ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠣᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠳᠤ ᠪᠠᠨ ᠢᠳᠡᠪᠬᠢᠯᠡᠨ ᠪᠦᠭᠦ ᠬᠦᠴᠦᠨ ᠎ ᠢᠶᠠᠷ ᠠᠮᠣᠷ ᠲᠦᠪᠰᠢᠨ ᠢ ᠪᠠᠳᠣᠯᠠᠪᠠ
ᠨᠡᠶᠢᠲᠡᠯᠡᠭᠰᠡᠨ ᠴᠠᠭ᠄
2023/2/8
   ᠴᠠᠭᠠᠨ ᠰᠠᠷ᠎ᠠ ᠶᠢᠨ ᠬᠤᠭᠤᠴᠠᠭᠠᠨ ᠳᠤ᠂ ᠥᠷᠭᠡᠨ ᠣᠯᠠᠨ ᠬᠤᠲᠠ ᠶᠢᠨ ᠠᠷᠠᠳ ᠲᠦᠮᠡᠨ ᠤ ᠨᠢᠭᠡᠨ ᠥᠯᠵᠡᠢ ᠪᠡᠯᠭᠡ ᠲᠠᠢ ᠪᠠᠶᠠᠷ ᠴᠡᠩᠭᠡᠯ ᠲᠠᠢ ᠴᠠᠭᠠᠨ ᠰᠠᠷ᠎ᠠ ᠶᠢ ᠦᠩᠭᠡᠷᠡᠭᠦᠯᠭᠦ ᠶᠢᠨ ᠲᠥᠯᠥᠭᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠨᠢ ᠬᠤᠲᠠ ᠶᠢᠨ ᠲᠣᠭᠤᠷᠢᠭ ᠬᠤᠶᠠᠷ ᠱᠠᠲᠤᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠭᠡᠷ ᠤᠨ ᠭᠠᠳᠠᠨᠠᠬᠢ ᠵᠠᠷ ᠮᠡᠳᠡᠭᠡ᠂ ᠳᠡᠯᠭᠡᠭᠦᠷ ᠤᠨ ᠫᠠᠶᠢᠰᠠ ᠢᠯᠡᠷᠬᠡᠶᠢᠯᠡᠯ ᠵᠢᠴᠢ ᠬᠠᠤᠯᠢ ᠪᠤᠰᠤ ᠪᠠᠷ ᠵᠡᠭᠡᠯᠢ ᠳᠠᠭᠠᠤ ᠳᠡᠯᠭᠡᠭᠡ ᠮᠠᠶᠢᠮᠠᠢ ᠭᠠᠷᠭᠠᠬᠤ ᠲᠠᠯ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠳᠠᠯᠳᠠ ᠬᠡᠮ ᠢ ᠪᠦᠲᠦᠮᠵᠢᠲᠡᠶ ᠰᠡᠷᠭᠡᠶᠢᠯᠡᠨ ᠠᠷᠢᠯᠭᠠᠪᠠ᠃    ᠴᠠᠭᠠᠨ ᠰᠠᠷ᠎ᠠ ᠶᠢᠨ ᠬᠤᠭᠤᠴᠠᠭᠠᠨ ᠳᠤ ᠪᠢ ᠠᠵᠢᠯ ᠤᠨ ᠪᠠᠶᠢᠷᠢᠨ ᠳᠠᠭᠠᠨ ᠪᠠᠶᠢᠭᠰᠠᠨ ᠠᠴᠠ ᠡᠭᠦᠳᠡ ᠪᠠᠨ ᠬᠠᠭᠠᠳᠠᠭ ᠦᠭᠡᠢ᠃ ᠮᠠᠨ ᠤ ᠶᠡᠭᠡ ᠠᠩᠭᠢ ᠶᠢᠨ ᠬᠢᠨ ᠣᠷᠴᠢᠨ ᠲᠣᠭᠤᠷᠢᠨ ᠤ ᠡᠮᠬᠢ ᠳᠢᠭᠯᠢᠮ ᠤᠨ ᠬᠠᠤᠯᠢ ᠬᠡᠷᠡᠭᠵᠢᠭᠦᠯᠬᠦ ᠲᠠᠯ᠎ᠠ ᠪᠠᠷ ᠪᠠᠲᠤᠯᠠᠪᠤᠷᠢ ᠶᠢᠨ ᠠᠵᠢᠯ ᠢ ᠰᠠᠶᠢᠲᠤᠷ ᠬᠢᠬᠦ ᠶᠢ ᠪᠠᠷᠢᠮᠲᠠᠯᠠᠵᠤ᠂ ᠡᠮᠦᠨ᠎ᠡ ᠹᠷᠣᠨᠲ ᠢ ᠢᠮᠠᠭᠲᠠ ᠪᠠᠲᠤ ᠰᠠᠬᠢᠵᠤ᠂ ᠠᠮᠤᠷ ᠲᠦᠪᠰᠢᠨ ᠤ ᠠᠵᠢᠯ ᠳᠤ ᠪᠠᠭ᠎ᠠ ᠶᠠᠪᠤᠳᠠᠯ ᠭᠡᠵᠦ ᠦᠭᠡᠢ ᠭᠡᠬᠦ ᠦᠵᠡᠯᠲᠡ ᠶᠢ ᠪᠠᠲᠤ ᠪᠤᠢ ᠪᠣᠯᠭᠠᠵᠤ᠂ ᠠᠮᠤᠷ ᠲᠦᠪᠰᠢᠨ ᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠬᠦᠢᠴᠡᠳᠭᠡᠨ ᠬᠤᠳᠠ ᠶᠢᠨ ᠬᠠᠮᠢᠶᠠᠷᠤᠯᠲᠠ ᠶᠢᠨ ᠠᠮᠤᠷ ᠲᠦᠪᠰᠢᠨ ᠤ ᠬᠦᠷᠢᠶᠡᠨ ᠳᠠᠬᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠤ ᠡᠮᠬᠢ ᠳᠢᠭᠯᠢᠮ ᠤᠨ ᠬᠠᠮᠢᠶᠠᠷᠤᠯᠲᠠ ᠡᠵᠡᠮᠳᠡᠯ ᠢ ᠰᠠᠶᠢᠲᠤᠷ ᠬᠢᠬᠦ ᠬᠡᠷᠡᠭᠲᠡᠢ᠃ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ ᠶᠢᠨ ᠦᠵᠡᠯ ᠰᠠᠨᠠᠭᠠᠨ ᠤ ᠠᠵᠢᠯ ᠢ ᠭᠡᠷ ᠲᠤᠨᠢ ᠬᠦᠷᠴᠦ ᠰᠠᠶᠢᠲᠤᠷ ᠬᠢᠵᠦ᠂ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠵᠠᠮ ᠡᠵᠡᠯᠡᠨ ᠪᠣᠷᠣᠯᠠᠭᠤᠯᠬᠤ᠂ ᠵᠠᠮ ᠡᠵᠡᠯᠡᠨ ᠡᠵᠡᠩᠨᠡᠯᠲᠡ ᠬᠢᠬᠦ ᠶᠢ ᠴᠢᠩᠭ᠎ᠠ ᠴᠠᠭᠠᠵᠠᠯᠠᠬᠤ ᠲᠣᠭᠲᠠᠭᠠᠯ ᠪᠠ ᠱᠠᠭᠠᠷᠳᠠᠯᠭ᠎ᠠ ᠶᠢ ᠤᠬᠠᠭᠤᠯᠵᠤ᠂ ᠭᠤᠣᠯ ᠪᠣᠯᠬᠤ ᠵᠡᠭᠡᠯᠢ ᠭᠤᠳᠤᠮᠵᠢ ᠶᠢᠨ ᠶᠠᠪᠠᠭᠠᠨ ᠬᠥᠮᠥᠨ ᠤ ᠵᠠᠮ ᠳᠡᠭᠡᠷ᠎ᠡ ᠭᠤᠯᠳᠤᠩ ᠡᠭᠦᠳᠡ ᠭᠠᠷᠭᠠᠬᠤ᠂ ᠪᠦᠲᠦᠭᠡᠭᠳᠡᠬᠦᠨ ᠢ ᠳᠡᠯᠭᠡᠨ ᠦᠵᠡᠭᠦᠯᠬᠦ᠂ ᠤᠬᠠᠭᠤᠯᠤᠨ ᠲᠣᠭᠯᠠᠬᠤ ᠵᠡᠷᠭᠡ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ ᠵᠠᠮ ᠤᠨ ᠰᠠᠭᠠᠳ ᠦᠭᠡᠢ ᠨᠡᠪᠲᠡᠷᠡᠬᠦ ᠪᠠ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠳᠣᠯᠠᠪᠠ᠃ ᠡᠭᠦᠨ ᠤ ᠬᠠᠮᠲᠤ ᠪᠥᠬᠦ ᠲᠠᠯ᠎ᠠ ᠪᠠᠷ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠦᠷᠢᠵᠢᠭᠤᠯᠪᠠ᠃ ᠠᠶᠤᠯᠭᠦᠢ ᠪᠠᠶᠢᠬᠤ ᠶᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠬᠠᠮᠢᠶᠠᠷᠬᠤ ᠶᠢ ᠪᠠᠷᠢᠮᠲᠠᠯᠠᠨ ᠪᠡᠶᠡᠯᠡᠭᠦᠯᠵᠦ᠂ ᠬᠢᠨᠠᠯᠲᠠ ᠲᠠᠯᠪᠢᠬᠤ ᠶᠢ ᠴᠢᠩᠭᠠᠳᠬᠠᠨ᠂ ᠴᠢᠩᠭ᠎ᠠ ᠪᠠᠶᠢᠴᠠᠭᠠᠵᠤ᠂ ᠲᠠᠷᠣᠢ ᠳᠤ ᠨᠢ ᠵᠠᠯᠠᠷᠠᠭᠤᠯᠣᠨ᠂ ᠠᠮᠣᠷ ᠲᠦᠪᠰᠢᠨ ᠤ ᠲᠠᠯᠳᠠ ᠭᠡᠮ ᠢ ᠠᠷᠢᠯᠭᠠᠪᠠ᠃ ᠣᠲᠣ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ  ᠎ ᠢ ᠨᠡᠶᠢᠲᠡ 200 ᠭᠠᠷᠤᠢ ᠬᠥᠮᠥᠨ ᠤᠳᠠᠭ᠎ᠠ ᠬᠥᠳᠡᠯᠭᠡᠵᠦ᠂ ᠵᠡᠭᠡᠯᠢ ᠳᠠᠭᠠᠤ 800 ᠭᠠᠷᠤᠢ ᠡᠷᠦᠬᠡ ᠶᠢ ᠳᠠᠷᠠᠭᠠᠯᠠᠨ ᠪᠠᠶᠢᠴᠠᠭᠠᠵᠤ᠂ 60 ᠭᠠᠷᠤᠢ ᠳᠡᠯᠭᠡᠭᠦᠷ ᠠᠴᠠ ᠭᠠᠷᠴᠤ ᠵᠠᠮ ᠡᠵᠡᠯᠡᠨ ᠡᠵᠡᠩᠨᠡᠭᠰᠡᠨ᠂ 30 ᠨᠡᠭᠦᠳᠡᠯ ᠳᠡᠯᠭᠡᠭᠦᠷᠴᠢᠨ  ᠎ ᠢ ᠴᠡᠪᠡᠷᠯᠡᠵᠦ᠂ ᠲᠣᠭᠲᠠᠭᠠᠯ  ᠎ ᠠᠴᠠ ᠵᠥᠷᠢᠴᠡᠭᠰᠡᠨ ᠬᠥᠨᠳᠡᠯᠡᠨ ᠪᠢᠴᠢᠭᠡᠰᠦ᠂ ᠳᠡᠯᠭᠡᠭᠦᠷ ᠤᠨ ᠵᠠᠷ ᠮᠡᠳᠡᠭᠡ  ᠎ ᠶᠢ  ᠴᠡᠪᠡᠷᠯᠡᠵᠠᠢ᠃    ᠳᠠᠷᠠᠭᠠᠴᠢ ᠶᠢᠨ ᠠᠯᠬᠤᠮ ᠳᠤ ᠮᠠᠨ ᠤ ᠶᠡᠭᠡ ᠠᠩᠭᠢ ᠶᠢᠨ ᠬᠢᠨ ᠡᠯ᠎ᠡ ᠵᠦᠢᠯ ᠤᠨ ᠠᠵᠢᠯ ᠢᠶᠠᠨ ᠪᠠᠶᠢᠩᠭᠤᠵᠢᠭᠤᠯᠤᠨ ᠰᠠᠶᠢᠲᠤᠷ ᠬᠢᠵᠦ᠂ ᠬᠤᠳᠠ ᠶᠢᠨ ᠨᠠᠷᠢᠯᠢᠭᠵᠢᠭᠤᠯᠬᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠤᠳᠠ ᠶᠢᠨ ᠠᠷᠠᠳ ᠲᠤ ᠠᠷᠢᠭᠤᠨ ᠴᠡᠪᠡᠷ᠂ ᠡᠮᠬᠢ ᠳᠢᠭᠯᠢᠮ ᠲᠠᠢ ᠰᠠᠶᠢᠨ ᠰᠠᠶᠢᠬᠠᠨ ᠭᠡᠷ ᠣᠷᠣᠨ ᠢ ᠴᠣᠭᠴᠠᠯᠠᠵᠤ ᠥᠭᠭᠦᠨ᠎ᠡ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号