ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠲᠠᠪᠤᠨ ᠨᠢᠭᠡ︾ ᠶᠢᠨ ᠦᠢᠯᠡᠴᠢᠯᠡᠭᠡ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ ᠵᠢᠷᠤᠮᠵᠢᠭᠤᠯᠤᠯᠲᠠ ᠶᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2023/2/28
    ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︽ᠳᠡᠭᠡᠳᠦ ᠰᠢᠨ᠎ᠡ ᠮᠡᠷᠭᠡᠵᠢᠯ ᠤᠨ ᠣᠷᠣᠨ ᠤ ᠶᠠᠪᠤᠳᠠᠯ ᠢ ᠪᠠᠶᠠᠷ ᠲᠠᠢ ᠪᠠᠷ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ ᠡᠭᠦᠳᠴᠦ᠂ ︽ᠨᠢᠭᠡ ᠲᠦᠷᠦᠯ᠂ ᠨᠢᠭᠡ ᠴᠣᠩᠬᠤ᠂ ᠨᠢᠭᠡ ᠰᠦᠯᠵᠢᠶ᠎ᠡ᠂ ᠨᠢᠭᠡᠳᠦᠭᠡᠷ ᠹᠷᠣᠨᠲ᠂  ᠨᠢᠭᠡ ᠠᠯᠠᠭ᠎ᠠ︾ ︽ᠲᠠᠪᠤᠨ ᠨᠢᠭᠡ︾ ᠶᠢᠨ ᠦᠢᠯᠡᠴᠢᠯᠡᠭᠡ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠣ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠪᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠠᠬᠢᠭᠤᠯᠪᠠ᠃     ︽ᠨᠢᠭᠡ ᠰᠠᠯᠠᠭ᠎ᠠ ᠮᠥᠴᠢᠷ ᠲᠤ ᠭᠦᠢᠴᠡᠳᠬᠡᠬᠦ︾ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠨ᠎ᠠ᠃ ᠣᠷᠣᠵᠤ ᠰᠠᠭᠤᠬᠤ ᠪᠠ ᠣᠷᠣᠯᠠᠨ ᠭᠦᠢᠴᠡᠳᠬᠡᠬᠦ ᠠᠷᠭ᠎ᠠ ᠮᠠᠶ᠋ᠢᠭ ᠢ ᠠᠪᠴᠤ᠂ ᠲᠠᠯᠠᠪᠤᠷ ᠭᠠᠵᠠᠷ ᠤᠨ ᠬᠢᠵᠠᠭᠠᠷᠯᠠᠯ᠂ ᠤᠯᠤᠰ ᠤᠨ ᠨᠢᠭᠤᠴᠠ ᠵᠢᠴᠢ ᠡᠷᠬᠡ ᠶᠢᠨ ᠬᠢᠵᠠᠭᠠᠷ ᠲᠤ ᠬᠤᠯᠪᠣᠭᠳᠠᠬᠤ ᠵᠡᠷᠭᠡ ᠪᠠᠶᠢᠳᠠᠯ ᠢ ᠭᠠᠷᠭᠠᠪᠠᠯ᠂ ᠪᠤᠰᠤᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠴᠥᠮ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠣᠳᠠᠲᠤ ᠴᠣᠭᠴᠠ ᠶᠢᠨ ᠶᠡᠭᠡ ᠲᠢᠩᠬᠢᠮ ᠳᠤ ᠣᠷᠣᠭᠤᠯᠣᠨ᠂ ᠲᠢᠩᠬᠢᠮ ᠳᠤ ᠣᠷᠣᠬᠤ ᠨᠣᠷᠮ᠎ᠠ ᠶᠢ 95%   ᠠᠴᠠ ᠳᠡᠭᠡᠭᠰᠢ ᠳᠤ ᠬᠦᠷᠦᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ︽ᠨᠢᠭᠡ ᠯᠡ ᠡᠭᠦᠳᠡ ᠪᠠᠷ ᠣᠷᠣᠵᠤ᠂ ᠠᠯᠢ ᠣᠯᠠᠨ ᠤᠴᠢᠷ ᠶᠠᠪᠤᠳᠠᠯ ᠢ ᠪᠦᠲᠦᠭᠡᠵᠦ ᠪᠣᠯᠬᠤ︾ ᠶᠢ ᠪᠡᠶᠡᠯᠡᠭᠦᠯᠪᠠ᠃ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠣᠷᠣᠭᠤᠯᠬᠤ ᠶᠣᠰᠣᠲᠠᠢ ᠶᠢ ᠨᠢ ᠵᠠᠪᠠᠯ ᠣᠷᠣᠭᠤᠯᠬᠤ︾ ᠶᠢ ᠪᠡᠶᠡᠯᠡᠭᠦᠯᠪᠠ᠃     ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠨᠢᠭᠡᠳᠦᠭᠰᠡᠨ ᠦᠢᠯᠡᠴᠢᠯᠡᠭᠡ ᠬᠠᠩᠭᠠᠨ᠎ᠠ᠃ ᠨᠡᠶᠢᠭᠡᠮ ᠤᠨ ᠳᠠᠭᠠᠳᠬᠠᠯ ᠪᠠ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠤᠷᠢᠳᠠᠪᠠᠷ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ︽ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤ︾ ᠳᠤ ᠨᠢᠭᠡᠳᠦᠯᠲᠡᠢ ᠣᠷᠣᠭᠤᠯᠵᠤ᠂ ᠨᠡᠶᠢᠭᠡᠮ ᠤᠨ ᠳᠠᠭᠠᠳᠬᠠᠯ᠂ ᠡᠮᠴᠢᠯᠡᠭᠡᠨ ᠤ ᠳᠠᠭᠠᠳᠬᠠᠯ ᠵᠢᠴᠢ ᠪᠤᠰᠤᠳ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠴᠣᠩᠬᠤᠪᠴᠢ ᠪᠠᠷ︾ ᠭᠦᠢᠴᠡᠳᠬᠡᠬᠦ ᠶᠢ ᠪᠡᠶᠡᠯᠡᠭᠦᠯᠵᠦ᠂ 97.9%   ᠠᠴᠠ ᠳᠡᠭᠡᠭᠰᠢᠬᠢ ᠵᠦᠢᠯᠡᠰ ᠢ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠶᠢ ᠪᠡᠶᠡᠯᠡᠭᠦᠯᠪᠠ᠃ ᠡᠭᠦᠨ ᠤ ᠬᠠᠮᠲᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠶᠢ ᠵᠡᠭᠡᠯᠢ ᠪᠠᠯᠭᠠᠰᠤᠨ ᠤ ᠡᠯ᠎ᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ᠬᠦᠷᠲᠡᠯ᠎ᠡ ᠥᠷᠭᠡᠳᠬᠡᠵᠦ᠂ ︽ᠵᠥᠷᠢᠶ᠎ᠡ ᠦᠭᠡᠢ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ︾ ᠶᠢ ᠪᠡᠶᠡᠯᠡᠭᠦᠯᠦᠨ᠂ ᠣᠯᠠᠨ ᠲᠦᠮᠡᠨ ᠳᠤ ᠵᠥᠷᠢᠶ᠎ᠡ ᠦᠭᠡᠢ᠂ ᠲᠥᠪᠯᠡᠷᠡᠭᠦᠯᠦᠨ ᠭᠥᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡ ᠬᠠᠩᠭᠠᠵᠤ᠂ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠲᠡᠭᠡᠭᠰᠢᠯᠡᠭᠦᠯᠵᠠᠢ   ︽ᠨᠢᠭᠡ ᠰᠦᠯᠵᠢᠶ᠎ᠡ ᠪᠠᠷ ᠪᠦᠬᠦᠨ ᠢ ᠡᠷᠭᠢᠯᠡᠬᠦ︾ ᠵᠢᠷᠤᠮᠵᠢᠭᠰᠠᠨ ᠦᠢᠯᠡᠴᠢᠯᠡᠭᠡ ᠬᠠᠩᠭᠠᠨ᠎ᠠ᠃ ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠭᠴᠠᠵᠢᠭᠤᠯᠬᠤ ᠲᠠᠪᠴᠠᠩ ᠳᠤ ᠲᠦᠰᠢᠭᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠲᠣᠣᠷ︾ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ ᠵᠢᠷᠤᠮᠵᠢᠭᠤᠯᠤᠯᠲᠠ ᠳᠥᠭᠦᠮᠴᠢᠯᠡᠯᠲᠡ ᠶᠢ ᠭᠦᠨᠵᠡᠭᠡᠢ ᠠᠬᠢᠭᠤᠯᠪᠠ᠃ ᠪᠥᠬᠦ ᠣᠷᠣᠨ ᠤ 20 ᠰᠠᠯᠠᠭ᠎ᠠ ᠮᠥᠴᠢᠷ ︵ᠨᠢᠭᠡᠴᠡ︶᠂ 3 ᠰᠢᠶᠠᠩ ᠪᠠᠯᠭᠠᠰᠤ ︵ᠵᠡᠭᠡᠯᠢ ᠭᠤᠳᠤᠮᠵᠢ︶᠂ 31 ᠨᠡᠶᠢᠭᠡᠮ ᠲᠣᠭᠤᠷᠢᠭ ᠲᠣᠰᠬᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠪᠦᠬᠦᠨ ᠢ ᠰᠦᠯᠵᠢᠶᠡᠨ ᠳᠡᠭᠡᠷ᠎ᠡ ᠨᠡᠶᠢᠲᠡᠯᠡᠵᠦ᠂ ᠠᠵᠤ ᠠᠬᠤᠶᠢᠯᠠᠯ ᠤᠨ ᠣᠯᠠᠨ ᠲᠦᠮᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ︾ ᠠᠴᠠ ᠡᠯ᠎ᠡ ᠲᠥᠷᠥᠯ ᠤᠨ ᠵᠦᠢᠯᠡᠰ ᠢ ᠪᠠᠶᠢᠴᠠᠭᠠᠨ ᠯᠠᠪᠯᠠᠬᠤ ᠪᠠ ᠭᠤᠶᠤᠴᠢᠯᠠᠨ ᠮᠡᠳᠡᠭᠦᠯᠵᠦ᠂ ᠨᠢᠭᠡᠳᠦᠯᠲᠡᠢ ᠪᠡᠶ᠎ᠡ ᠬᠡᠮ ᠤᠨ ᠭᠡᠷᠡᠴᠢᠯᠡᠯ ᠬᠢᠬᠦ᠂ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ ᠶᠢ ᠪᠡᠶᠡᠯᠡᠭᠦᠯᠦᠨ᠂ ᠲᠣᠭᠤᠷᠢᠭ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠶᠢ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠪᠠ᠃   ︽ᠨᠢᠭᠡ ᠵᠦᠢᠯ ᠤᠨ ᠣᠳᠠᠰᠣᠨ ᠯᠠᠪᠯᠠᠯᠭ᠎ᠠ︾ ᠶᠢᠨ ᠳᠥᠭᠦᠮ ᠳᠥᠲᠡ ᠦᠢᠯᠡᠴᠢᠯᠡᠭᠡ ᠬᠠᠩᠭᠠᠨ᠎ᠠ᠃ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠩᠬᠤᠨ ᠤ ᠣᠳᠠᠰᠣ 0472— 5163108  ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠲᠠᠰᠤ  ᠪᠠᠷ ᠲᠣᠭᠲᠠᠭᠠᠵᠤ᠂ ᠪᠣᠶ ᠪᠦᠬᠦᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠶᠢᠨ ᠯᠠᠪᠯᠠᠯᠭ᠎ᠠ ᠶᠢ ᠬᠠᠩᠭᠠᠬᠤ ᠶᠢᠨ ᠬᠠᠮᠲᠤ᠂ ᠨᠡᠶᠢᠲᠡ ᠶᠢᠨ ᠳ᠋ᠤᠭᠠᠷ ᠳᠡᠭᠡᠷ᠎ᠡ ᠣᠯᠠᠨ ᠳᠤ ᠨᠡᠶᠢᠲᠡᠯᠡᠵᠦ᠂ ︽ᠨᠢᠭᠡᠳᠦᠭᠡᠷ ᠨᠣᠮᠧᠷ ᠨᠢ ᠭᠠᠳᠠᠭᠰᠢ᠂ ᠲᠥᠪᠯᠡᠷᠡᠭᠦᠯᠦᠨ ᠭᠥᠯᠢᠶᠡᠨ ᠠᠪᠴᠤ ᠰᠢᠢᠳᠪᠦᠷᠢᠯᠡᠬᠦ᠂ ᠨᠢᠭᠡᠳᠦᠯᠲᠡᠢ ᠵᠣᠬᠢᠴᠠᠭᠤᠯᠬᠤ᠂ ᠬᠤᠭᠤᠴᠠᠭ᠎ᠠ ᠬᠢᠵᠠᠭᠠᠷᠯᠠᠨ ᠭᠦᠢᠴᠡᠳᠬᠡᠬᠦ᠂ ᠴᠠᠭ ᠲᠤᠬᠠᠢ ᠳᠤᠨᠢ ᠬᠠᠷᠢᠭᠤ ᠥᠭᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠰᠢᠰᠲ᠋ᠧᠮᠵᠢ ᠶᠢ ᠪᠠᠶᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠯᠠᠪᠯᠠᠭ᠎ᠠ ᠪᠠ ᠭᠤᠮᠣᠳᠠᠯ ᠱᠠᠭᠠᠷᠳᠠᠯᠭ᠎ᠠ ᠳᠤ ᠢᠳᠡᠪᠬᠢᠲᠡᠢ ᠬᠠᠷᠢᠭᠤ ᠦᠭᠭᠦᠨ᠂ ᠦᠢᠯᠡᠴᠢᠯᠡᠭᠡᠨ ᠤ ᠣᠳᠠᠰᠣᠨ ᠨᠣᠮᠧᠷ ᠢ ᠶᠡᠭᠡ ᠬᠡᠮᠵᠢᠶ᠎ᠡ ᠪᠠᠷ ᠴᠡᠭᠡᠵᠢᠯᠡᠬᠦ ᠠᠴᠠ ᠵᠠᠶᠢᠯᠠᠰᠬᠢᠵᠦ᠂ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠳᠤ ᠦᠢᠯᠡᠴᠢᠯᠡᠬᠦ ︽ᠶᠡᠷᠦᠩᠬᠡᠢ ᠦᠢᠯᠡᠴᠢᠯᠡᠭᠡᠨ ᠤ ᠦᠢᠯᠡᠴᠢᠯᠡᠭᠡ︾ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃     ︽ᠨᠢᠭᠡ ᠯᠡ ᠳᠡᠭᠡᠷ᠎ᠡ ᠭᠦᠢᠴᠡᠳᠬᠡᠬᠦ︾ ᠦᠢᠯᠡᠴᠢᠯᠡᠭᠡ ᠳᠤ ᠲᠥᠬᠦᠮ ᠦᠵᠡᠭᠦᠯᠦᠨ᠎ᠡ᠃ ᠵ᠊‍ᠠ᠊ᠰᠠᠭ ᠤᠨ ᠶᠠᠪᠤᠳᠠᠯ ᠤᠨ ᠦᠢᠯᠡᠴᠢᠯᠡᠭᠡᠨ ᠤ ︽ᠠᠯᠠᠭᠠᠨ ᠳᠡᠭᠡᠷ᠎ᠡ ᠠᠴᠠ ᠭᠦᠢᠴᠡᠳᠬᠡᠬᠦ︾ ᠶᠢ ᠶᠡᠬᠡᠪᠡᠷ ᠳᠡᠯᠭᠡᠷᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ 71% ᠳᠤ ︽ᠠᠯᠠᠭᠠᠨ ᠳᠡᠭᠡᠷ᠎ᠡ ᠠᠴᠠ ᠭᠦᠢᠴᠡᠳᠬᠡᠬᠦ︾ ᠶᠢ ᠪᠡᠶᠡᠯᠡᠭᠦᠯᠵᠦ᠂ ᠬᠡᠰᠡᠭ ᠵᠦᠢᠯᠡᠰ ᠲᠤ ︽ᠪᠥᠬᠦ ᠶᠠᠪᠤᠴᠠ ᠪᠠᠷ ᠠᠯᠠᠭᠠᠨ ᠳᠡᠭᠡᠷ᠎ᠡ ᠠᠴᠠ ᠭᠦᠢᠴᠡᠳᠬᠡᠬᠦ︾ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠵᠢᠮᠡᠯ ᠦᠵᠦᠭᠦᠷ ᠤᠨ ᠴᠢᠳᠠᠮᠵᠢ ᠵᠢᠴᠢ ᠬᠠᠮᠤᠷᠬᠤ ᠬᠡᠪᠴᠢᠶ᠎ᠡ ᠶᠢ ᠶᠡᠭᠡ ᠪᠠᠷ ᠳᠡᠭᠡᠭᠰᠢᠯᠡᠭᠦᠯᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号