ᠦ᠋ ᠵᠢᠶᠦ᠋ᠨ ᠵᠢᠶᠦ᠋ᠨ᠄ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ ᠴᠢᠨᠠᠷ ᠰᠠᠶᠢᠲᠠᠢ ᠬᠥᠭᠵᠢᠯᠲᠡ ᠶᠢ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 50 ᠬᠦᠴᠦᠷᠬᠡᠭ ᠳᠠᠰᠢ ᠤᠷᠤᠭᠰᠢᠯᠠᠨ᠎ᠠ
ᠨᠡᠶᠢᠲᠡᠯᠡᠭᠰᠡᠨ ᠴᠠᠭ᠄
2023/2/8
  ᠦ᠋ ᠵᠢᠶᠦ᠋ᠨ ᠵᠢᠶᠦ᠋ᠨ᠄ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ ᠴᠢᠨᠠᠷ ᠰᠠᠶᠢᠲᠠᠢ ᠬᠥᠭᠵᠢᠯᠲᠡ ᠶᠢ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 50 ᠬᠦᠴᠦᠷᠬᠡᠭ ᠳᠠᠰᠢ ᠤᠷᠤᠭᠰᠢᠯᠠᠨ᠎ᠠ     ︱ ︱ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ ᠦ᠋ ᠵᠢᠶᠦ᠋ᠨ ᠵᠢᠶᠦ᠋ᠨ ᠢ ᠰᠤᠷᠪᠤᠯᠵᠢᠯᠠᠭᠰᠠᠨ ᠨᠢ     ︽ᠬᠠᠷᠠᠯᠲᠠ ᠨᠢ ᠴᠢᠭᠯᠡᠯ ᠢ ᠢᠯᠡᠷᠬᠡᠶᠢᠯᠡᠵᠦ᠂ ᠡᠭᠦᠷᠭᠡ ᠬᠠᠷᠢᠭᠤᠴᠠᠯᠭ᠎ᠠ ᠨᠢ ᠬᠦᠴᠦᠨ ᠴᠢᠳᠠᠯ ᠢ ᠪᠤᠢ ᠪᠣᠯᠭᠠᠨ᠎ᠠ᠃ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ᠂ ᠪᠤᠭᠤᠲᠤ ᠶᠢᠨ ︿ᠬᠤᠶᠠᠷ ᠬᠤᠷᠠᠯ﹀᠎ ᠠᠴᠠ ︿ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 50 ᠬᠦᠴᠦᠷᠬᠡᠭ ᠲᠤ ᠣᠷᠣᠭᠤᠯᠬᠤ ᠪᠠᠷ ᠴᠢᠷᠮᠠᠶᠢᠬᠤ﹀ ᠠᠵᠢᠯ ᠤᠨ ᠱᠠᠭᠠᠷᠳᠠᠯᠭ᠎ᠠ ᠶᠢ ᠲᠣᠳᠣᠷᠬᠠᠢ ᠳᠤᠷᠠᠳᠤᠨ ᠭᠠᠷᠭᠠᠵᠤ᠂ ᠪᠢᠳᠡᠨ ᠳᠤ ᠴᠢᠭᠯᠡᠯ ᠢ ᠲᠣᠳᠣᠷᠬᠠᠢ ᠵᠢᠭᠠᠵᠤ ᠥᠭᠪᠡ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠢ ︿ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ﹀᠎ ᠳᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠢᠶᠠᠷ ᠭᠤᠣᠯ ᠣᠷᠣᠨ ᠪᠣᠯᠭᠠᠨ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠬᠥᠲᠥᠯᠥᠨ ᠳᠠᠭᠠᠭᠤᠯᠵᠤ ᠪᠦᠲᠦᠭᠡᠨ ᠪᠠᠶᠢᠭᠤᠯᠬᠤ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠶᠢ ᠲᠣᠳᠣᠷᠬᠠᠢ ᠳᠤᠷᠠᠳᠤᠨ ᠭᠠᠷᠭᠠᠵᠤ᠂ ᠪᠢᠳᠡᠨ ᠳᠤ ᠵᠢᠷᠤᠮᠯᠠᠯ ᠬᠠᠩᠭᠠᠪᠠ︾ ᠭᠡᠵᠣ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ ᠦ᠋ ᠵᠢᠶᠦ᠋ᠨ ᠵᠢᠶᠦ᠋ᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ ᠶᠠᠷᠢᠪᠠ ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠨᠢᠭᠡ ᠰᠢᠨ᠎ᠡ ᠡᠭᠦᠳᠦᠯᠲᠡ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠲᠥᠪ ᠤᠨ᠂ ᠥᠪᠡᠷᠲᠡᠭᠡᠨ ᠵᠠᠰᠠᠬᠤ ᠣᠷᠣᠨ᠂ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠥᠭᠵᠢᠯᠲᠡ ᠶᠢᠨ ᠦᠨᠳᠦᠰᠦᠨ ᠪᠠᠶᠢᠯᠳᠤᠬᠤ ᠪᠣᠳᠣᠯᠭ᠎ᠠ ᠪᠣᠯᠭᠠᠬᠤ ᠶᠢ ᠪᠠᠷᠢᠮᠳᠠᠯᠠᠨ ︽ᠬᠤᠶᠠᠷ ᠰᠢᠨ᠎ᠡ︾ ᠎ ᠶᠢᠨ ᠤᠳᠤᠷᠢᠳᠤᠮᠵᠢ ᠶᠢ ᠪᠠᠲᠤᠳᠬᠠᠵᠤ᠂ ︽ ᠰᠢᠢᠳᠪᠦᠷᠢᠯᠡᠭᠦ ᠰᠡᠳᠬᠢᠬᠦᠢ︾᠎ ᠶᠢ ᠴᠢᠩᠭᠠᠳᠬᠠᠵᠤ᠂ ᠬᠡᠬᠦᠳᠡᠭ ᠴᠡᠭᠡᠵᠢᠨ ᠳᠡᠭᠡᠨ ᠬᠠᠷᠢᠭᠤᠴᠠᠯᠭ᠎ᠠ ᠡᠭᠦᠷᠭᠡᠯᠡᠵᠦ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 50 ᠬᠦᠴᠦᠷᠬᠡᠭ ᠲᠡᠰᠢ ᠴᠢᠷᠮᠠᠶᠢᠨ ᠤᠷᠤᠭᠰᠢᠯᠠᠵᠤ᠂ ᠪᠤᠭᠤᠲᠤ ᠶᠢᠨ ᠰᠦᠷ ᠵᠢᠪᠬᠤᠭ᠎ᠠ ᠪᠠᠨ ᠲᠠᠬᠢᠨ ᠮᠠᠨᠳᠤᠭᠤᠯᠬᠤ᠂ ᠬᠡᠷᠡᠯ ᠰᠠᠴᠤᠷᠠᠩᠭᠤᠢ ᠠᠮᠵᠢᠯᠲᠠ ᠶᠢ ᠲᠠᠬᠢᠨ ᠡᠭᠦᠳᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃     ᠦ᠋ ᠵᠢᠶᠦ᠋ᠨ ᠵᠢᠶᠦ᠋ᠨ ᠬᠡᠯᠡᠬᠦ ᠳᠡᠭᠡᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠦᠬᠦ ᠤᠯᠤᠰ ᠤᠨ ᠬᠠᠷᠠᠭ᠎ᠠ ᠶᠢ ᠪᠠᠲᠤ ᠪᠠᠬᠢ ᠪᠤᠶ ᠪᠣᠯᠭᠠᠵᠤ᠂ ᠤᠬᠠᠮᠰᠠᠷ ᠠᠴᠠ ᠪᠠᠨ ᠠᠵᠢᠯ ᠢᠶᠠᠨ ᠪᠦᠬᠦ ᠤᠯᠤᠰ ᠤᠨ ᠬᠥᠭᠵᠢᠯᠲᠡ ᠶᠢᠨ ᠶᠡᠭᠡ ᠪᠠᠶᠢᠷᠢᠰᠢᠯ ᠤᠨ ᠳᠤᠮᠳᠠ ᠲᠠᠯᠪᠢᠨ ᠬᠢᠨᠠᠨ ᠰᠢᠨᠵᠢᠵᠦ ᠠᠷᠭ᠎ᠠ ᠰᠦᠪᠡᠭᠴᠢᠯᠡᠵᠦ᠂ ᠬᠠᠮᠤᠭ ᠤᠨ ᠥᠨᠳᠥᠷ ᠪᠠᠷᠢᠮᠵᠢᠶ᠎ᠠ ᠪᠠᠷ ᠪᠠᠷᠢᠮᠵᠢᠶᠠᠯᠠᠵᠤ᠂ ᠬᠠᠮᠤᠭ ᠤᠨ ᠰᠠᠶᠢᠨ ᠠᠩᠬᠠᠷᠤᠯ ᠢᠶᠠᠨ ᠲᠥᠪᠯᠡᠷᠡᠭᠦᠯᠵᠦ᠂ ᠬᠠᠮᠤᠭ ᠤᠨ ᠰᠠᠶᠢᠨ ᠵᠣᠭᠰᠣᠭᠠᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠭᠠᠯ ᠪᠠᠮᠪᠠᠷ ᠤᠨ ᠲᠥᠪ ᠤᠨ ᠰᠢᠨ᠎ᠡ ᠬᠡᠪᠯᠡᠯ ᠤᠨ ᠭᠦᠢᠴᠡᠳᠬᠡᠬᠦ ᠲᠤᠭ᠎ᠠ ᠶᠢᠨ ᠦᠨᠡᠯᠡᠯᠲᠡ ᠶᠢᠨ ᠰᠢᠰᠲ᠋ᠧᠮ ᠤᠨ 5 ᠵᠦᠢᠯ ᠤᠨ ᠨᠢᠭᠡᠳᠦᠭᠡᠷ ᠳᠡᠰ ᠤᠨ ᠭᠦᠢᠴᠡᠳᠬᠡᠬᠦ ᠲᠤᠭ᠎ᠠ᠂ 46 ᠵᠦᠢᠯ ᠤᠨ ᠬᠤᠶᠠᠳᠤᠭᠠᠷ ᠳᠡᠰ ᠤᠨ ᠭᠦᠢᠴᠡᠳᠬᠡᠬᠦ ᠲᠤᠭ᠎ᠠ ᠶᠢ ᠵᠦᠢᠯ ᠳᠠᠷᠠᠭᠠᠯᠠᠨ ᠰᠤᠳᠤᠯᠵᠤ᠂ ︽ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠬᠡᠪᠡᠷ ᠬᠥᠭᠵᠢᠭᠦᠯᠬᠦ ᠲᠤᠬᠠᠢ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠠᠨᠠᠯ︾᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠵᠤᠷᠪᠤᠰ ᠳᠠᠷᠠᠭᠠᠯᠠᠨ ᠨᠠᠷᠢᠯᠢᠭᠵᠢᠭᠤᠯᠵᠤ᠂ ᠰᠢᠨ᠎ᠡ ᠶᠢ ᠡᠭᠦᠳᠬᠦ ᠪᠠᠷ ︽ᠨᠢᠭᠡ ᠠᠯᠬᠤᠮ ᠲᠦᠷᠦᠭᠦᠯᠡᠬᠦ︾᠎ ᠪᠠᠷ ᠬᠥᠭᠵᠢᠯᠲᠡ ᠶᠢᠨ ︽ᠨᠢᠭᠡ ᠵᠠᠮ ᠢᠶᠠᠷ ᠲᠦᠷᠦᠭᠦᠯᠡᠬᠦ︾᠎ ᠳᠤ ᠬᠦᠴᠦᠨ ᠬᠤᠷᠠᠮᠳᠤᠭᠤᠯᠵᠤ᠂ ᠨᠥᠬᠦᠴᠡᠯ ᠡᠭᠦᠳᠴᠦ᠂ ᠰᠢᠨ᠎ᠡ ᠨᠢᠭᠡ ᠡᠭᠡᠯᠵᠢ ᠶᠢᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠥᠷᠢᠰᠦᠯᠳᠦᠭᠡᠨ ᠤ ᠳᠤᠮᠳᠠ ᠲᠡᠷᠢᠭᠦᠨ ᠲᠣᠬᠢᠶᠠᠯ ᠢ ᠵᠠᠪᠳᠤᠨ ᠡᠵᠡᠯᠡᠵᠦ᠂ ᠰᠠᠨᠠᠭᠠᠴᠢᠯᠠᠭᠠᠲᠤ ᠪᠠᠶᠢᠷᠢ ᠶᠢ ᠣᠯᠬᠤ ᠪᠠᠷ ᠴᠢᠷᠮᠠᠶᠢᠨ᠎ᠠ᠃     ᠰᠢᠨᠵᠢᠯᠡᠬᠦ ᠤᠬᠠᠭᠠᠨ ᠮᠡᠷᠭᠡᠵᠢᠯ  ᠎ ᠤᠨ ᠰᠢᠨ᠎ᠡ ᠶᠢ ᠡᠭᠦᠳᠬᠦ ᠭᠤᠣᠯ ᠴᠣᠭᠴᠠ  ᠎ ᠶᠢᠨ ᠪᠠᠶᠢᠷᠢ ᠰᠠᠭᠤᠷᠢ ᠶᠢ ᠴᠢᠩᠭᠠᠷᠠᠭᠤᠯᠤᠨ᠎ᠠ᠃ ︽ᠨᠢᠭᠡ ᠲᠤᠰᠬᠠᠢ ᠮᠡᠷᠭᠡᠵᠢᠯᠲᠡᠨ ᠤ ᠪᠦᠯᠬᠦᠮ ᠢ ᠣᠷᠣᠭᠤᠯᠤᠨ ᠠᠪᠴᠢᠷᠠᠬᠤ᠂ ᠨᠢᠭᠡ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ᠂ ᠨᠢᠭᠡ ᠰᠢᠨ᠎ᠡ ᠠᠵᠤ ᠦᠢᠯᠡᠰ ᠢ ᠰᠣᠩᠭᠤᠨ ᠣᠷᠣᠭᠤᠯᠬᠤ᠂ ᠨᠢᠭᠡ ᠪᠦᠯᠦᠭ ᠰᠢᠨ᠎ᠡ ᠦᠢᠯᠡᠳᠬᠦᠨ ᠢ ᠨᠡᠭᠡᠭᠡᠨ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ  ᠶᠢ ᠵᠣᠷᠢᠭᠵᠢᠭᠤᠯᠬᠤ ᠨᠢᠭᠡ ᠪᠦᠯᠦᠭ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ  ᠶᠢ ᠰᠤᠳᠤᠯᠤᠨ ᠨᠡᠶᠢᠲᠡᠯᠡᠵᠦ᠂ ᠱᠤᠸᠠᠩ ᠯᠢᠶᠠᠩ ᠪᠦᠯᠦᠭᠯᠡᠯ ᠵᠡᠷᠭᠡ ᠳᠠᠭᠠᠭᠤᠯᠤᠭᠴᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠪᠠ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠲᠦᠷᠦᠭᠦᠯᠡᠨ ᠵᠣᠬᠢᠶᠠᠨ ᠪᠠᠶᠢᠭᠤᠯᠬᠤ ᠶᠢ ᠳᠡᠮᠵᠢᠵᠦ᠂ ᠵᠢᠯ ᠤᠨ ᠳᠣᠲᠣᠷ᠎ᠠ ᠰᠤᠷᠭᠠᠭᠤᠯᠢ ᠠᠵᠤ ᠠᠬᠤᠶᠢᠯᠠᠯ ᠬᠠᠮᠳᠣ ᠪᠠᠷ ᠠᠵᠤ ᠠᠬᠤᠶᠢᠯᠠᠯ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠭᠰᠠᠨ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠢ 20  ᠎ ᠠᠴᠠ ᠳᠡᠭᠡᠭᠰᠢ ᠪᠠᠶᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭᠠᠨ ᠤ ᠲᠥᠷᠥᠯ ᠵᠦᠢᠯ ᠢ 50  ᠎ ᠠᠴᠠ ᠳᠡᠭᠡᠭᠰᠢ ᠬᠡᠷᠡᠭᠵᠢᠭᠦᠯᠵᠦ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠲᠤᠭ᠎ᠠ ᠨᠢ 8 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠵᠤ᠂ ᠲᠣᠭᠲᠠᠭᠠᠭᠰᠠᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠬᠤᠪᠢ ᠶᠢᠨ ᠵᠢᠩ ᠢ 40%᠎ ᠠᠴᠠ ᠳᠡᠭᠡᠭᠰᠢ ᠳᠤ ᠬᠦᠷᠦᠭᠦᠯᠦᠨ᠎ᠡ  ᠃ ︽ᠬᠤᠶᠠᠷ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 100  ᠎ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 500 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶᠎ ᠶᠢᠨ ᠵᠠᠷᠤᠳᠠᠯ ᠤᠨ ᠣᠷᠣᠭᠤᠯᠤᠯᠲᠠ ᠶᠢᠨ ᠬᠦᠴᠦᠯᠡᠴᠡ ᠶᠢ 3.9%  ᠎ ᠠᠴᠠ ᠳᠡᠭᠡᠭᠰᠢ ᠳᠤ ᠬᠦᠷᠦᠭᠦᠯᠦᠨ᠎ᠡ᠃     ᠲᠣᠭᠴᠢ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃ ︽ᠳᠡᠯᠡᠬᠡᠢ ᠶᠢᠨ ᠬᠤᠪᠣᠷ ᠰᠢᠷᠣᠢ ᠶᠢᠨ ᠬᠤᠲᠠ︾᠎ ᠶᠢ ᠪᠠᠶᠢᠭᠤᠯᠬᠤ ᠭᠤᠣᠯ ᠬᠦᠴᠦᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠳᠤᠮᠳᠠ ᠵᠡᠷᠭᠡ ᠠᠴᠠ ᠰᠢᠨ᠎ᠡ ᠶᠢ ᠪᠣᠶ ᠪᠣᠯᠭᠠᠬᠤ︾ ︽ᠳᠤᠮᠳᠠ ᠵᠡᠷᠭᠡ ᠠᠴᠠ ᠰᠢᠨ᠎ᠡ ᠶᠢ ᠪᠣᠶ ᠪᠣᠯᠭᠠᠬᠤ︾᠎ ᠶᠢ ᠵᠡᠷᠭᠡᠪᠡᠷ ᠠᠳᠬᠤᠬᠤ ᠶᠢ ᠪᠠᠷᠢᠮᠲᠠᠯᠠᠨ᠂ ᠰᠣᠷᠢᠨᠵᠢᠨᠲᠤ ᠮᠠᠲ᠋ᠧᠷᠢᠶᠠᠯ᠂ ᠤᠰᠤᠲᠥ᠋ᠷᠥᠭᠴᠢ ᠬᠠᠳᠠᠭᠠᠯᠠᠬᠤ ᠮᠠᠲ᠋ᠧᠷᠢᠶᠠᠯ᠂ ᠭᠢᠯᠠᠶᠢᠯᠭᠠᠬᠤ ᠮᠠᠲ᠋ᠧᠷᠢᠶᠠᠯ᠂ ᠲᠦᠷᠭᠡᠳᠬᠡᠬᠦ ᠵᠢᠴᠢ ᠲᠤᠰᠠᠯᠠᠬᠤ ᠮᠠᠲ᠋ᠧᠷᠢᠶᠠᠯ᠂ ᠬᠤᠪᠣᠷ ᠰᠢᠷᠣᠢ ᠶᠢᠨ ᠬᠠᠶᠢᠯᠤᠰᠢ᠂ ︽ᠬᠤᠪᠣᠷ ᠰᠢᠷᠣᠢ +︾ ᠬᠡᠷᠡᠭᠯᠡᠭᠡᠨ ᠤ ᠵᠦᠢᠯ ᠤᠨ ᠠᠵᠤ ᠦᠢᠯᠡᠰ ᠤᠨ ᠬᠡᠯᠬᠢᠶᠡᠰᠦ ᠶᠢ ᠶᠡᠬᠡᠪᠡᠷ ᠤᠷᠲᠤᠳᠬᠠᠵᠤ᠂ ᠬᠤᠪᠣᠷ ᠰᠢᠷᠣᠢ ᠶᠢᠨ ᠠᠵᠤ ᠦᠢᠯᠡᠰ ᠤᠨ ᠳᠡᠭᠡᠳᠦ ᠦᠵᠦᠭᠦᠷᠵᠢᠬᠦ᠂ ᠪᠣᠬᠢᠷᠳᠤᠯ ᠦᠭᠡᠢ ᠪᠣᠯᠬᠤ᠂ ᠣᠶᠤᠨᠴᠢᠯᠠᠬᠤ᠂ ᠬᠡᠪᠴᠢᠶᠡᠵᠢᠭᠦᠯᠦᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠳᠠᠪᠰᠢᠯᠲᠠ ᠪᠠᠷ ᠳᠠᠮᠵᠢᠭᠤᠯᠤᠨ ᠬᠤᠪᠣᠷ ᠰᠢᠷᠣᠢ ᠶᠢ ︽ ᠵᠢᠷ︾  ᠎ ᠤᠨ ᠪᠢᠰᠢ ᠪᠣᠯᠭᠠᠵᠤ᠂ ᠵᠢᠯ ᠤᠨ ᠳᠣᠲᠣᠷ᠎ᠠ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠢ 600 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠨ᠎ᠠ᠃     ᠬᠤᠯᠪᠣᠭᠳᠠᠯ ᠪᠦᠬᠦᠢ ᠬᠦᠷᠢᠶᠡᠨ ᠤ ︽ᠴᠢᠳᠠᠪᠤᠷᠢᠲᠠᠨ ᠤ ᠤᠷᠬᠢᠯ︾᠎ ᠢ ᠪᠤᠢ ᠪᠣᠯᠭᠠᠨ᠎ᠠ᠃ ︽ᠰᠢᠷᠣᠢ ᠳᠠᠭᠠᠭᠤᠯᠤᠨ ᠰᠢᠯᠵᠢᠭᠦᠯᠦᠨ ᠰᠠᠭᠤᠯᠭᠠᠬᠤ︾ ︽ᠨᠡᠭᠦᠳᠡᠯ ᠤᠨ ᠰᠢᠪᠠᠭᠤ ᠮᠠᠶ᠋ᠢᠭ︾᠎ ᠢᠶᠠᠷ ︽ᠨᠢᠰᠦᠭᠡ ᠭᠠᠵᠠᠷ ᠤᠨ ᠮᠠᠶ᠋ᠢᠭ︾᠎ ᠢᠶᠠᠷ ᠴᠢᠳᠠᠪᠤᠷᠢᠲᠠᠨ ᠤᠷᠢᠨ ᠲᠣᠮᠢᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ᠂ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ 100 ᠨᠡᠷᠡᠰ ᠠᠴᠠ ᠳᠡᠭᠡᠭᠰᠢ ᠬᠥᠮᠥᠵᠢᠭᠦᠯᠦᠨ ᠣᠷᠢᠨ᠎ᠠ᠃ ᠤᠯᠤᠰ ᠤᠨ ᠲᠠᠰ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠴᠦᠨ ᠬᠤᠶ ᠬᠤᠨᠳᠠᠭᠠᠲᠤ︾ ︽ᠭᠠᠳᠠᠭᠠᠳᠤ ᠳᠤ ᠪᠠᠶᠢᠭ᠎ᠠ ᠳ᠋ᠣᠺᠲ᠋ᠣᠷᠠᠨᠲ ᠤᠨ ᠪᠤᠭᠤᠲᠤ ᠶᠢᠨ ᠠᠶᠠᠯᠠᠯ︾ ᠵᠡᠷᠭᠡ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠤᠷᠤᠯᠳᠤᠭᠠᠨ ᠤ ᠴᠤᠭᠯᠠᠭᠠᠨ ᠤ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢᠨ ︽ᠲᠠᠰ ᠳᠡᠪᠰᠢᠭᠰᠡᠨ ᠬᠡᠪ︾᠎ ᠢ ᠪᠣᠶ ᠪᠣᠯᠭᠠᠨ᠎ᠠ᠃ ᠴᠢᠳᠠᠪᠤᠷᠢᠲᠠᠨ ᠤ ᠣᠷᠣᠨ ᠰᠠᠭᠤᠴᠠ᠂ ᠡᠮ ᠡᠮᠨᠡᠯᠭᠡ᠂ ᠦᠷ᠎ᠡ ᠬᠡᠦᠬᠡᠳ ᠤᠨ ᠰᠤᠷᠭᠠᠨ ᠬᠥᠮᠦᠵᠢᠯ᠂  ᠬᠠᠨᠢ ᠶᠢᠨ ᠠᠵᠢᠯ ᠣᠯᠭᠤᠯᠲᠠ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠯ᠎ᠡ ᠲᠦᠷᠦᠯ ᠤᠨ ᠴᠢᠳᠠᠪᠤᠷᠢᠲᠠᠨ ᠤ ᠬᠦᠰᠡᠯ ᠡᠷᠡᠮᠡᠯᠵᠡᠯ᠂ ᠣᠶᠢᠷ᠎ᠠ ᠶᠢᠨ ᠪᠠᠶᠠᠷ ᠪᠠᠭ᠋ᠠᠳᠤᠯ ᠲᠠᠢ ︽ᠬᠦᠴᠦᠷᠬᠡᠭ  ᠪᠠᠭ᠋ᠠᠷᠬᠠᠯᠳᠣ ᠣᠷᠣᠨ︾᠎ ᠢ ᠪᠤᠢ ᠪᠣᠯᠭᠠᠬᠤ ᠪᠠᠷ ᠴᠢᠷᠮᠠᠶᠢᠨ᠎ᠠ᠃     ᠪᠢᠳᠡ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︿ᠰᠢᠨ᠎ᠡ ᠶᠢ ᠡᠭᠦᠳᠬᠦ ᠶᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ᠂ ᠰᠢᠨ᠎ᠡ ᠶᠢ ᠡᠭᠦᠳᠬᠦ ᠶᠢ ᠰᠦᠪᠡᠭᠴᠢᠯᠡᠬᠦ ᠪᠣᠯ ᠳᠠᠷᠤᠢ ᠢᠷᠡᠭᠡᠳᠦᠢ ᠶᠢ ᠡᠷᠢᠯᠬᠢᠯᠡᠬᠦ﹀ ᠣᠶᠢᠯᠠᠭᠠᠭᠳᠠᠬᠤᠨ ᠢ ᠪᠠᠲᠤ ᠪᠤᠢ ᠪᠣᠯᠭᠠᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ︿ᠭᠤᠷᠪᠠ ᠶᠢ ᠲᠡᠮᠡᠴᠡᠨ ᠣᠯᠬᠤ﹀ ᠠᠵᠢᠯ ᠢ ᠢᠳᠡᠪᠬᠢᠲᠡᠢ ᠰᠠᠶᠢᠲᠤᠷ ᠬᠢᠵᠦ᠂ ᠡᠷᠴᠢ ᠵᠣᠷᠢᠭ ᠢᠶᠠᠨ ᠬᠥᠪᠴᠢᠯᠡᠵᠦ᠂ ᠯᠠᠪᠳᠠᠭᠤᠨ ᠪᠠᠲᠤᠲᠠᠢ ᠠᠵᠢᠯᠯᠠᠨ ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ︿ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠷᠢᠭᠤᠯᠲᠠ ᠶᠢᠨ ᠬᠠᠭᠤᠳᠠᠰᠤ﹀᠎ ᠶᠢ ᠴᠢᠷᠮᠠᠶᠢᠨ ᠪᠢᠴᠢᠭᠯᠡᠵᠦ᠂ ᠨᠢᠭᠡ ᠣᠷᠣᠨ ᠪᠦᠰᠡ ᠶᠢᠨ ᠭᠡᠷᠡᠯ ᠭᠢᠯᠪᠠᠭ᠎ᠠ ᠪᠠᠷ ᠪᠦᠬᠦ ᠬᠤᠳᠠ ᠳᠤ ᠬᠡᠷᠡᠯ ᠭᠢᠯᠪᠠᠭ᠎ᠠ ᠪᠠᠨ ᠨᠡᠮᠡᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ︿ᠪᠤᠭᠤᠲᠤ ᠪᠠᠨ ᠬᠠᠶᠢᠷᠠᠯᠠᠵᠤ ᠵᠢᠳᠭᠦᠯ ᠬᠠᠨᠳᠢᠪᠯᠠᠬᠤ﹀᠎ ᠶᠢ ᠦᠢᠯᠡᠳᠦᠯᠭᠡᠵᠢᠭᠦᠯᠦᠨ᠎ᠡ︾ ᠭᠡᠪᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号