ᠦ᠋ ᠵᠢᠶᠦ᠋ᠨ ᠵᠢᠶᠦ᠋ᠨ᠄ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ ᠴᠢᠨᠠᠷ | ᠰᠠᠶᠢᠲᠠᠢ ᠬᠥᠭᠵᠢᠯᠲᠡ ᠶᠢ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 50 ᠬᠦᠴᠦᠷᠬᠡᠭ ᠳᠠᠰᠢ | ᠤᠷᠤᠭᠰᠢᠯᠠᠨ᠎ᠠ | ︱ ︱ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ | ᠱᠦᠵᠢ ᠦ᠋ ᠵᠢᠶᠦ᠋ᠨ ᠵᠢᠶᠦ᠋ᠨ ᠢ ᠰᠤᠷᠪᠤᠯᠵᠢᠯᠠᠭᠰᠠᠨ ᠨᠢ | | ︽ᠬᠠᠷᠠᠯᠲᠠ ᠨᠢ ᠴᠢᠭᠯᠡᠯ ᠢ ᠢᠯᠡᠷᠬᠡᠶᠢᠯᠡᠵᠦ᠂ ᠡᠭᠦᠷᠭᠡ ᠬᠠᠷᠢᠭᠤᠴᠠᠯᠭ᠎ᠠ ᠨᠢ ᠬᠦᠴᠦᠨ ᠴᠢᠳᠠᠯ ᠢ ᠪᠤᠢ ᠪᠣᠯᠭᠠᠨ᠎ᠠ᠃ | ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ᠂ | ᠪᠤᠭᠤᠲᠤ ᠶᠢᠨ ︿ᠬᠤᠶᠠᠷ ᠬᠤᠷᠠᠯ﹀ ᠠᠴᠠ ︿ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠤᠯᠤᠰ ᠤᠨ | ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 50 ᠬᠦᠴᠦᠷᠬᠡᠭ ᠲᠤ ᠣᠷᠣᠭᠤᠯᠬᠤ ᠪᠠᠷ ᠴᠢᠷᠮᠠᠶᠢᠬᠤ﹀ ᠠᠵᠢᠯ ᠤᠨ | ᠱᠠᠭᠠᠷᠳᠠᠯᠭ᠎ᠠ ᠶᠢ ᠲᠣᠳᠣᠷᠬᠠᠢ ᠳᠤᠷᠠᠳᠤᠨ ᠭᠠᠷᠭᠠᠵᠤ᠂ ᠪᠢᠳᠡᠨ ᠳᠤ ᠴᠢᠭᠯᠡᠯ ᠢ ᠲᠣᠳᠣᠷᠬᠠᠢ ᠵᠢᠭᠠᠵᠤ ᠥᠭᠪᠡ᠃ ᠬᠤᠲᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠢ ︿ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ﹀ ᠳᠤ ᠬᠤᠪᠣᠷ ᠰᠢᠷᠣᠢ ᠶᠢᠨ | ᠳᠡᠭᠡᠳᠦ ᠰᠢᠨ᠎ᠡ ᠮᠡᠷᠭᠡᠵᠢᠯ ᠤᠨ ᠤᠷᠤᠨ ᠢᠶᠠᠷ ᠭᠤᠣᠯ ᠣᠷᠣᠨ ᠪᠣᠯᠭᠠᠨ ᠬᠥᠬᠡᠬᠤᠲᠠ ᠪᠤᠭᠤᠲᠤ ᠣᠷᠳᠣᠰ ᠤᠨ ᠤᠯᠤᠰ ᠤᠨ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠬᠥᠲᠥᠯᠥᠨ ᠳᠠᠭᠠᠭᠤᠯᠵᠤ ᠪᠦᠲᠦᠭᠡᠨ | ᠪᠠᠶᠢᠭᠤᠯᠬᠤ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠶᠢ ᠲᠣᠳᠣᠷᠬᠠᠢ | ᠳᠤᠷᠠᠳᠤᠨ ᠭᠠᠷᠭᠠᠵᠤ᠂ ᠪᠢᠳᠡᠨ ᠳᠤ ᠵᠢᠷᠤᠮᠯᠠᠯ ᠬᠠᠩᠭᠠᠪᠠ︾ ᠭᠡᠵᠣ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ ᠦ᠋ ᠵᠢᠶᠦ᠋ᠨ ᠵᠢᠶᠦ᠋ᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ ᠶᠠᠷᠢᠪᠠ | ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠨᠢᠭᠡ ᠰᠢᠨ᠎ᠡ ᠡᠭᠦᠳᠦᠯᠲᠡ᠂ ᠭᠤᠷᠪᠠ ᠶᠢ ᠪᠡᠶᠡᠯᠡᠭᠦᠯᠬᠦ︾ ᠴᠢᠬᠤᠯᠠ | ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠲᠥᠪ ᠤᠨ᠂ ᠥᠪᠡᠷᠲᠡᠭᠡᠨ ᠵᠠᠰᠠᠬᠤ ᠣᠷᠣᠨ᠂ ᠪᠦᠬᠦ | ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠬᠥᠭᠵᠢᠯᠲᠡ ᠶᠢᠨ ᠦᠨᠳᠦᠰᠦᠨ ᠪᠠᠶᠢᠯᠳᠤᠬᠤ ᠪᠣᠳᠣᠯᠭ᠎ᠠ ᠪᠣᠯᠭᠠᠬᠤ ᠶᠢ ᠪᠠᠷᠢᠮᠳᠠᠯᠠᠨ ︽ᠬᠤᠶᠠᠷ ᠰᠢᠨ᠎ᠡ︾ ᠶᠢᠨ | ᠤᠳᠤᠷᠢᠳᠤᠮᠵᠢ ᠶᠢ ᠪᠠᠲᠤᠳᠬᠠᠵᠤ᠂ ︽ ᠰᠢᠢᠳᠪᠦᠷᠢᠯᠡᠭᠦ ᠰᠡᠳᠬᠢᠬᠦᠢ︾ ᠶᠢ ᠴᠢᠩᠭᠠᠳᠬᠠᠵᠤ᠂ ᠬᠡᠬᠦᠳᠡᠭ ᠴᠡᠭᠡᠵᠢᠨ ᠳᠡᠭᠡᠨ | ᠬᠠᠷᠢᠭᠤᠴᠠᠯᠭ᠎ᠠ ᠡᠭᠦᠷᠭᠡᠯᠡᠵᠦ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠤᠯᠤᠰ ᠤᠨ ᠲᠡᠰ ᠤᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ 50 ᠬᠦᠴᠦᠷᠬᠡᠭ ᠲᠡᠰᠢ ᠴᠢᠷᠮᠠᠶᠢᠨ ᠤᠷᠤᠭᠰᠢᠯᠠᠵᠤ᠂ ᠪᠤᠭᠤᠲᠤ ᠶᠢᠨ ᠰᠦᠷ ᠵᠢᠪᠬᠤᠭ᠎ᠠ ᠪᠠᠨ | ᠲᠠᠬᠢᠨ ᠮᠠᠨᠳᠤᠭᠤᠯᠬᠤ᠂ ᠬᠡᠷᠡᠯ ᠰᠠᠴᠤᠷᠠᠩᠭᠤᠢ ᠠᠮᠵᠢᠯᠲᠠ ᠶᠢ ᠲᠠᠬᠢᠨ ᠡᠭᠦᠳᠬᠦ ᠳᠤ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠦᠨ᠎ᠡ᠃ | ᠦ᠋ ᠵᠢᠶᠦ᠋ᠨ ᠵᠢᠶᠦ᠋ᠨ ᠬᠡᠯᠡᠬᠦ ᠳᠡᠭᠡᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠦᠬᠦ ᠤᠯᠤᠰ ᠤᠨ | ᠬᠠᠷᠠᠭ᠎ᠠ ᠶᠢ ᠪᠠᠲᠤ ᠪᠠᠬᠢ ᠪᠤᠶ ᠪᠣᠯᠭᠠᠵᠤ᠂ ᠤᠬᠠᠮᠰᠠᠷ ᠠᠴᠠ ᠪᠠᠨ ᠠᠵᠢᠯ ᠢᠶᠠᠨ ᠪᠦᠬᠦ ᠤᠯᠤᠰ ᠤᠨ ᠬᠥᠭᠵᠢᠯᠲᠡ ᠶᠢᠨ ᠶᠡᠭᠡ | ᠪᠠᠶᠢᠷᠢᠰᠢᠯ ᠤᠨ ᠳᠤᠮᠳᠠ ᠲᠠᠯᠪᠢᠨ ᠬᠢᠨᠠᠨ ᠰᠢᠨᠵᠢᠵᠦ ᠠᠷᠭ᠎ᠠ ᠰᠦᠪᠡᠭᠴᠢᠯᠡᠵᠦ᠂ ᠬᠠᠮᠤᠭ ᠤᠨ ᠥᠨᠳᠥᠷ ᠪᠠᠷᠢᠮᠵᠢᠶ᠎ᠠ ᠪᠠᠷ | ᠪᠠᠷᠢᠮᠵᠢᠶᠠᠯᠠᠵᠤ᠂ ᠬᠠᠮᠤᠭ ᠤᠨ ᠰᠠᠶᠢᠨ ᠠᠩᠬᠠᠷᠤᠯ ᠢᠶᠠᠨ ᠲᠥᠪᠯᠡᠷᠡᠭᠦᠯᠵᠦ᠂ ᠬᠠᠮᠤᠭ ᠤᠨ ᠰᠠᠶᠢᠨ ᠵᠣᠭᠰᠣᠭᠠᠨ ᠰᠢᠨᠵᠢᠯᠡᠬᠦ | ᠤᠬᠠᠭᠠᠨ ᠮᠡᠷᠭᠡᠵᠢᠯ ᠤᠨ ᠶᠠᠮᠤᠨ ᠤ ᠭᠠᠯ ᠪᠠᠮᠪᠠᠷ ᠤᠨ ᠲᠥᠪ ᠤᠨ ᠰᠢᠨ᠎ᠡ ᠬᠡᠪᠯᠡᠯ ᠤᠨ ᠭᠦᠢᠴᠡᠳᠬᠡᠬᠦ ᠲᠤᠭ᠎ᠠ ᠶᠢᠨ | ᠦᠨᠡᠯᠡᠯᠲᠡ ᠶᠢᠨ ᠰᠢᠰᠲ᠋ᠧᠮ ᠤᠨ 5 ᠵᠦᠢᠯ ᠤᠨ ᠨᠢᠭᠡᠳᠦᠭᠡᠷ ᠳᠡᠰ ᠤᠨ ᠭᠦᠢᠴᠡᠳᠬᠡᠬᠦ ᠲᠤᠭ᠎ᠠ᠂ 46 ᠵᠦᠢᠯ ᠤᠨ | ᠬᠤᠶᠠᠳᠤᠭᠠᠷ ᠳᠡᠰ ᠤᠨ ᠭᠦᠢᠴᠡᠳᠬᠡᠬᠦ ᠲᠤᠭ᠎ᠠ ᠶᠢ ᠵᠦᠢᠯ ᠳᠠᠷᠠᠭᠠᠯᠠᠨ ᠰᠤᠳᠤᠯᠵᠤ᠂ ︽ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠬᠡᠪᠡᠷ ᠬᠥᠭᠵᠢᠭᠦᠯᠬᠦ ᠲᠤᠬᠠᠢ ᠪᠤᠭᠤᠲᠤ ᠬᠤᠲᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠵᠤᠷᠪᠤᠰ | ᠳᠠᠷᠠᠭᠠᠯᠠᠨ ᠨᠠᠷᠢᠯᠢᠭᠵᠢᠭᠤᠯᠵᠤ᠂ ᠰᠢᠨ᠎ᠡ ᠶᠢ ᠡᠭᠦᠳᠬᠦ ᠪᠠᠷ ︽ᠨᠢᠭᠡ ᠠᠯᠬᠤᠮ ᠲᠦᠷᠦᠭᠦᠯᠡᠬᠦ︾ ᠪᠠᠷ ᠬᠥᠭᠵᠢᠯᠲᠡ ᠶᠢᠨ ︽ | ᠨᠢᠭᠡ ᠵᠠᠮ ᠢᠶᠠᠷ ᠲᠦᠷᠦᠭᠦᠯᠡᠬᠦ︾ ᠳᠤ ᠬᠦᠴᠦᠨ ᠬᠤᠷᠠᠮᠳᠤᠭᠤᠯᠵᠤ᠂ ᠨᠥᠬᠦᠴᠡᠯ ᠡᠭᠦᠳᠴᠦ᠂ ᠰᠢᠨ᠎ᠡ ᠨᠢᠭᠡ ᠡᠭᠡᠯᠵᠢ ᠶᠢᠨ | ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠥᠷᠢᠰᠦᠯᠳᠦᠭᠡᠨ ᠤ ᠳᠤᠮᠳᠠ ᠲᠡᠷᠢᠭᠦᠨ ᠲᠣᠬᠢᠶᠠᠯ ᠢ | ᠵᠠᠪᠳᠤᠨ ᠡᠵᠡᠯᠡᠵᠦ᠂ ᠰᠠᠨᠠᠭᠠᠴᠢᠯᠠᠭᠠᠲᠤ ᠪᠠᠶᠢᠷᠢ ᠶᠢ ᠣᠯᠬᠤ ᠪᠠᠷ ᠴᠢᠷᠮᠠᠶᠢᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ | ᠴᠢᠩᠭᠠᠷᠠᠭᠤᠯᠤᠨ᠎ᠠ᠃ ︽ᠨᠢᠭᠡ ᠲᠤᠰᠬᠠᠢ ᠮᠡᠷᠭᠡᠵᠢᠯᠲᠡᠨ ᠤ ᠪᠦᠯᠬᠦᠮ ᠢ ᠣᠷᠣᠭᠤᠯᠤᠨ ᠠᠪᠴᠢᠷᠠᠬᠤ᠂ ᠨᠢᠭᠡ ᠰᠤᠳᠤᠯᠤᠨ | ᠨᠡᠭᠡᠭᠡᠬᠦ ᠪᠠᠶᠢᠭᠤᠯᠤᠮᠵᠢ ᠪᠠᠶᠢᠭᠤᠯᠬᠤ᠂ ᠨᠢᠭᠡ ᠰᠢᠨ᠎ᠡ ᠠᠵᠤ ᠦᠢᠯᠡᠰ ᠢ ᠰᠣᠩᠭᠤᠨ ᠣᠷᠣᠭᠤᠯᠬᠤ᠂ ᠨᠢᠭᠡ ᠪᠦᠯᠦᠭ ᠰᠢᠨ᠎ᠡ | ᠦᠢᠯᠡᠳᠬᠦᠨ ᠢ ᠨᠡᠭᠡᠭᠡᠨ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠨᠢᠭᠡ ᠪᠦᠯᠦᠭ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ | ᠨᠡᠶᠢᠲᠡᠯᠡᠵᠦ᠂ ᠱᠤᠸᠠᠩ ᠯᠢᠶᠠᠩ ᠪᠦᠯᠦᠭᠯᠡᠯ ᠵᠡᠷᠭᠡ ᠳᠠᠭᠠᠭᠤᠯᠤᠭᠴᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠯᠪᠣᠭᠠᠲᠤ | ᠴᠣᠭᠴᠠ ᠪᠠ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠲᠦᠷᠦᠭᠦᠯᠡᠨ ᠵᠣᠬᠢᠶᠠᠨ ᠪᠠᠶᠢᠭᠤᠯᠬᠤ ᠶᠢ | ᠳᠡᠮᠵᠢᠵᠦ᠂ ᠵᠢᠯ ᠤᠨ ᠳᠣᠲᠣᠷ᠎ᠠ ᠰᠤᠷᠭᠠᠭᠤᠯᠢ ᠠᠵᠤ ᠠᠬᠤᠶᠢᠯᠠᠯ ᠬᠠᠮᠳᠣ ᠪᠠᠷ ᠠᠵᠤ ᠠᠬᠤᠶᠢᠯᠠᠯ ᠰᠤᠷᠭᠠᠭᠤᠯᠢ ᠰᠢᠨᠵᠢᠯᠡᠬᠦ | ᠤᠬᠠᠭᠠᠨ ᠤ ᠰᠤᠳᠤᠯᠭᠠᠨ ᠤ ᠬᠠᠮᠲᠤᠷᠠᠭᠰᠠᠨ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠤᠳᠤᠯᠤᠨ | ᠨᠡᠭᠡᠭᠡᠬᠦ ᠲᠥᠪ ᠢ 20 ᠠᠴᠠ ᠳᠡᠭᠡᠭᠰᠢ ᠪᠠᠶᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ | ᠤᠬᠠᠭᠠᠨ ᠤ ᠰᠤᠳᠤᠯᠭᠠᠨ ᠤ ᠬᠠᠮᠲᠤᠷᠠᠯᠴᠠᠭᠠᠨ ᠤ ᠲᠥᠷᠥᠯ ᠵᠦᠢᠯ ᠢ 50 ᠠᠴᠠ ᠳᠡᠭᠡᠭᠰᠢ ᠬᠡᠷᠡᠭᠵᠢᠭᠦᠯᠵᠦ᠂ ᠮᠡᠷᠭᠡᠵᠢᠯ ᠤᠨ | ᠭᠡᠷ᠎ᠡ ᠶᠢᠨ ᠠᠷᠠᠯᠵᠢᠶ᠎ᠠ ᠪᠦᠲᠦᠭᠰᠡᠨ ᠲᠤᠭ᠎ᠠ ᠨᠢ 8 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠵᠤ᠂ ᠲᠣᠭᠲᠠᠭᠠᠭᠰᠠᠨ | ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠬᠤᠪᠢ ᠶᠢᠨ ᠵᠢᠩ ᠢ 40% ᠠᠴᠠ ᠳᠡᠭᠡᠭᠰᠢ ᠳᠤ | ᠬᠦᠷᠦᠭᠦᠯᠦᠨ᠎ᠡ ᠃ ︽ᠬᠤᠶᠠᠷ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠢ 100 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠂ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 500 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ ᠰᠤᠳᠤᠯᠭᠠᠨ ᠪᠠ | ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠣᠷᠣᠭᠤᠯᠤᠯᠲᠠ ᠶᠢᠨ ᠬᠦᠴᠦᠯᠡᠴᠡ ᠶᠢ 3.9% ᠠᠴᠠ | ᠳᠡᠭᠡᠭᠰᠢ ᠳᠤ ᠬᠦᠷᠦᠭᠦᠯᠦᠨ᠎ᠡ᠃ | ᠲᠣᠭᠴᠢ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃ ︽ᠳᠡᠯᠡᠬᠡᠢ ᠶᠢᠨ ᠬᠤᠪᠣᠷ ᠰᠢᠷᠣᠢ ᠶᠢᠨ ᠬᠤᠲᠠ︾ ᠶᠢ | ᠪᠠᠶᠢᠭᠤᠯᠬᠤ ᠭᠤᠣᠯ ᠬᠦᠴᠦᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠳᠤᠮᠳᠠ ᠵᠡᠷᠭᠡ ᠠᠴᠠ ᠰᠢᠨ᠎ᠡ ᠶᠢ ᠪᠣᠶ | ᠪᠣᠯᠭᠠᠬᠤ︾ ︽ᠳᠤᠮᠳᠠ ᠵᠡᠷᠭᠡ ᠠᠴᠠ ᠰᠢᠨ᠎ᠡ ᠶᠢ ᠪᠣᠶ ᠪᠣᠯᠭᠠᠬᠤ︾ ᠶᠢ ᠵᠡᠷᠭᠡᠪᠡᠷ ᠠᠳᠬᠤᠬᠤ ᠶᠢ ᠪᠠᠷᠢᠮᠲᠠᠯᠠᠨ᠂ ᠰᠣᠷᠢᠨᠵᠢᠨᠲᠤ | ᠮᠠᠲ᠋ᠧᠷᠢᠶᠠᠯ᠂ ᠤᠰᠤᠲᠥ᠋ᠷᠥᠭᠴᠢ ᠬᠠᠳᠠᠭᠠᠯᠠᠬᠤ ᠮᠠᠲ᠋ᠧᠷᠢᠶᠠᠯ᠂ ᠭᠢᠯᠠᠶᠢᠯᠭᠠᠬᠤ ᠮᠠᠲ᠋ᠧᠷᠢᠶᠠᠯ᠂ ᠲᠦᠷᠭᠡᠳᠬᠡᠬᠦ ᠵᠢᠴᠢ ᠲᠤᠰᠠᠯᠠᠬᠤ | ᠮᠠᠲ᠋ᠧᠷᠢᠶᠠᠯ᠂ ᠬᠤᠪᠣᠷ ᠰᠢᠷᠣᠢ ᠶᠢᠨ ᠬᠠᠶᠢᠯᠤᠰᠢ᠂ ︽ᠬᠤᠪᠣᠷ ᠰᠢᠷᠣᠢ +︾ ᠬᠡᠷᠡᠭᠯᠡᠭᠡᠨ ᠤ ᠵᠦᠢᠯ ᠤᠨ ᠠᠵᠤ ᠦᠢᠯᠡᠰ ᠤᠨ | ᠬᠡᠯᠬᠢᠶᠡᠰᠦ ᠶᠢ ᠶᠡᠬᠡᠪᠡᠷ ᠤᠷᠲᠤᠳᠬᠠᠵᠤ᠂ ᠬᠤᠪᠣᠷ ᠰᠢᠷᠣᠢ ᠶᠢᠨ ᠠᠵᠤ ᠦᠢᠯᠡᠰ ᠤᠨ ᠳᠡᠭᠡᠳᠦ ᠦᠵᠦᠭᠦᠷᠵᠢᠬᠦ᠂ ᠪᠣᠬᠢᠷᠳᠤᠯ | ᠦᠭᠡᠢ ᠪᠣᠯᠬᠤ᠂ ᠣᠶᠤᠨᠴᠢᠯᠠᠬᠤ᠂ ᠬᠡᠪᠴᠢᠶᠡᠵᠢᠭᠦᠯᠦᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠳᠠᠪᠰᠢᠯᠲᠠ ᠪᠠᠷ ᠳᠠᠮᠵᠢᠭᠤᠯᠤᠨ ᠬᠤᠪᠣᠷ ᠰᠢᠷᠣᠢ ᠶᠢ ︽ | ᠵᠢᠷ︾ ᠤᠨ ᠪᠢᠰᠢ ᠪᠣᠯᠭᠠᠵᠤ᠂ ᠵᠢᠯ ᠤᠨ ᠳᠣᠲᠣᠷ᠎ᠠ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠢ | 600 