬᠦ ᠴᠣᠩᠬᠤ ᠪᠣᠯᠭᠠᠵᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠨᠠᠩ ᠳᠥᠭᠦᠮ ᠳᠥᠲᠡ ᠣᠶᠤᠨᠯᠢᠭ ᠪᠣᠯᠭᠠᠵᠠᠢ᠃ | ᠤᠯᠠᠨ ᠲᠦᠮᠡᠨ ᠢ ᠳᠡᠭᠡᠳᠦᠯᠡᠬᠦ ᠠᠵᠤ ᠠᠬᠤᠶᠢᠯᠠᠯ ᠢ ᠳᠡᠭᠡᠳᠦᠯᠡᠬᠦ ᠤᠬᠠᠮᠰᠠᠷ ᠢ ᠪᠠᠲᠤ ᠪᠤᠢ ᠪᠣᠯᠭᠠᠵᠤ᠂ ᠤᠷᠳᠤ | ᠬᠤᠭᠤᠴᠠᠭ᠎ᠠ ᠪᠠᠷ ᠴᠢᠷᠮᠠᠶᠢᠵᠤ ᠪᠠᠶᠢᠭᠠᠳ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ | ᠦᠷᠭᠦᠯᠵᠢᠯᠡᠨ ᠲᠦᠯᠬᠢᠨ ᠠᠬᠢᠭᠤᠯᠤᠨ᠎ᠠ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ | ᠰᠠᠶᠢᠲᠤᠷ ᠬᠢᠵᠦ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠢ ᠪᠥᠬᠦ ᠲᠠᠯ᠎ᠠ ᠪᠠᠷ | ᠲᠥᠯᠥᠪᠵᠢᠭᠦᠯᠵᠦ᠂ ᠲᠠᠰᠤᠷᠠᠯᠲᠠ ᠦᠭᠡᠢ ᠰᠢᠨ᠎ᠡ ᠵᠢᠬᠠᠶᠢᠨ ᠰᠦᠪᠡᠭᠴᠢᠯᠡᠯᠲᠡ ᠬᠢᠵᠦ᠂ ᠭᠦᠶᠦᠯᠲᠡ ᠶᠢᠨ | ᠬᠡᠯᠪᠡᠷᠢ ᠪᠠᠷ ᠡᠷᠡᠯᠬᠡᠭᠯᠡᠨ ᠤᠷᠤᠭᠰᠢᠯᠠᠵᠤ᠂ ᠬᠤᠳᠠᠯᠳᠤᠭ᠎ᠠ ᠶᠢ ᠳᠣᠲᠣᠨᠣᠴᠢᠯᠠᠵᠤ ᠬᠤᠳᠠᠯᠳᠤᠭ᠎ᠠ ᠶᠢ | ᠠᠮᠤᠷᠵᠢᠭᠤᠯᠵᠤ ᠬᠤᠳᠠᠯᠳᠤᠭ᠎ᠠ ᠶᠢ ᠪᠠᠶᠠᠵᠢᠭᠤᠯᠬᠤ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠪᠥᠬᠦ ᠬᠦᠴᠦᠨ ᠢᠶᠠᠷ ᠢᠶᠠᠨ ᠪᠣᠶ ᠪᠣᠯᠭᠠᠵᠤ ᠪᠠᠶᠢᠨ᠎ᠠ᠃ |