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠨ᠎ᠠ᠃ | ᠬᠤᠯᠪᠣᠭᠳᠠᠯ ᠪᠦᠬᠦᠢ ᠬᠦᠷᠢᠶᠡᠨ ᠤ ︽ᠴᠢᠳᠠᠪᠤᠷᠢᠲᠠᠨ ᠤ ᠤᠷᠬᠢᠯ︾ ᠢ ᠪᠤᠢ ᠪᠣᠯᠭᠠᠨ᠎ᠠ᠃ ︽ᠰᠢᠷᠣᠢ ᠳᠠᠭᠠᠭᠤᠯᠤᠨ | ᠰᠢᠯᠵᠢᠭᠦᠯᠦᠨ ᠰᠠᠭᠤᠯᠭᠠᠬᠤ︾ ︽ᠨᠡᠭᠦᠳᠡᠯ ᠤᠨ ᠰᠢᠪᠠᠭᠤ ᠮᠠᠶ᠋ᠢᠭ︾ ᠢᠶᠠᠷ ︽ᠨᠢᠰᠦᠭᠡ ᠭᠠᠵᠠᠷ ᠤᠨ ᠮᠠᠶ᠋ᠢᠭ︾ ᠢᠶᠠᠷ | ᠴᠢᠳᠠᠪᠤᠷᠢᠲᠠᠨ ᠤᠷᠢᠨ ᠲᠣᠮᠢᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠴᠢᠳᠠᠪᠤᠷᠢᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ᠂ ᠵᠠᠯᠠᠭᠤ ᠰᠢᠨᠵᠢᠯᠡᠬᠦ | ᠤᠬᠠᠭᠠᠨ ᠮᠡᠷᠭᠡᠵᠢᠯ ᠤᠨ ᠴᠢᠳᠠᠪᠤᠷᠢᠲᠠᠨ ᠢ 100 ᠨᠡᠷᠡᠰ ᠠᠴᠠ ᠳᠡᠭᠡᠭᠰᠢ ᠬᠥᠮᠥᠵᠢᠭᠦᠯᠦᠨ ᠣᠷᠢᠨ᠎ᠠ᠃ ᠤᠯᠤᠰ ᠤᠨ | ᠲᠠᠰ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠴᠦᠨ ᠬᠤᠶ ᠬᠤᠨᠳᠠᠭᠠᠲᠤ︾ ︽ᠭᠠᠳᠠᠭᠠᠳᠤ ᠳᠤ ᠪᠠᠶᠢᠭ᠎ᠠ ᠳ᠋ᠣᠺᠲ᠋ᠣᠷᠠᠨᠲ ᠤᠨ | ᠪᠤᠭᠤᠲᠤ ᠶᠢᠨ ᠠᠶᠠᠯᠠᠯ︾ ᠵᠡᠷᠭᠡ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠤᠷᠤᠯᠳᠤᠭᠠᠨ ᠤ ᠴᠤᠭᠯᠠᠭᠠᠨ ᠤ | ᠠᠵᠢᠯᠯᠠᠭ᠎ᠠ ᠶᠢ ᠰᠠᠶᠢᠲᠤᠷ ᠡᠷᠭᠢᠯᠡᠵᠦ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢᠨ ︽ᠲᠠᠰ ᠳᠡᠪᠰᠢᠭᠰᠡᠨ ᠬᠡᠪ︾ | ᠢ ᠪᠣᠶ ᠪᠣᠯᠭᠠᠨ᠎ᠠ᠃ ᠴᠢᠳᠠᠪᠤᠷᠢᠲᠠᠨ ᠤ ᠣᠷᠣᠨ ᠰᠠᠭᠤᠴᠠ᠂ ᠡᠮ ᠡᠮᠨᠡᠯᠭᠡ᠂ ᠦᠷ᠎ᠡ ᠬᠡᠦᠬᠡᠳ ᠤᠨ ᠰᠤᠷᠭᠠᠨ ᠬᠥᠮᠦᠵᠢᠯ᠂ | ᠬᠠᠨᠢ ᠶᠢᠨ ᠠᠵᠢᠯ ᠣᠯᠭᠤᠯᠲᠠ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠯ᠎ᠡ ᠲᠦᠷᠦᠯ ᠤᠨ ᠴᠢᠳᠠᠪᠤᠷᠢᠲᠠᠨ ᠤ | ᠬᠦᠰᠡᠯ ᠡᠷᠡᠮᠡᠯᠵᠡᠯ᠂ ᠣᠶᠢᠷ᠎ᠠ ᠶᠢᠨ ᠪᠠᠶᠠᠷ ᠪᠠᠭ᠋ᠠᠳᠤᠯ ᠲᠠᠢ ︽ᠬᠦᠴᠦᠷᠬᠡᠭ ᠪᠠᠭ᠋ᠠᠷᠬᠠᠯᠳᠣ ᠣᠷᠣᠨ︾ ᠢ ᠪᠤᠢ ᠪᠣᠯᠭᠠᠬᠤ ᠪᠠᠷ | ᠴᠢᠷᠮᠠᠶᠢᠨ᠎ᠠ᠃ | ᠪᠢᠳᠡ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ︿ᠰᠢᠨ᠎ᠡ ᠶᠢ ᠡᠭᠦᠳᠬᠦ ᠶᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ᠂ ᠰᠢᠨ᠎ᠡ ᠶᠢ ᠡᠭᠦᠳᠬᠦ ᠶᠢ | ᠰᠦᠪᠡᠭᠴᠢᠯᠡᠬᠦ ᠪᠣᠯ ᠳᠠᠷᠤᠢ ᠢᠷᠡᠭᠡᠳᠦᠢ ᠶᠢ ᠡᠷᠢᠯᠬᠢᠯᠡᠬᠦ﹀ ᠣᠶᠢᠯᠠᠭᠠᠭᠳᠠᠬᠤᠨ ᠢ ᠪᠠᠲᠤ ᠪᠤᠢ ᠪᠣᠯᠭᠠᠨ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ︿ | ᠭᠤᠷᠪᠠ ᠶᠢ ᠲᠡᠮᠡᠴᠡᠨ ᠣᠯᠬᠤ﹀ ᠠᠵᠢᠯ ᠢ ᠢᠳᠡᠪᠬᠢᠲᠡᠢ ᠰᠠᠶᠢᠲᠤᠷ ᠬᠢᠵᠦ᠂ ᠡᠷᠴᠢ ᠵᠣᠷᠢᠭ ᠢᠶᠠᠨ ᠬᠥᠪᠴᠢᠯᠡᠵᠦ᠂ ᠯᠠᠪᠳᠠᠭᠤᠨ | ᠪᠠᠲᠤᠲᠠᠢ ᠠᠵᠢᠯᠯᠠᠨ ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ︿ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠬᠠᠷᠢᠭᠤᠯᠲᠠ ᠶᠢᠨ ᠬᠠᠭᠤᠳᠠᠰᠤ﹀ ᠶᠢ ᠴᠢᠷᠮᠠᠶᠢᠨ ᠪᠢᠴᠢᠭᠯᠡᠵᠦ᠂ ᠨᠢᠭᠡ ᠣᠷᠣᠨ ᠪᠦᠰᠡ ᠶᠢᠨ ᠭᠡᠷᠡᠯ ᠭᠢᠯᠪᠠᠭ᠎ᠠ ᠪᠠᠷ ᠪᠦᠬᠦ | ᠬᠤᠳᠠ ᠳᠤ ᠬᠡᠷᠡᠯ ᠭᠢᠯᠪᠠᠭ᠎ᠠ ᠪᠠᠨ ᠨᠡᠮᠡᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ︿ᠪᠤᠭᠤᠲᠤ ᠪᠠᠨ ᠬᠠᠶᠢᠷᠠᠯᠠᠵᠤ ᠵᠢᠳᠭᠦᠯ | ᠬᠠᠨᠳᠢᠪᠯᠠᠬᠤ﹀ ᠶᠢ ᠦᠢᠯᠡᠳᠦᠯᠭᠡᠵᠢᠭᠦᠯᠦᠨ᠎ᠡ︾ ᠭᠡᠪᠠ᠃ | |